| ᠵᠠᠩ ᠰᠢᠶᠤᠥ ᠪᠢᠩ ᠰᠦᠬᠡ ᠰᠢᠥᠢ ᠵᠦᠸᠧ ᠯᠢᠥ ᠱᠥ ᠴᠧᠩ ᠫᠠᠶᠢᠰᠠ ᠰᠡᠬᠦᠬᠦ ᠶᠤᠰᠤᠯᠠᠯ ᠳᠤ ᠤᠷᠤᠯᠴᠠᠪᠠ | ᠣᠶᠢᠷ᠎ᠠ ᠶᠢᠨ ᠡᠳᠤᠷ᠂ ᠪᠦᠬᠦ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠦᠬᠦᠮ ᠦᠵᠡᠬᠦᠯᠬᠦ 12345 ᠤᠳᠠᠰᠤᠨ ᠤ ᠫᠠᠶᠢᠰᠠ ᠰᠡᠬᠦᠬᠦ ᠶᠤᠰᠤᠯᠠᠯ ᠵᠢᠴᠢ ᠨᠡᠪᠳᠡᠷᠡᠬᠦᠯᠬᠦ ᠬᠤᠷᠠᠯ | ᠬᠤᠷᠠᠯᠳᠤᠪᠠ᠃ | ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠥ ᠪᠢᠩ᠂ ᠠᠶᠢᠮᠠᠭ ᠤᠨ ᠨᠠᠮ ᠤᠨ ᠬᠤᠷᠢᠶᠠᠨ ᠤ | ᠲᠡᠳ᠋ ᠱᠦᠵᠢ᠂ ᠠᠶᠢᠮᠠᠭ ᠤᠨ ᠲᠠᠷᠤᠭ᠎ᠠ ᠰᠦᠬᠡ᠂ ᠠᠶᠢᠮᠠᠭ ᠤᠨ ᠠᠷᠠᠳ ᠤᠨ ᠲᠦᠯᠤᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠰᠢᠥᠢ ᠵᠦᠸᠧ᠂ ᠠᠶᠢᠮᠠᠭ ᠤᠨ ᠤᠯᠤᠰ ᠲᠦᠷᠥ ᠶᠢᠨ | ᠵᠦᠪᠯᠡᠯᠭᠡᠨ ᠤ ᠲᠡᠷᠢᠬᠦᠯᠡᠭᠴᠢ ᠯᠢᠥ ᠱᠥ ᠴᠧᠩ ᠫᠠᠶᠢᠰᠠ ᠰᠡᠬᠦᠬᠦ ᠶᠤᠰᠤᠯᠠᠯ ᠳᠤ ᠤᠷᠤᠯᠴᠠᠪᠠ᠃ ᠠᠶᠢᠮᠠᠭ ᠤᠨ | ᠤᠳᠤᠷᠢᠳᠤᠯᠭ᠎ᠠ ᠯᠢ ᠬᠤᠩ ᠼᠠᠢ᠂ ᠰᠢᠥᠢ ᠪᠤᠥ ᠴᠢᠤᠸᠠᠨ᠂ ᠵᠢᠶᠠᠩ ᠲᠢᠶᠠᠨ ᠬᠤ᠋᠂ ᠯᠢ ᠬᠦᠸᠧ ᠬᠤᠩ᠂ ᠳ᠋ᠦᠩ | ᠰᠢᠨ ᠶᠤᠸᠠᠢ᠂ ᠼᠤᠥ ᠺᠠᠢ ᠬᠤᠩ᠂ ᠠᠶᠢᠮᠠᠭ ᠤᠨ ᠠᠷᠠᠳ ᠤᠨ ᠰᠢᠬᠦᠬᠦ ᠬᠤᠷᠢᠶᠠᠨ ᠤ ᠲᠠᠷᠤᠭ᠎ᠠ ᠴᠧᠨ ᠰᠢᠨ᠂ | ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠲᠠᠷᠤᠭ᠎ᠠ ᠵᠠᠩ ᠬᠤᠩ ᠰᠢᠶᠠ᠂ ᠠᠶᠢᠮᠠᠭ ᠤᠨ ᠰᠢᠭᠤᠳ ᠬᠠᠷᠢᠶ᠎ᠠ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠠᠷ ᠫᠠᠶᠢᠰᠠ ᠰᠡᠬᠦᠬᠦ ᠶᠤᠰᠤᠯᠠᠯ ᠳᠤ ᠤᠷᠤᠯᠴᠠᠪᠠ᠃ | ᠫᠠᠶᠢᠰᠠ ᠰᠡᠬᠦᠬᠦ ᠶᠤᠰᠤᠯᠠᠯ ᠤᠨ ᠲᠠᠷᠠᠭ᠎ᠠ᠂ ᠪᠦᠬᠦ ᠠᠶᠢᠮᠠᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠦᠬᠦᠮ ᠦᠵᠡᠬᠦᠯᠬᠦ 12345 ᠤᠳᠠᠰᠤ ᠶᠢ ᠨᠡᠪᠳᠡᠷᠡᠬᠦᠯᠬᠦ ᠬᠤᠷᠠᠯ ᠬᠤᠷᠠᠯᠳᠤᠪᠠ᠃ | ᠬᠤᠷᠠᠯ ᠳᠤ ᠵᠢᠭᠠᠵᠤ ᠭᠠᠷᠭᠠᠭᠰᠠᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ | ᠦᠵᠡᠬᠦᠯᠬᠦ ᠤᠳᠠᠰᠤ ᠨᠢ ᠠᠷᠠᠳ ᠤᠨ ᠠᠮᠢᠳᠤᠷᠠᠯ ᠪᠠ ᠠᠷᠠᠳ ᠤᠨ ᠰᠡᠳᠬᠢᠯ ᠲᠠᠢ ᠬᠤᠯᠪᠤᠵᠤ᠂ ᠵᠠᠰᠠᠭ ᠤᠨ | ᠤᠷᠳᠤᠨ ᠤ ᠠᠷᠠᠳ ᠤᠨ ᠲᠠᠭᠤᠨ ᠢ ᠰᠤᠨᠤᠰᠬᠤ᠂ ᠠᠷᠠᠳ ᠤᠨ ᠪᠠᠶᠢᠳᠠᠯ ᠢ ᠤᠢᠢᠯᠠᠭᠠᠬᠤ᠂ ᠠᠷᠠᠳ ᠤᠨ ᠬᠦᠴᠢᠷᠳᠠᠯ ᠢ | ᠰᠢᠢᠳᠪᠤᠷᠢᠯᠡᠬᠦ ᠰᠢᠨ᠎ᠠ ᠠᠴᠢᠶᠠᠯᠠᠭᠴᠢ ᠪᠠ ᠲᠠᠪᠴᠠᠩ ᠪᠤᠯᠤᠨ᠎ᠠ᠃ 9 ᠰᠠᠷ᠎ᠠ ᠶᠢᠨ 1 ᠤ ᠡᠳᠤᠷ ᠠᠴᠠ | ᠨᠡᠪᠳᠡᠷᠡᠬᠦᠯᠦᠭᠰᠡᠨ ᠠᠴᠠ ᠨᠠᠭᠠᠰᠢ᠂ ᠨᠢᠭᠡᠨᠳᠠ 16176 ᠤᠳᠠᠭ᠎ᠠ ᠤᠳᠠᠰᠤ ᠲᠤᠰᠴᠤ᠂ 4350 ᠠᠵᠢᠯ ᠢ | ᠰᠢᠢᠳᠪᠤᠷᠢᠯᠡᠪᠡ᠃ ᠪᠦᠬᠦ ᠠᠶᠢᠮᠠᠭ ᠤᠨ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠦᠬᠦᠮ ᠦᠵᠡᠬᠦᠯᠬᠦ 12345 ᠤᠳᠠᠰᠤ ᠪᠤᠯ ᠨᠠᠮ ᠤᠨ ᠲᠦᠪ ᠬᠤᠷᠢᠶᠠᠨ ᠠᠴᠠ | ᠲᠤᠳᠤᠷᠬᠠᠢ ᠱᠠᠭᠠᠷᠳᠠᠭᠰᠠᠨ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠴᠢᠬᠤᠯᠠ ᠠᠷᠭ᠎ᠠ | ᠠᠪᠴᠠᠯ᠂ ᠠᠷᠠᠳ ᠲᠤ ᠦᠢᠯᠡᠴᠢᠯᠡᠨ ᠪᠤᠳᠠᠳᠤ ᠶᠠᠪᠤᠳᠠᠯ ᠬᠢᠵᠤ ᠦᠭᠬᠦ ᠭᠤᠥᠯ ᠠᠷᠭ᠎ᠠ ᠵᠠᠮ᠂ ᠨᠡᠶᠢᠭᠡᠮ ᠤᠨ | ᠵᠠᠰᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠴᠢᠬᠤᠯᠠ ᠠᠳᠬᠤᠴᠠ ᠪᠤᠯᠬᠤ ᠶᠢ ᠬᠦᠨᠵᠡᠭᠡᠢ ᠲᠠᠨᠢᠵᠤ᠂ ᠦᠵᠡᠯ | ᠰᠠᠨᠠᠭ᠎ᠠ ᠪᠠᠨ ᠨᠢᠭᠡᠳᠭᠡᠨ᠂ ᠬᠠᠷᠢᠯᠴᠠᠨ ᠬᠠᠮᠳᠤᠷᠠᠯᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠦᠬᠦᠮ ᠦᠵᠡᠬᠦᠯᠬᠦ 12345 ᠤᠳᠠᠰᠤᠨ ᠤ ᠰᠢᠨ᠎ᠠ ᠦᠷ᠎ᠠ ᠪᠦᠳᠤᠮᠵᠢ ᠤᠯᠬᠤ ᠶᠢ ᠲᠠᠰᠤᠷᠠᠯᠳᠠ ᠦᠭᠡᠢ | ᠠᠬᠢᠭᠤᠯᠬᠤ ᠬᠡᠷᠡᠭᠳᠡᠢ ᠭᠡᠪᠡ᠃ | ᠬᠤᠷᠠᠯ ᠳᠤ ᠱᠠᠭᠠᠷᠳᠠᠭᠰᠠᠨ ᠨᠢ᠂ ᠡᠯ᠎ᠠ ᠭᠠᠵᠠᠷ ᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ | ᠠᠵᠢᠯ ᠤᠨ ᠲᠤᠭᠳᠠᠴᠠ ᠪᠠᠨ ᠤᠯᠠᠮ ᠨᠢᠭᠡ ᠠᠯᠬᠤᠮ ᠰᠢᠯᠢᠳᠡᠭᠵᠢᠬᠦᠯᠤᠨ᠂ ︽ᠤᠳᠠᠰᠤ ᠲᠤᠰᠬᠤ᠂ ᠰᠢᠯᠵᠢᠬᠦᠯᠤᠨ | ᠲᠤᠰᠢᠶᠠᠬᠤ᠂ ᠬᠦᠢᠴᠡᠳᠭᠡᠬᠦ᠂ ᠬᠠᠷᠢᠭᠤ ᠲᠤᠰᠬᠠᠬᠤ︾ ᠵᠡᠷᠭᠡ ᠭᠤᠥᠯᠳᠠᠯᠭ᠎ᠠ ᠲᠠᠢ ᠭᠤᠭᠴᠤᠭ᠎ᠠ ᠶᠢ ᠰᠠᠶᠢᠳᠤᠷ | ᠠᠳᠬᠤᠨ᠂ ᠬᠦᠯᠢᠶᠠᠨ ᠠᠪᠬᠤ ᠲᠡᠭᠡᠷ᠎ᠠ ︽ᠲᠦᠷᠭᠡᠨ︾ ᠢ ᠲᠤᠪᠤᠶᠢᠯᠭᠠᠨ᠂ ᠬᠦᠢᠴᠡᠳᠭᠡᠬᠦ ᠲᠡᠭᠡᠷ᠎ᠠ ︽ᠪᠤᠳᠠᠳᠠᠢ︾ | ᠪᠠᠶᠢᠬᠤ ᠶᠢ ᠲᠤᠪᠤᠶᠢᠯᠭᠠᠨ᠂ ᠦᠷ᠎ᠠ ᠳ᠋ᠦᠩ ᠢ ᠬᠠᠷᠢᠭᠤ ᠲᠤᠰᠬᠠᠬᠤ ᠲᠡᠭᠡᠷ᠎ᠠ ︽ᠰᠠᠶᠢᠨ︾ ᠢ ᠲᠤᠪᠤᠶᠢᠯᠭᠠᠬᠤ | ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠦᠬᠦᠮ ᠦᠵᠡᠬᠦᠯᠬᠦ 12345 ᠤᠳᠠᠰᠤᠨ ᠤ ᠠᠵᠢᠯ ᠤᠨ ᠲᠠᠯ᠎ᠠ ᠪᠠᠷ ᠬᠢ ᠨᠠᠮ | ᠵᠠᠰᠠᠭ ᠤᠨ ᠭᠤᠤᠯ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠬᠦᠯᠵᠤ᠂ ︽ᠭᠤᠤᠯ | ᠤᠳᠤᠷᠢᠳᠤᠯᠭ᠎ᠠ︾ ᠶᠢᠨ ᠲᠠᠶᠢᠴᠢᠯᠠᠨ ᠲᠠᠭᠠᠭᠤᠯᠬᠤ ᠦᠢᠯᠡᠳᠤᠯ ᠢ ᠦᠨᠡᠨ ᠬᠦ ᠪᠠᠳᠠᠷᠠᠭᠤᠯᠤᠨ᠂ ᠡᠬᠦᠷᠭᠡ | ᠬᠠᠷᠢᠭᠤᠴᠠᠯᠭ᠎ᠠ ᠶᠢ ᠲᠡᠰ ᠲᠡᠰ ᠢᠶᠠᠷ ᠪᠤᠳᠠᠳᠠᠶᠢᠵᠢᠭᠤᠯᠵᠤ᠂ ᠪᠤᠳᠠᠳᠤ ᠪᠠᠶᠢᠳᠠᠯ ᠢ ᠦᠨᠡᠨ ᠮᠦᠨ ᠢᠶᠠᠷ ᠲᠠᠮᠵᠢᠭᠤᠯᠬᠤ | ᠬᠡᠷᠡᠭᠳᠡᠢ᠃ ᠬᠢᠨᠠᠨ ᠪᠠᠶᠢᠴᠠᠭᠠᠯᠳᠠ ᠪᠠᠨ ᠦᠷᠬᠦᠯᠵᠢᠯᠡᠨ ᠴᠢᠩᠭᠠᠳᠬᠠᠨ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ | ᠦᠭᠡᠢ᠂ ᠲᠤᠷ᠎ᠠ ᠪᠠᠷ ᠬᠦᠢᠴᠡᠳᠭᠡᠬᠦ᠂ ᠬᠠᠰᠢ ᠶᠠᠰᠢ ᠪᠠᠷ ᠬᠠᠨᠳᠤᠬᠤ ᠵᠡᠷᠭᠡ ᠠᠵᠢᠯᠯᠠᠭ᠎ᠠ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ ᠰᠠᠶᠢᠳᠤᠷ ᠰᠢᠢᠳᠪᠤᠷᠢᠯᠡᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠦᠬᠦᠮ ᠦᠵᠡᠬᠦᠯᠬᠦ 12345 ᠤᠳᠠᠰᠤ ᠶᠢ ᠦᠨᠳᠤᠷ ᠦᠷ᠎ᠠ ᠪᠦᠳᠤᠮᠵᠢ ᠲᠠᠢ ᠪᠠᠷ ᠬᠡᠷᠡᠭᠯᠡᠬᠦ ᠶᠢ ᠪᠠᠳᠤᠯᠠᠬᠤ | ᠬᠡᠷᠡᠭᠳᠡᠢ ᠭᠡᠪᠡ᠃ ︵ᠸᠧᠨ ᠯᠢᠶᠠᠩ︶ |