ᠮᠠᠨ ᠤ ᠤᠷᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠤᠨᠴᠠ ᠬᠦᠴᠢᠷᠳᠡᠯ ᠲᠠᠢ ᠠᠪᠤᠷᠠᠨ ᠳᠤᠰᠠᠯᠠᠬᠤ ᠪᠡᠯᠡ ᠮᠦᠩᠬᠦ ᠶᠢ 39.68 ᠳ᠋ᠦᠩᠰᠢᠭᠤᠷ ᠳᠦᠭᠦᠷᠢᠭ ᠳᠠᠷᠬᠠᠭᠠᠪᠠ
ᠨᠡᠶᠢᠲᠡᠯᠡᠭᠰᠡᠨ ᠴᠠᠭ᠄
2021/11/9
       1 — 6 ᠰᠠᠷ᠎ᠠ ᠳᠤ᠂ ᠪᠥᠬᠦ ᠣᠷᠣᠨ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ ᠭᠥᠷᠳᠡᠭᠰᠡᠳ ᠨᠡᠶᠢᠲᠡ 162.41 ᠲᠦᠮᠡᠨ ᠬᠥᠮᠦᠨ᠂ ᠣᠨᠴᠠ ᠬᠦᠴᠢᠷᠳᠡᠯ ᠲᠠᠢ 9.6 ᠲᠦᠮᠡᠨ ᠬᠥᠮᠦᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ᠂ ᠣᠨᠴᠠ ᠬᠦᠴᠢᠷᠳᠡᠯ ᠲᠠᠢ ᠠᠪᠤᠷᠠᠨ ᠲᠤᠰᠠᠯᠠᠬᠤ ᠪᠠᠯᠡ ᠮᠥᠩᠭᠦ ᠶᠢ 39.68 ᠳ᠋ᠦᠩᠰᠢᠭᠤᠷ ᠲᠥᠭᠦᠷᠢᠭ ᠲᠠᠷᠬᠠᠭᠠᠵᠠᠢ᠃ ᠲᠦᠷ ᠴᠠᠭ ᠤᠨ ᠴᠢᠨᠠᠷᠲᠠᠶ᠂ ᠭᠡᠨᠡᠳᠲᠡ ᠶᠢᠨ ᠴᠢᠨᠠᠷᠲᠠᠶ ᠠᠮᠢᠳᠤᠷᠠᠯ ᠨᠢ ᠬᠦᠴᠢᠷᠳᠡᠯ ᠲᠠᠢ ᠭᠡᠷ ᠪᠦᠯᠢ ᠳᠤ 9.18 ᠲᠦᠮᠡᠨ ᠬᠥᠮᠦᠨ ᠤᠳᠠᠭ᠎ᠠ ᠲᠦᠷ ᠴᠠᠭ ᠠᠪᠤᠷᠠᠨ ᠲᠤᠰᠠᠯᠠᠵᠤ᠂ ᠲᠦᠷ ᠴᠠᠭ ᠠᠪᠤᠷᠠᠨ ᠲᠤᠰᠠᠯᠠᠬᠤ ᠪᠠᠯᠡ ᠮᠥᠩᠭᠦ ᠶᠢ 1.33 ᠳ᠋ᠦᠩᠰᠢᠭᠤᠷ ᠲᠥᠭᠦᠷᠢᠭ ᠲᠠᠷᠬᠠᠭᠠᠪᠠ᠃        ᠡᠨᠡ ᠵᠢᠯ ᠠᠴᠠ ᠨᠠᠭᠠᠰᠢ᠂ ᠮᠠᠨ ᠤ ᠣᠷᠣᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠴᠢᠨᠠᠭᠰᠢᠲᠠ ᠪᠦᠷᠢᠨᠰᠢᠭᠦᠯᠵᠦ᠂ ᠠᠪᠤᠷᠠᠨ ᠲᠤᠰᠠᠯᠠᠬᠤ ᠡᠲᠡᠭᠡᠳ ᠢ ᠣᠨᠣᠪᠴᠢᠲᠠᠶ ᠮᠠᠭᠠᠳᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯ ᠲᠠᠢ ᠬᠥᠮᠦᠰ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠠᠪᠤᠷᠠᠨ ᠲᠤᠰᠠᠯᠠᠬᠤ ᠪᠠᠲᠤᠯᠠᠪᠤᠷᠢ ᠶᠢᠨ ᠬᠡᠪᠴᠢᠶᠡᠨ ᠳᠤ ᠴᠠᠭ ᠲᠤᠬᠠᠶ ᠳᠤ ᠨᠢ ᠣᠷᠣᠭᠤᠯᠵᠠᠢ᠃ ᠲᠦᠷ ᠴᠠᠭ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠭᠡᠨᠡᠳᠲᠡ ᠶᠢᠨ ᠴᠢᠨᠠᠷᠲᠠᠶ᠂ ᠲᠤᠯᠭᠠᠮ ᠴᠢᠨᠠᠷᠲᠠᠶ ᠂ ᠲᠦᠷ ᠴᠠᠭ ᠤᠨ ᠴᠢᠨᠠᠷᠲᠠᠶ ᠬᠦᠴᠢᠷᠳᠡᠯ ᠳᠤ ᠲᠤᠯᠭᠠᠷᠠᠭᠰᠠᠨ ᠡᠲᠡᠭᠡᠳ ᠲᠤ ᠲᠦᠷ ᠴᠠᠭ ᠠᠪᠤᠷᠠᠨ ᠲᠤᠰᠠᠯᠠᠬᠤ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠪᠤᠷᠠᠨ ᠲᠤᠰᠠᠯᠠᠬᠤ ᠪᠠᠯᠡ ᠮᠥᠩᠭᠦ ᠣᠯᠭᠤᠬᠤ ᠳᠤ ᠴᠠᠭ ᠲᠤᠬᠠᠶ ᠳᠤ ᠨᠢ ᠬᠢᠨᠠᠯᠲᠠ ᠲᠠᠯᠪᠢᠵᠤ᠂ ᠪᠠᠯᠡ ᠮᠥᠩᠭᠦ ᠶᠢ ᠴᠠᠭ ᠲᠤᠬᠠᠶ ᠳᠤ ᠨᠢ᠂ ᠲᠤᠭ᠎ᠠ ᠶᠣᠰᠣᠭᠠᠷ ᠭᠦᠶ᠋ᠴᠡᠳ᠂ ᠣᠨᠣᠪᠴᠢᠲᠠᠶ ᠣᠯᠭᠤᠬᠤ ᠶᠢ ᠦᠨᠡᠨ ᠬᠦ ᠪᠠᠲᠤᠯᠠᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号