ᠮᠠᠨ ᠤ ᠠᠶᠢᠮᠠᠭ ᠡᠯ᠎ᠠ ᠬᠤᠰᠢᠭᠤ ᠰᠢᠶᠠᠨ ᠬᠤᠳᠠ ᠶᠢᠨ 296 ᠦᠢᠯᠡᠰ ᠪᠣᠰᠬᠠᠭᠴᠢ ᠳᠤ 127.2 ᠲᠦᠮᠡᠨ ᠲᠥᠭᠦᠷᠢᠭ ᠤᠨ ᠨᠥᠬᠦᠪᠥᠷᠢ ᠣᠯᠭᠤᠪᠠ
ᠨᠡᠶᠢᠲᠡᠯᠡᠭᠰᠡᠨ ᠴᠠᠭ᠄
2021/12/20
         ᠡᠯ᠎ᠡ ᠳᠦᠷᠦᠯ ᠤᠨ ᠠᠵᠢᠯ ᠣᠯᠭᠤᠬᠤ ᠦᠢᠯᠡᠰ ᠪᠤᠰᠬᠠᠬᠤ ᠲᠦᠷᠦ ᠶᠢᠨ ᠪᠤᠳᠤᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠠ ᠥᠷᠭᠡᠳᠬᠡᠬᠦ ᠶᠢ ᠠᠬᠢᠭᠤᠯᠬᠤ ᠶᠢᠨ ᠲᠥᠯᠥᠭᠡ᠂ ᠮᠠᠨ ᠤ ᠠᠶᠢᠮᠠᠭ ᠠᠩᠬ᠎ᠠ ᠤᠳᠠᠭ᠎ᠠ ᠪᠠᠭ᠎ᠠ ᠵᠢᠵᠢᠭ ᠠᠵᠤ ᠠᠬᠤᠶᠢᠯᠠᠯ ᠡᠷᠭᠢᠯᠡᠭᠰᠡᠨ ᠪᠤᠶᠤ ᠬᠤᠪᠢ ᠪᠠᠷ ᠢᠶᠠᠨ ᠠᠵᠦ ᠠᠬᠤᠢᠢᠯᠠᠯ ᠡᠷᠭᠢᠯᠡᠭᠡᠳ ᠨᠢᠭᠡ ᠵᠢᠯ ᠠᠴᠠ ᠳᠡᠭᠡᠭᠰᠢ ᠪᠣᠯᠤᠭᠰᠠᠨ ᠵᠢᠴᠢ ᠠᠵᠦ ᠠᠬᠤᠢᠢᠯᠠᠯ ᠤᠨ ᠡᠵᠡᠩᠨᠡᠯᠲᠡ ᠪᠠᠨ ᠪᠠᠲᠤᠯᠠᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠡᠨ᠂ ᠠᠵᠢᠯ ᠤᠯᠬᠤ ᠳᠤ ᠬᠦᠴᠢᠷᠲᠡᠢ ᠬᠥᠮᠦᠰ᠂ ᠶᠠᠳᠠᠭᠤ ᠠᠴᠠ ᠠᠩᠭᠢᠵᠢᠷᠠᠭᠰᠠᠨ ᠬᠦᠮᠦᠨ᠂ ᠵᠡᠮᠳᠡᠭᠴᠦᠳ ᠲᠤ ᠦᠢᠯᠡᠰ ᠪᠤᠰᠬᠠᠬᠤ ᠨᠥᠬᠦᠪᠥᠷᠢ ᠮᠦᠡᠭᠭᠦ ᠶᠢ ᠨᠢᠭᠡ ᠤᠳᠠᠭ᠎ᠠ ᠶᠢᠨ ᠴᠢᠨᠠᠷᠲᠠᠢ ᠣᠯᠭᠤᠵᠠᠢ᠃ ᠣᠲᠣ ᠪᠣᠯᠲᠠᠯ᠎ᠠ᠂ ᠪᠥᠬᠦ ᠠᠶᠢᠮᠠᠭ ᠤᠨ ᠨᠥᠬᠦᠴᠡᠯ ᠳᠤ ᠨᠡᠶᠢᠴᠡᠬᠦ 296 ᠦᠢᠯᠡᠰ ᠪᠤᠰᠬᠠᠬᠴᠢ ᠳᠤ ᠨᠢᠭᠡᠨᠳᠡ 127.2 ᠲᠦᠮᠡᠨ ᠲᠥᠭᠦᠷᠢᠭ ᠤᠨ ᠨᠥᠬᠦᠪᠥᠷᠢ ᠮᠦᠡᠭᠭᠦ ᠤᠯᠭᠤᠪᠠ᠃        ᠡᠨᠡ ᠵᠢᠯ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠭᠡᠬᠦ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠪᠥᠬᠦ ᠠᠶᠢᠮᠠᠭ ᠤᠨ ᠠᠵᠢᠯ ᠣᠯᠭᠤᠬᠤ ᠰᠠᠯᠠᠭ᠎ᠠ ᠮᠥᠴᠢᠷ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠨᠢᠭᠡ ᠯᠡ ᠤᠳᠠᠭ᠎ᠠ ᠶᠢᠨ ᠴᠢᠨᠠᠷᠲᠠᠶ ᠦᠢᠯᠡᠰ ᠪᠤᠰᠬᠠᠬᠤ ᠨᠥᠬᠦᠪᠥᠷᠢ ᠮᠦᠡᠭᠭᠦ ᠣᠯᠭᠤᠬᠤ ᠠᠵᠢᠯ ᠢ ᠰᠠᠶᠢᠲᠤᠷ ᠬᠢᠵᠦ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠵᠠᠢ᠃ ᠤᠬᠠᠭᠤᠯᠭ᠎ᠠ ᠶᠢᠨ ᠵᠠᠮ ᠮᠥᠷ ᠢ ᠥᠷᠭᠡᠳᠬᠡᠵᠦ᠂ ᠨᠢᠭᠡ ᠯᠠ ᠤᠳᠠᠭ᠎ᠠ ᠶᠢᠨ ᠴᠢᠨᠠᠷᠲᠠᠶ ᠦᠢᠯᠡᠰ ᠪᠤᠰᠬᠠᠬᠤ ᠨᠥᠬᠦᠪᠥᠷᠢ ᠮᠦᠡᠭᠭᠦ ᠵᠢᠴᠢ ᠠᠵᠢᠯ ᠣᠯᠭᠤᠬᠤ ᠦᠢᠯᠡᠰ ᠪᠤᠰᠬᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠤᠨ᠂ ᠵᠡᠭᠡᠯᠢ ᠭᠤᠳᠤᠮᠵᠢ ︵ᠨᠡᠶᠢᠭᠡᠮ ᠲᠣᠭᠤᠷᠢᠭ︶ ᠶᠢᠨ ᠤᠬᠠᠭᠤᠯᠭ᠎ᠠ ᠶᠢᠨ ᠪᠤᠯᠤᠩ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠶᠢ ᠠᠰᠢᠬᠯᠠᠨ᠂ ᠨᠥᠬᠦᠴᠡᠯ ᠳᠤ ᠨᠡᠶᠢᠴᠡᠬᠦ ᠦᠢᠯᠡᠰ ᠪᠤᠰᠬᠠᠬᠴᠢᠳ ᠲᠤ ᠲᠥᠷᠥ ᠶᠢᠨ ᠪᠣᠳᠣᠯᠭ᠎ᠠ ᠶᠢᠨ ᠰᠤᠷᠠᠭ ᠵᠠᠩᠬᠢ ᠶᠢ ᠳᠤᠳᠤᠷᠬᠠᠢ ᠤᠢᠢᠯᠠᠭᠠᠭᠤᠯᠤᠨ ᠡᠵᠡᠮᠰᠢᠭᠦᠯᠪᠡ᠃ ᠦᠢᠯᠡᠰ ᠪᠤᠰᠬᠠᠬᠴᠢ ᠳᠤ ᠳᠥᠭᠦᠮ ᠨᠥᠬᠦᠴᠡᠯ ᠬᠠᠨᠭ᠍ᠭᠠᠬᠤ ᠶᠢᠨ ᠳᠦᠯᠦᠭᠡ᠂ ᠭᠤᠶᠤᠴᠢᠯᠠᠨ ᠮᠡᠳᠡᠭᠦᠯᠬᠦ ᠶᠠᠪᠤᠴᠠ ᠶᠢ ᠳᠥᠭᠦᠮᠴᠢᠯᠡᠵᠦ᠂ ᠨᠢᠭᠡ ᠯᠡ ᠤᠳᠠᠭ᠎ᠠ ᠶᠢᠨ ᠴᠢᠨᠠᠷᠲᠠᠶ ᠦᠢᠯᠡᠰ ᠪᠤᠰᠬᠠᠬᠤ ᠨᠥᠬᠦᠪᠥᠷᠢ ᠮᠦᠡᠭᠭᠦ ᠶᠢ ᠭᠤᠶᠤᠴᠢᠯᠠᠨ ᠮᠡᠳᠡᠭᠦᠯᠬᠦ ᠶᠠᠪᠤᠴᠠ ᠳᠠᠬᠢ ᠭᠤᠶᠤᠴᠢᠯᠠᠭᠴᠢ ᠶᠢᠨ ᠭᠤᠶᠤᠴᠢᠯᠠᠯ ᠤᠨ ᠮᠡᠳᠡᠭᠦᠯᠦᠯᠲᠡ᠂ ᠦᠢᠯᠡᠰ ᠪᠤᠰᠬᠠᠬᠰᠠᠨ ᠭᠡᠷᠡᠴᠢ᠂ ᠠᠵᠢᠯ ᠣᠯᠤᠭᠰᠠᠨ ᠠᠵᠢᠯ ᠠᠯᠳᠠᠭᠰᠠᠨ ᠢ ᠳᠠᠩᠰᠠᠯᠠᠭᠰᠠᠨ ᠦᠨᠡᠮᠯᠡᠯ ᠵᠡᠷᠭᠡ ᠶᠢ ᠦᠵᠡᠭᠦ ᠠᠯᠬᠤᠮ ᠲᠠᠷᠠᠭ᠎ᠠ ᠶᠢ ᠬᠦᠴᠦᠨ ᠦᠭᠡᠢ ᠪᠤᠯᠭᠠᠵᠠᠢ ᠃ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠴᠢᠩᠳᠠᠯᠠᠵᠤ᠂ ᠠᠵᠢᠯᠲᠠᠳ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ ᠪᠠᠷ ᠳᠡᠮᠵᠢᠨ᠂ ᠪᠣᠳᠠᠳᠠᠢ ᠳᠡᠯᠭᠡᠭᠦᠷ᠂ ᠳᠠᠩᠰᠠᠯᠠᠭᠤᠯᠤᠭᠰᠠᠨ ᠡᠳᠦᠷ ᠬᠤᠭᠤᠴᠠᠭ᠎ᠠ᠂ ᠠᠵᠢᠯ ᠣᠯᠭᠤᠯᠲᠠ ᠶᠢ ᠳᠠᠶᠢᠴᠢᠯᠠᠭᠰᠠᠨ ᠵᠡᠷᠭᠡ ᠪᠠᠶᠢᠳᠠᠯ ᠢ ᠴᠢᠩᠭ᠎ᠠ ᠬᠢᠨᠠᠨ ᠪᠠᠶᠢᠴᠠᠭᠠᠬᠤ ᠶᠢᠨ ᠵᠡᠷᠭᠡᠪᠡᠷ ᠬᠠᠮᠢᠶ᠎ᠠ ᠪᠥᠬᠦᠶ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ᠂ ᠨᠥᠬᠦᠪᠥᠷᠢ ᠤᠯᠭᠤᠬᠤ ᠲᠥᠷᠥ ᠶᠢᠨ ᠪᠣᠳᠣᠯᠭ᠎ᠠ ᠶᠢ ︽ᠠᠯᠳᠠᠭ᠎ᠠ ᠪᠤᠷᠤᠭᠤ ᠥᠬᠡᠶ ᠣᠷᠬᠢᠭᠳᠠᠭᠤᠯᠬᠤ ᠥᠬᠡᠶ᠂ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠬᠦᠯᠭᠦ︾ ᠶᠢ ᠪᠡᠶᠡᠯᠡᠭᠦᠯᠪᠡ᠃ ᠬᠢᠨᠠᠨ ᠬᠠᠷᠭᠤᠭᠤᠯᠬᠤ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠵᠤ᠂ ᠨᠢᠭᠡ ᠯᠡ ᠤᠳᠠᠭ᠎ᠠ ᠶᠢᠨ ᠴᠢᠨᠠᠷᠲᠠᠶ ᠦᠢᠯᠡᠰ ᠪᠤᠰᠬᠠᠬᠤ ᠨᠥᠬᠦᠪᠥᠷᠢ ᠮᠦᠡᠭᠭᠦ ᠶᠢ ᠭᠦᠢᠴᠡᠳᠬᠡᠬᠦ ᠴᠠᠭ ᠤᠨ ᠬᠢᠵᠠᠭᠠᠷ ᠢ 10 ᠠᠵᠢᠯᠯᠠᠬᠤ ᠡᠳᠦᠷ ᠤᠨ ᠳᠣᠲᠣᠷ᠎ᠠ ᠨᠢᠭᠡᠳᠦᠯᠲᠡᠶ ᠳᠣᠭᠢᠷᠠᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠳᠦᠮᠵᠢᠳᠡᠢ ᠳᠡᠭᠡᠭᠰᠢᠯᠡᠭᠦᠯᠵᠡᠢ᠃ ︵ᠤᠭ᠍ᠶᠤ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号