768.06 ᠳ᠋ᠦᠩᠰᠢᠭᠤᠷ ᠵᠢᠩ︕ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2021/12/9
            ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠡᠨᠡ ᠵᠢᠯ ᠮᠠᠨ ᠤ ᠣᠷᠣᠨ ᠤ ᠠᠮᠤ ᠪᠤᠳᠠᠭᠠᠨ ᠤ ᠤᠨᠠᠯᠲᠠ 768.06 ᠳ᠋ᠦᠩᠰᠢᠭᠤᠷ ᠵᠢᠩ ᠳᠤ ᠬᠦᠷᠴᠦ᠂ ᠨᠢᠳᠤᠨᠤᠨ ᠤ ᠬᠢ ᠠᠴᠠ ᠪᠠᠨ 35.26 ᠳ᠋ᠦᠩᠰᠢᠭᠤᠷ ᠵᠢᠩ ᠨᠡᠮᠡᠭᠳᠡᠵᠦ᠂ ᠲᠡᠤᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠴᠦ᠂ ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ᠃         ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ 4 ᠵᠢᠯ ᠳᠠᠷᠠᠭᠠᠯᠠᠨ 700 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠪᠠ᠃ ᠡᠨᠡ ᠵᠢᠯ᠂ ᠠᠮᠤ ᠪᠤᠳᠠᠭᠠᠨ ᠤ ᠤᠨᠠᠯᠲᠠ ᠪᠥᠬᠦ ᠤᠯᠤᠰ ᠲᠤ 2 ᠪᠠᠶᠢᠷᠢ ᠳᠠᠪᠰᠢᠵᠤ᠂ 6 ᠳ᠋ᠤᠭᠠᠷ ᠲᠤ ᠵᠢᠭᠰᠠᠭᠠᠭᠳᠠᠪᠠ᠃ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ ᠨᠢ ᠪᠦᠬᠦ ᠤᠯᠤᠰ ᠤᠨ ᠨᠡᠮᠡᠭᠳᠡᠯ ᠤᠨ ᠬᠡᠮᠵᠢᠶᠡᠨ ᠤ 13.18% ᠶᠢ ᠡᠵᠡᠯᠡᠵᠦ᠂ ᠪᠦᠬᠦ ᠤᠯᠤᠰ ᠤᠨ ᠳᠥᠷᠪᠡᠳᠦᠭᠡᠷ ᠲᠤ ᠣᠷᠣᠵᠠᠶ᠃ ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠣᠭᠰᠠᠨ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠥᠪᠥᠷ ᠮᠣᠩᠭᠤᠯ ᠤᠨ ᠬᠦᠴᠦᠨ ᠢ ᠨᠡᠮᠡᠷᠢᠯᠡᠪᠡ᠃         2021 ᠣᠨ ᠳᠤ᠂ ᠮᠠᠨ ᠤ ᠣᠷᠣᠨ ᠠᠩᠬ᠎ᠠ ᠤᠳᠠᠭ᠎ᠠ ᠠᠮᠤ ᠪᠤᠳᠠᠭᠠᠨ ᠤ ᠤᠨᠠᠯᠲᠠ ᠶᠢ ᠣᠨ ᠤ ᠭᠤᠤᠯ ᠵᠢᠱᠢᠭᠰᠡᠨ ᠬᠠᠷᠠᠯᠲᠠ ᠳᠤ ᠪᠠᠨ ᠣᠷᠣᠭᠤᠯᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ ᠶᠢ 700 ᠳ᠋ᠦᠩᠰᠢᠭᠤᠷ ᠵᠢᠩ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠪᠠ᠃ ᠨᠢᠭᠡ ᠵᠢᠯ ᠤᠨ ᠲᠤᠷᠰᠢ᠂ ᠪᠥᠬᠦ ᠣᠷᠣᠨ ᠢᠶᠠᠷ ᠢᠶᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠭᠤᠤᠯᠳᠠᠯᠭ᠎ᠠ ᠶᠢᠨ ᠳᠤᠮᠳᠠᠬᠢ ᠭᠤᠤᠯᠳᠠᠯᠭ᠎ᠠ ᠪᠣᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠤᠨ ᠪᠠᠭᠤᠯᠭᠠᠭᠰᠠᠨ ᠠᠮᠤ ᠪᠤᠳᠠᠭ᠎ᠠ ᠳᠠᠷᠢᠬᠤ ᠡᠭᠦᠷᠭᠡ ᠶᠢ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠣᠯᠭᠠᠨ ᠡᠯ᠎ᠡ ᠠᠶᠢᠮᠠᠭ ᠬᠤᠲᠠ ᠳᠤ ᠴᠠᠭ ᠲᠤᠬᠠᠢ ᠳᠤ ᠨᠢ ᠬᠤᠪᠢᠶᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠪᠠ᠃ ᠡᠭᠦᠨ ᠤ ᠵᠡᠷᠭᠡ ᠳᠤ᠂ ︽ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭᠠᠨ ᠤ ᠠᠵᠢᠯ ᠢ ᠠᠳᠬᠤᠬᠤ︾ ᠲᠥᠷᠥ ᠶᠢᠨ ᠪᠣᠳᠣᠯᠭ᠎ᠠ ᠶᠢᠨ ᠳᠣᠬᠢᠶ᠎ᠠ ᠶᠢ ᠭᠦᠢᠴᠡᠳ ᠲᠠᠯᠪᠢᠵᠤ᠂ ᠡᠨᠡ ᠵᠢᠯ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠬᠠᠮᠠᠭᠠᠯᠠᠬᠤ᠂ ᠡᠷᠳᠡᠨᠢ ᠰᠢᠰᠢ ᠰᠢᠷ᠎ᠠ ᠪᠤᠷᠴᠠᠭ ᠲᠥᠮᠥᠰᠥ ᠦᠢᠯᠡᠳᠪᠦᠷᠢᠯᠡᠬᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ᠂ ᠲᠠᠷᠢᠶᠠᠨ ᠭᠠᠵᠠᠷ ᠢ ᠡᠭᠡᠯᠵᠢᠯᠡᠨ ᠳᠠᠷᠢᠬᠤ᠂ ᠠᠮᠤ ᠪᠤᠳᠠᠭ᠎ᠠ ᠳᠠᠷᠢᠬᠤ ᠲᠠᠷᠢᠶᠠᠴᠢᠳ ᠲᠤ 168.6 ᠳ᠋ᠦᠩᠰᠢᠭᠤᠷ ᠲᠥᠭᠦᠷᠢᠭ ᠤᠨ ᠭᠠᠭᠴᠠ ᠤᠳᠠᠭ᠎ᠠ ᠶᠢᠨ ᠴᠢᠨᠠᠷᠲᠠᠶ ᠨᠥᠬᠦᠪᠥᠷᠢ ᠥᠭᠬᠦ ᠵᠡᠷᠭᠡ ᠪᠠᠶᠢᠷᠢᠯᠠᠭᠤᠯᠤᠯᠲᠠ ᠬᠢᠪᠡ᠃ ᠪᠠᠰᠠ ᠲᠠᠷᠢᠶᠠᠴᠢᠳ ᠤᠨ ᠢᠳᠡᠪᠬᠢᠲᠡᠶ ᠪᠠᠷ ᠳᠠᠭᠠᠳᠬᠠᠯ ᠳᠤ ᠣᠷᠣᠬᠤ ᠶᠢ ᠵᠣᠷᠢᠭᠵᠢᠭᠤᠯᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠲᠠᠯᠠᠪᠠᠶ ᠶᠢ 8180 ᠲᠦᠮᠡᠨ ᠮᠥ ᠨᠠᠶᠢᠳᠠᠪᠤᠷᠢᠵᠢᠭᠤᠯᠤᠨ᠂ ᠲᠠᠷᠢᠮᠠᠯ ᠤᠨ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠳᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠭᠰᠠᠨ ᠪᠥᠭᠡᠳ ᠪᠥᠬᠦ ᠣᠷᠣᠨ ᠤ ᠡᠯᠪᠡᠭ ᠬᠤᠷᠢᠶᠠᠯᠲᠠ ᠶᠢ ᠳᠠᠬᠢᠨᠲᠠ ᠲᠡᠮᠡᠴᠡᠨ ᠤᠯᠬᠤ ᠢᠲᠡᠭᠡᠯ ᠵᠣᠷᠢᠭ ᠢ ᠪᠠᠲᠤᠳᠬᠠᠪᠠ᠃         ᠮᠠᠨ ᠤ ᠣᠷᠣᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ᠂ ᠪᠥᠬᠦ ᠣᠷᠣᠨ ᠤ 9300 ᠲᠦᠮᠡᠨ ᠮᠥ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠭᠤᠤᠯᠳᠠᠯᠭ᠎ᠠ ᠲᠠᠢ ᠬᠡᠷᠡᠭᠯᠡᠬᠦ ᠶᠢ ᠲᠣᠳᠣᠷᠬᠠᠶᠢᠯᠠᠵᠤ᠂ ᠲᠠᠷᠢᠶᠠᠨ ᠭᠠᠵᠠᠷ ᠢ ᠠᠲᠠᠷᠰᠢᠭᠤᠯᠬᠤ ᠶᠢ ᠡᠷᠡᠰ ᠬᠤᠷᠢᠭᠯᠠᠨ᠂ ᠡᠯ᠎ᠡ ᠭᠠᠵᠠᠷ ᠤᠨ ᠬᠠᠭᠠᠯᠪᠤᠷᠢᠯᠠᠵᠤ ᠲᠠᠷᠢᠬᠤ ᠶᠢ ᠰᠡᠷᠭᠦᠭᠡᠬᠦ ᠶᠢ ᠲᠥᠷᠥᠯ ᠬᠤᠪᠢᠶᠠᠨ ᠵᠣᠬᠢᠶᠠᠨ ᠪᠠᠶᠢᠭᠤᠯᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ ᠴᠢᠷᠮᠠᠶᠢᠨ ᠨᠡᠮᠡᠭᠳᠡᠭᠦᠯᠪᠡ᠃ ᠡᠨᠡ ᠵᠢᠯ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ 10326.45 ᠲᠦᠮᠡᠨ ᠮᠥ ᠳᠤ ᠬᠦᠷᠴᠦ᠂ 76.65 ᠲᠦᠮᠡᠨ ᠮᠥ ᠨᠡᠮᠡᠭᠳᠡᠨ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠡᠭᠦᠨ ᠤ ᠵᠡᠷᠭᠡ ᠳᠤ᠂ ᠠᠮᠤ ᠪᠤᠳᠠᠭᠠᠨ ᠤ ᠰᠠᠭᠤᠷᠢ ᠦᠢᠯᠡᠳᠪᠦᠷᠢᠯᠡᠬᠦ ᠴᠢᠳᠠᠮᠵᠢ ᠶᠢ ᠴᠢᠷᠮᠠᠶᠢᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ᠂ ᠬᠠᠷ᠎ᠠ ᠰᠢᠷᠣᠢ ᠶᠢ ᠬᠠᠮᠠᠭᠠᠯᠠᠬᠤ ᠴᠢᠨᠠᠷᠲᠠᠶ ᠪᠠᠷ ᠲᠠᠷᠢᠶᠠᠯᠠᠬᠤ᠂ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠪᠠ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ ᠪᠠᠶᠢᠨ᠎ᠠ᠃         ᠡᠭᠦᠨ ᠠᠴᠠ ᠭᠠᠳᠠᠨ᠎ᠠ᠂ ᠮᠠᠨ ᠤ ᠣᠷᠣᠨ ᠠᠮᠤ ᠪᠤᠳᠠᠭᠠᠨ ᠤ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠦᠷᠭᠦᠯᠵᠢᠯᠡᠨ ᠴᠢᠩᠭᠠᠳᠬᠠᠵᠤ᠂ ᠮᠡᠷᠭᠡᠵᠢᠯ ᠤᠨ ᠦᠢᠯᠡᠴᠢᠯᠡᠭᠡᠨ ᠤ ᠠᠷᠭ᠎ᠠ ᠶᠢ ᠰᠢᠨᠡᠴᠢᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ ᠭᠦᠶᠦᠭᠡᠨ ᠪᠤᠯᠠᠵᠤ ᠳᠤᠰᠤᠯᠭᠠᠨ ᠤᠰᠤᠯᠠᠬᠤ᠂ ᠭᠠᠩ ᠲᠠᠢ ᠲᠡᠮᠡᠴᠡᠵᠦ ᠭᠠᠮᠰᠢᠭ ᠢ ᠡᠰᠡᠷᠭᠦᠴᠡᠬᠦ ᠵᠡᠷᠭᠡ ᠤᠨᠠᠯᠲᠠ ᠶᠢ ᠨᠡᠮᠡᠭᠳᠡᠭᠦᠯᠬᠦ 20 ᠭᠠᠷᠤᠢ ᠢᠵᠢ ᠮᠡᠷᠭᠡᠵᠢᠯ ᠤᠨ ᠵᠠᠭᠪᠤᠷ ᠢ ᠳᠡᠯᠭᠡᠷᠡᠭᠦᠯᠵᠦ᠂ ︽ᠲᠠᠷᠢᠶᠠᠯᠠᠩ ᠤᠨ ᠮᠡᠷᠭᠡᠵᠢᠯ ᠤᠨ ᠡᠭᠦᠯᠡᠨ ᠬᠢᠴᠢᠶᠡᠯ ᠤᠨ ᠲᠠᠩᠬᠢᠮ︾ ᠢ ᠨᠡᠭᠡᠭᠡᠨ 3800 ᠭᠠᠷᠤᠶ ᠪᠢᠴᠢᠯ ᠸᠢᠳᠢᠣ᠋ ᠨᠡᠶᠢᠲᠡᠯᠡᠵᠦ᠂ ᠮᠡᠷᠭᠡᠵᠢᠯ ᠤᠨ ᠵᠢᠯᠣᠭᠤᠳᠣᠯᠭ᠎ᠠ ᠳᠤᠲᠠᠭᠳᠠᠬᠤ ᠥᠬᠡᠶ ᠪᠠᠶᠢᠬᠤ ᠶᠢ ᠦᠨᠡᠨ ᠬᠦ ᠪᠠᠲᠤᠯᠠᠭᠰᠠᠨ ᠤ ᠬᠠᠮᠲᠤ ᠪᠣᠬᠢᠷᠲᠤᠯ ᠥᠬᠡᠶ ᠴᠢᠨᠠᠷᠯᠢᠭ ᠥᠨᠳᠥᠷ ᠪᠦᠲᠦᠮᠵᠢᠲᠡᠶ ᠠᠵᠢᠯᠯᠠᠭ᠎ᠠ ᠪᠠ ᠤᠰᠤ ᠠᠷᠪᠢᠯᠠᠵᠤ ᠠᠮᠤ ᠪᠤᠳᠠᠭ᠎ᠠ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠲᠥᠷᠥᠯ ᠵᠦᠢᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠪᠠ᠃ ᠡᠭᠦᠨ ᠤ ᠵᠡᠷᠭᠡ ᠳᠤ᠂ ᠳᠠᠪᠠᠭᠤᠯᠢᠭ ᠦᠷ᠎ᠡ ᠶᠢᠨ ᠦᠢᠯᠡᠰ ᠤᠨ ᠡᠬᠢ ᠪᠠᠶᠠᠯᠢᠭ ᠢ ᠨᠡᠶᠢᠳᠬᠡᠵᠦ᠂ ᠡᠭᠦᠯᠳᠡᠷ ᠪᠤᠶᠢᠵᠢᠭᠤᠯᠬᠤ ᠰᠢᠨᠡᠴᠢᠯᠡᠯᠲᠡ ᠶᠢ ᠢᠳᠡᠪᠬᠢᠲᠡᠶ ᠠᠬᠢᠭᠤᠯᠤᠨ᠂ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠲᠤᠰᠬᠠᠶ ᠮᠡᠷᠭᠡᠵᠢᠯᠲᠡᠨ ᠤ ᠪᠦᠯᠬᠦᠮ ᠢ 14 ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ 7 ᠪᠠᠶᠢᠭᠤᠯᠵᠤ᠂ 185 ᠭᠤᠤᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠪᠠ᠃ ᠣᠳᠣᠬᠠᠨ ᠳᠤ᠂ ᠪᠥᠬᠦ ᠣᠷᠣᠨ ᠤ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 98% ᠠᠴᠠ ᠳᠡᠭᠡᠭᠰᠢ ᠬᠦᠷᠭᠡᠬᠦ ᠶᠢ ᠪᠠᠲᠤᠯᠠᠵᠤ ᠪᠤᠢ᠃\
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号