ᠮᠠᠨ ᠤ ᠠᠶᠢᠮᠠᠭ ᠦᠨᠦᠴᠢᠨ ᠬᠡᠤᠭᠡᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠡ ᠪᠠ ᠪᠤᠳᠠᠳᠠᠢ ᠠᠰᠠᠷᠠᠨ ᠲᠡᠵᠢᠭᠡᠬᠦ ᠬᠦᠮᠦᠨ ᠦᠭᠡᠢ ᠬᠡᠤᠭᠡᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠡ ᠶᠢ ᠲᠡᠭᠡᠭᠰᠢᠯᠡᠬᠦᠯᠪᠡ
ᠨᠡᠶᠢᠲᠡᠯᠡᠭᠰᠡᠨ ᠴᠠᠭ᠄
2021/12/21
       ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠡ ᠠᠴᠠ ᠤᠢᠢᠯᠠᠭᠠᠭᠰᠠᠨ ᠢᠶᠠᠷ᠂ ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ ᠢ ᠲᠠᠰᠤᠷᠠᠯᠳᠠ ᠦᠭᠡᠢ ᠲᠡᠭᠡᠭᠰᠢᠯᠡᠬᠦᠯᠬᠦ ᠪᠠᠷ᠂ ᠣᠶᠢᠷ᠎ᠠ ᠳᠤ ᠮᠠᠨ ᠤ ᠠᠶᠢᠮᠠᠭ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠠ ᠡᠳ᠋ ᠤᠨ ᠵᠠᠰᠠᠭ ᠤᠨ ᠪᠠᠶᠢᠳᠠᠯ ᠢᠶᠠᠨ ᠦᠨᠳᠦᠰᠦᠯᠡᠵᠦ᠂ ᠪᠥᠬᠦ ᠠᠶᠢᠮᠠᠭ ᠤᠨ ᠥᠨᠥᠴᠢᠨ ᠬᠡᠤᠬᠡᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠳᠤᠬᠳᠠᠵᠠᠢ᠃ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠮᠲᠤᠷᠠᠨ ᠲᠠᠷᠬᠠᠭᠠᠭᠰᠠᠨ ︽ᠬᠢᠩᠭᠠᠨ ᠠᠶᠢᠮᠠᠭ ᠤᠨ ᠥᠨᠥᠴᠢᠨ ᠬᠡᠦᠬᠡᠳ ᠵᠢᠴᠢ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠤᠨ ᠠᠮᠢᠳᠤᠷᠠᠯ ᠤᠨ ᠨᠥᠬᠦᠪᠥᠷᠢ ᠮᠦ᠋ᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣ ᠪᠠᠷ᠂ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠮᠠᠨ ᠤ ᠠᠶᠢᠮᠠᠭ ᠤᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠠᠴᠠ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠤᠬᠡᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 1844 ᠲᠥᠭᠦᠷᠢᠭ ᠪᠠᠶᠢᠭᠰᠠᠨ ᠠᠴᠠ ᠨᠢ 2030 ᠲᠥᠭᠦᠷᠢᠭ ᠪᠣᠯᠭᠠᠨ ᠨᠡᠮᠡᠭᠳᠡᠭᠦᠯᠵᠦ᠂ ᠨᠡᠶᠢᠭᠡᠮ ᠲᠡᠭᠡᠷ᠎ᠠ ᠲᠠᠷᠠᠬᠠᠶ ᠰᠠᠭᠤᠵᠤ ᠪᠠᠶᠢᠭ᠎ᠠ ᠥᠨᠥᠴᠢᠨ ᠬᠡᠤᠬᠡᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠪᠣᠯᠤᠨ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 507 ᠲᠥᠭᠦᠷᠢᠭ ᠪᠠᠶᠢᠭᠰᠠᠨ ᠠᠴᠠ ᠨᠢ 1760 ᠲᠥᠭᠦᠷᠢᠭ ᠪᠣᠯᠭᠠᠨ ᠨᠡᠮᠡᠭᠳᠡᠭᠦᠯᠪᠡ᠃ ᠡᠨᠡ ᠨᠢ ᠪᠥᠬᠦ ᠣᠷᠣᠨ ᠤ ᠳᠤᠮᠳᠠᠴᠢ ᠪᠠᠳᠤᠯᠠᠪᠤᠷᠢ ᠶᠢᠨ ᠬᠡᠮᠵᠢᠶ᠎ᠡ ᠠᠴᠠ ᠲᠠᠪᠠᠭᠰᠠᠨ ᠪᠠᠶᠢᠨ᠎ᠠ᠃        ᠤᠢᠢᠷ᠎ᠠ ᠶᠢᠨ ᠵᠢᠯ ᠠᠴᠠ ᠨᠠᠭᠠᠰᠢ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠤᠨᠴᠠ ᠬᠦᠴᠢᠷᠳᠡᠯ ᠲᠠᠢ ᠬᠥᠮᠦᠰ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠪᠠᠲᠤᠯᠠᠪᠤᠷᠢ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠲᠤᠬᠢᠷᠠᠭᠤᠯᠤᠨ ᠲᠡᠭᠦᠯᠳᠡᠷᠵᠢᠭᠦᠯᠵᠦ᠂ ᠬᠦᠴᠢᠷᠳᠡᠯ ᠲᠠᠢ ᠤᠯᠠᠨ ᠲᠦᠮᠡᠨ ᠤ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠢ ᠦᠨᠡᠨ ᠬᠦ ᠪᠠᠳᠤᠯᠠᠪᠠ᠃ ︽13 · 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠪᠦᠬᠦ ᠠᠶᠢᠮᠠᠭ ᠤᠨ ᠥᠨᠥᠴᠢᠨ ᠬᠡᠤᠬᠡᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 200 ᠲᠥᠭᠦᠷᠢᠭ ᠨᠡᠮᠡᠭᠳᠡᠭᠦᠯᠵᠠᠢ᠃ 2020 ᠣᠨ ᠳᠤ᠂ ᠮᠠᠨ ᠤ ᠠᠶᠢᠮᠠᠭ ᠪᠤᠳᠠᠳᠠᠢ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠪᠠᠳᠤᠯᠠᠪᠤᠷᠢ ᠶᠢᠨ ᠲᠦᠷᠢᠮ ᠢ ᠪᠠᠶᠢᠭᠤᠯᠵᠤ᠂ ᠪᠤᠳᠠᠳᠠᠢ ᠠᠰᠠᠷᠠᠨ ᠲᠡᠵᠢᠭᠡᠬᠦ ᠬᠥᠮᠦᠨ ᠥᠬᠡᠶ 100 ᠬᠡᠤᠬᠡᠳ ᠢ ᠪᠠᠳᠤᠯᠠᠪᠤᠷᠢ ᠶᠢᠨ ᠬᠡᠪᠴᠢᠶᠡᠨ ᠳᠤ ᠣᠷᠣᠭᠤᠯᠵᠤ᠂ ᠨᠡᠶᠢᠭᠡᠮ ᠲᠡᠭᠡᠷ᠎ᠠ ᠲᠠᠷᠠᠬᠠᠶ ᠰᠠᠭᠤᠵᠤ ᠪᠠᠶᠢᠭ᠎ᠠ ᠥᠨᠥᠴᠢᠨ ᠬᠡᠤᠬᠡᠳ ᠤᠨ ᠪᠠᠳᠤᠯᠠᠪᠤᠷᠢ ᠶᠢᠨ ᠪᠠᠷᠢᠮᠵᠢᠶ᠎ᠠ ᠲᠠᠢ ᠠᠳᠠᠯᠢ ᠪᠠᠷ ᠠᠮᠢᠳᠤᠷᠠᠯ ᠤᠨ ᠨᠥᠬᠦᠪᠥᠷᠢ ᠤᠯᠭᠤᠬᠤ ᠪᠤᠯᠤᠭᠰᠠᠨ ᠪᠠᠶᠢᠨ᠎ᠠ᠃ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠡ ᠪᠠᠰᠠ ᠡᠯ᠎ᠡ ᠱᠠᠲᠤᠨ ᠤ ᠡᠯ᠎ᠡ ᠡᠲᠡᠭᠡᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠮᠡᠳᠡᠭᠡ ᠵᠠᠩᠭᠢ ᠶᠢ ᠬᠥᠳᠡᠯᠦᠩᠭᠦᠶ ᠬᠠᠮᠢᠶᠠᠷᠴᠤ᠂ ︽ᠪᠥᠬᠦ ᠤᠯᠤᠰ ᠤᠨ ᠬᠡᠤᠬᠡᠳ ᠤᠨ ᠠᠰᠠᠷᠠᠮᠵᠢ ᠶᠢᠨ ᠮᠡᠳᠡᠭᠡ ᠵᠠᠩᠭᠢ ᠶᠢᠨ ᠰᠢᠰᠲ᠋ᠧᠮ︾ ᠳᠤ ᠤᠷᠤᠭᠤᠯᠤᠨ᠂ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠰᠢᠨᠡᠳᠬᠡᠨ ᠲᠡᠭᠦᠯᠳᠡᠷᠵᠢᠭᠦᠯᠵᠦ᠂ ︽ᠪᠠᠳᠤᠯᠠᠪᠤᠷᠢ ᠬᠠᠩᠭᠠᠬᠤ ᠶᠣᠰᠣᠲᠠᠶ ᠪᠦᠬᠦᠨ ᠳᠤ ᠪᠠᠳᠤᠯᠠᠪᠤᠷᠢ ᠬᠠᠩᠭᠠᠵᠦ᠂ ᠪᠠᠳᠤᠯᠠᠪᠤᠷᠢ ᠠᠴᠠ ᠭᠠᠷᠭᠠᠬᠤ ᠶᠣᠰᠣᠲᠠᠶ  ᠪᠦᠬᠦᠨ ᠢ ᠪᠠᠳᠤᠯᠠᠪᠤᠷᠢ ᠠᠴᠠ ᠭᠠᠷᠭᠠᠬᠤ︾ ᠶᠢ ᠪᠡᠶᠡᠯᠡᠭᠦᠯᠵᠦ᠂ ᠡᠯ᠎ᠡ ᠲᠥᠷᠥᠯ ᠤᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠶᠢᠷᠠᠯᠠᠵᠤ ᠬᠠᠮᠠᠭᠠᠯᠠᠬᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃                       ᠰᠤᠷᠪᠤᠯᠵᠢᠯᠠᠭᠴᠢ ᠲᠤᠯᠭᠠᠭᠤᠷᠢ  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号