ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠪᠠᠭᠰᠢ ᠨᠠᠷ ᠲᠤ ᠪᠠᠨ ᠪᠤᠯᠪᠠᠰᠤᠷᠠᠯ ᠬᠦᠷᠳᠡᠭᠡᠨ ᠪᠦᠬᠦ ᠲᠠᠯ᠎ᠠ ᠶᠢᠨ ᠬᠦᠭᠵᠢᠯᠳᠠ ᠪᠠᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2021/3/31
    ᠤᠢᠢᠷ᠎ᠠ ᠶᠢᠨ ᠬᠤᠭᠤᠴᠠᠭᠠᠨ ᠳᠤ᠂ ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠪᠠᠭᠰᠢ ᠨᠠᠷ ᠲᠤ ᠪᠠᠨ ᠦᠷᠭᠦᠯᠵᠢ ᠪᠤᠯᠪᠠᠰᠤᠷᠠᠯ ᠬᠦᠷᠳᠡᠭᠡᠨ ᠬᠡᠪ ᠪᠤᠯᠪᠠᠰᠤᠷᠠᠯ ᠢ ᠨᠢ ᠲᠡᠭᠡᠭᠰᠢᠯᠡᠬᠦᠯᠵᠦ᠂ ᠤᠨᠴᠠᠭᠠᠢᠢᠯᠠᠨ ᠠᠵᠢᠯ ᠤᠨ ᠪᠠᠶᠢᠷᠢ ᠳᠤ ᠰᠢᠨ᠎ᠠ ᠪᠠᠷ ᠭᠠᠷᠴᠤ ᠪᠠᠶᠢᠭ᠎ᠠ ᠵᠠᠯᠠᠭᠤ ᠪᠠᠭᠰᠢ ᠨᠡᠷ ᠢᠶᠠᠨ ᠠᠵᠢᠯ ᠳᠤ ᠨᠢ ᠲᠦᠷᠭᠡᠨ ᠴᠠᠭᠠᠷᠠᠭᠤᠯᠬᠤ ᠶᠢ ᠠᠩᠬᠠᠷᠴᠤ᠂ ᠨᠡᠷᠡᠳᠤ ᠪᠠᠭᠰᠢ ᠪᠠ ᠭᠤᠥᠯᠯᠠᠭᠴᠢ ᠪᠠᠭᠰᠢ ᠶᠢᠨ ᠦᠢᠯᠡᠳᠦᠯ ᠢ ᠰᠠᠶᠢᠳᠤᠷ ᠪᠠᠳᠠᠷᠠᠭᠤᠯᠤᠨ᠂ ᠰᠤᠷᠭᠠᠭᠤᠯᠢ ᠶᠢᠨ ᠵᠢᠭᠠᠨ ᠰᠤᠷᠭᠠᠯᠳᠡ ᠶᠢᠨ ᠶᠠᠰᠤ ᠴᠢᠨᠠᠷ ᠤᠨ ᠲᠡᠭᠡᠭᠰᠢᠯᠡᠯᠳᠡ ᠳᠤ ᠪᠠᠨ ᠬᠦᠴᠦᠳᠦ ᠲᠤᠯᠭᠠᠭᠤᠷᠢᠯᠠᠯ ᠬᠠᠩᠭᠠᠵᠦ ᠪᠤᠢ᠃     ᠲᠤᠰ ᠰᠤᠷᠭᠠᠭᠤᠯᠢ ᠪᠠᠭᠰᠢ ᠨᠠᠷ ᠲᠤ ᠪᠠᠨ ᠪᠤᠯᠪᠠᠰᠤᠷᠠᠯ ᠬᠦᠷᠳᠡᠭᠡᠬᠦ ᠳᠤ ᠪᠠᠨ ᠰᠤᠷᠭᠠᠭᠤᠯᠢ ᠶᠢᠨ ᠵᠠᠬᠢᠷᠤᠯ ᠡᠷᠭᠢᠯᠡᠭᠰᠡᠨ ︽ᠢᠷᠡᠭᠡᠳᠤᠢ ᠶᠢᠨ ᠪᠠᠭᠰᠢ ᠶᠢᠨ ᠪᠦᠷᠢᠯᠳᠤᠬᠦᠯᠪᠡᠰᠤ ᠵᠤᠬᠢᠬᠤ ᠦᠨᠳᠦᠰᠦᠨ ᠴᠢᠳᠠᠪᠤᠷᠢ ᠪᠠ ᠭᠤᠤᠯᠯᠠᠭᠴᠢ ᠬᠡᠪ ᠴᠢᠨᠠᠷ︾ ᠭᠡᠬᠦ ᠭᠤᠥᠯ ᠰᠡᠳᠤᠪᠳᠤ ᠲᠤᠰᠬᠠᠢ ᠰᠠᠭᠤᠳᠠᠯ ᠤᠨ ᠬᠤᠷᠠᠯ ᠬᠢᠵᠦ᠂ ᠦᠪᠠᠷᠳᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠬᠴᠢ ᠴᠢ ᠶᠢᠨ ᠪᠠᠭᠰᠢ ᠪᠠ ᠤᠯᠠᠭᠠᠨᠬᠠᠳᠠ ᠬᠤᠳᠠ ᠶᠢᠨ ᠲᠢᠶᠠᠨᠱᠠᠨ ᠮᠤᠩᠭᠤᠯ ᠰᠤᠷᠭᠠᠭᠤᠯᠢ ᠶᠢᠨ ᠳᠠᠪᠬᠤᠷᠪᠠᠶᠠᠷ ᠪᠠᠭᠰᠢ ᠶᠢ ᠤᠷᠢᠵᠦ ᠲᠤᠰᠬᠠᠢ ᠲᠠᠶᠢᠯᠤᠮᠵᠢ ᠬᠢᠯᠭᠡᠨ᠂ ᠪᠠᠰᠠ ᠪᠠᠭᠰᠢ ᠨᠠᠷ ᠤᠨ ᠬᠡᠪ ᠪᠤᠯᠪᠠᠰᠤᠷᠠᠯ ᠤᠨ ᠤᠷᠤᠯᠳᠤᠭᠠᠨ᠂ ᠵᠠᠯᠠᠭᠤ ᠪᠠᠭᠰᠢ ᠨᠠᠷ ᠤᠨ ᠦᠨᠳᠤᠰᠤᠨ ᠴᠢᠳᠠᠪᠤᠷᠢ ᠶᠢᠨ ᠤᠷᠤᠯᠳᠤᠭᠠᠨ ᠵᠡᠷᠭᠡ ᠶᠢ ᠡᠷᠬᠢᠯᠡᠨ ᠶᠠᠪᠤᠭᠳᠠᠭᠤᠯᠵᠤ᠂ ᠨᠡᠷᠡᠳᠤ ᠪᠠᠭᠰᠢ ᠶᠢᠨ ᠲᠠᠶᠢᠴᠢᠨ ᠦᠢᠯᠡᠳᠦᠯ ᠢ ᠪᠠᠳᠠᠷᠠᠭᠤᠯᠤᠨ᠂ ᠵᠢᠭᠠᠨ ᠰᠤᠷᠭᠠᠯᠳᠠ ᠶᠢᠨ ᠡᠳ᠋ ᠪᠠᠶᠠᠯᠢᠭ ᠢ ᠬᠠᠮᠳᠤ ᠪᠠᠷ ᠡᠳ᠋ᠯᠡᠵᠦ᠂ ᠵᠢᠭᠠᠨ ᠰᠤᠷᠭᠠᠯᠳᠠ ᠶᠢᠨ ᠶᠠᠰᠤ ᠴᠢᠨᠠᠷ ᠢᠶᠠᠨ ᠦᠨᠡᠨ ᠭᠦ ᠲᠡᠭᠡᠭᠰᠢᠯᠡᠭᠦᠯᠵᠦ᠂ ᠪᠠᠭᠰᠢ ᠨᠠᠷ ᠤᠨ ᠪᠦᠬᠦ ᠲᠠᠯ᠎ᠠ ᠶᠢᠨ ᠬᠦᠭᠵᠢᠯᠳᠠ ᠶᠢ ᠠᠬᠢᠭᠤᠯᠵᠤ ᠪᠤᠢ᠃      ︵ᠴᠤᠯᠮᠤᠨ︶    
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号