2021 ᠣᠨ ᠤ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2021/4/27
          —— 2021 ᠣᠨ ᠤ 3 ᠰᠠᠷ᠎ᠠ ᠶᠢᠨ 5 ᠤ ᠡᠳᠦᠷ ᠤᠯᠠᠭᠠᠨᠬᠤᠲᠠ ᠶᠢᠨᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ      ᠬᠤᠳᠠ ᠶᠢᠨ ᠳᠠᠷᠤᠭ᠎ᠠ ᠸᠠᠩ ᠶᠢᠩ ᠵᠢᠶᠧ ᠲᠥᠯᠥᠭᠡᠯᠡᠭᠴᠢᠳ ᠡ᠄     ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃     ︽ᠠᠷᠪᠠᠨ ᠭᠤᠷᠪᠠᠳᠤᠭᠠᠷ ᠲᠠᠪᠤᠨ︾ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ     ︽ᠠᠷᠪᠠᠨ ᠭᠤᠷᠪᠠᠳᠤᠭᠠᠷ ᠲᠠᠪᠤᠨ︾ ᠵᠢᠯ ᠤᠨ ᠬᠤᠭᠤᠴᠠᠭ᠎ᠠ ᠪᠣᠯ ᠮᠠᠨ ᠤ ᠬᠤᠲᠠ ᠶᠢᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠲᠠᠪᠤᠨ ᠵᠢᠯ ᠪᠣᠯᠤᠨ᠎ᠠ᠃ ᠲᠠᠪᠤᠨ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠬᠤᠲᠠ ᠶᠢᠨ ᠵᠠᠰᠠᠭ ᠤᠨ ᠣᠷᠳᠣᠨ ᠪᠦᠬᠦ ᠬᠤᠲᠠ ᠶᠢᠨ 36 ᠲᠦᠮᠡᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠦᠰᠢᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠳᠤᠮᠳᠠ ᠬᠥᠭᠵᠢᠯᠲᠡ ᠶᠢ ᠠᠬᠢᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠡᠷᠡᠯᠬᠡᠭᠯᠡᠨ ᠤᠷᠤᠭᠰᠢᠯᠠᠵᠤ᠂ ᠠᠵᠠ ᠲᠣᠬᠢᠶᠠᠯ ᠢ ᠠᠮᠵᠢᠨ ᠳᠠᠪᠠᠯᠲᠠ ᠶᠢ ᠡᠷᠢᠯᠬᠢᠯᠡᠵᠦ᠂ ᠠᠷᠠᠳ ᠤᠨ ᠠᠮᠢᠳᠤᠷᠠᠯ ᠢ ᠪᠠᠲᠤᠯᠠᠬᠤ ᠳᠤᠮᠳᠠ ᠡᠶ᠎ᠡ ᠵᠣᠬᠢᠴᠠᠯ ᠢ ᠨᠡᠮᠡᠭᠳᠡᠭᠦᠯᠵᠦ ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠠᠯ᠎ᠠ ᠪᠠᠷ ᠰᠢᠢᠳᠪᠦᠷᠢᠯᠡᠭᠴᠢ ᠴᠢᠨᠠᠷᠲᠠᠢ ᠠᠮᠵᠢᠯᠲᠠ ᠪᠦᠲᠦᠮᠵᠢ ᠤᠯᠵᠠᠢ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠵᠦ᠂ ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠲᠠ᠂ ᠪᠥᠬᠦ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠬᠤᠲᠠ᠂ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠬᠤᠲᠠ᠂ ᠤᠯᠤᠰ ᠤᠨ ᠲᠠᠰ ᠤᠨ ᠡᠬᠡ ᠨᠢᠯᠬ᠎ᠠ ᠶᠢᠨ ᠡᠷᠡᠭᠦᠯ ᠴᠢᠭᠢᠷᠠᠭ ᠴᠢᠨᠠᠷ ᠰᠠᠶᠢᠲᠠᠶ ᠵᠢᠱᠢᠶ᠎ᠡ ᠦᠵᠡᠭᠦᠯᠬᠦ ᠰᠢᠶᠠᠨ᠂ ᠪᠥᠬᠦ ᠤᠯᠤᠰ ᠤᠨ ᠡᠯᠧᠺᠲᠷᠣᠨ ᠬᠤᠳᠠᠯᠳᠤᠭᠠᠨ ᠤ ᠵᠢᠱᠢᠶ᠎ᠡ ᠦᠵᠡᠭᠦᠯᠬᠦ ᠵᠠᠭᠤᠨ ᠰᠢᠯᠢᠳᠡᠭ ᠰᠢᠶᠠᠨ᠂ ᠪᠥᠬᠦ ᠤᠯᠤᠰ ᠤᠨ ᠠᠩᠬᠠᠳᠠᠭᠴᠢ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠰᠢᠶᠠᠨ ᠂ ᠪᠥᠬᠦ ᠤᠯᠤᠰ ᠤᠨ ᠲᠥᠯᠥᠪᠯᠡᠭᠡᠲᠦ ᠦᠷᠡᠵᠢᠯ ᠤᠨ ᠴᠢᠨᠠᠷ ᠰᠠᠶᠢᠲᠠᠶ ᠦᠢᠯᠡᠴᠢᠯᠡᠭᠡᠨ ᠤ ᠲᠡᠷᠢᠭᠦᠨ ᠤ ᠨᠢᠭᠡᠴᠢ᠂ ᠪᠥᠬᠦ ᠤᠯᠤᠰ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ᠂ ᠬᠤᠶᠠᠷ ᠤᠳᠠᠭ᠎ᠠ ᠤᠯᠤᠰ ᠤᠨ ᠳᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠬᠦᠷᠭᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠵᠦ᠂ ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ᠂ ᠲᠥᠪ ᠤᠨ ᠲᠥᠯᠥᠭᠡᠯᠡᠭᠴᠢᠳ ᠤᠨ ᠪᠦᠯᠬᠦᠮ ᠠᠴᠠ ︽ᠤᠯᠠᠭᠠᠠᠬᠤᠲᠠ ᠣᠷᠣᠰᠢᠨ ᠰᠠᠭᠤᠬᠤ ᠳᠤ ᠨᠡᠩ ᠲᠠᠭᠠᠯᠠᠮᠵᠢᠲᠠᠢ︾  ᠭᠡᠬᠦ ᠥᠨᠳᠥᠷ ᠦᠨᠡᠯᠡᠯᠲᠡ ᠨᠢ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠠᠶᠠᠷᠯᠠᠭᠤᠯᠤᠨ ᠵᠣᠷᠢᠭᠵᠢᠭᠤᠯᠤᠭᠰᠠᠨ ᠪᠠᠶᠢᠨ᠎ᠠ᠃     ᠥᠩᠭᠡᠷᠡᠭᠰᠡᠨ ᠲᠠᠪᠤᠨ ᠵᠢᠯ ᠳᠤ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ︽ᠲᠣᠭᠲᠠᠯ ᠬᠦᠴᠦᠨ︾ ᠢᠶᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ︽ᠬᠠᠮᠲᠤᠷᠠᠯ ᠬᠦᠴᠦᠨ︾ ᠢ ᠨᠢᠭᠲᠠᠷᠠᠭᠤᠯᠵᠤ᠂ ᠠᠵᠤ ᠠᠬᠤᠢ ᠶᠢᠨ ᠬᠥᠭᠵᠢᠯᠲᠡ ᠬᠤᠷᠳᠤᠴᠠ ᠲᠠᠢ᠂ ᠨᠡᠩ ᠶᠠᠰᠤ ᠴᠢᠨᠠᠷ ᠲᠠᠢ ᠪᠣᠯᠵᠠᠢ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ︽ᠨᠢᠭᠡ ᠪᠦᠰᠡ ᠨᠢᠭᠡ ᠵᠠᠮ︾᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠠᠶᠢᠮᠠᠭ ᠬᠤᠲᠠ ᠶᠢᠨ ᠲᠠᠪᠠᠯᠳᠠᠳᠤ ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 92 ᠴᠢᠬᠤᠯᠠ ᠶᠡᠭᠡ ᠲᠥᠷᠥᠯ ᠵᠦᠢᠯ ᠢ ᠨᠠᠷᠢᠨ ᠨᠢᠮᠪᠠᠶ ᠲᠥᠯᠥᠪᠯᠡᠨ ᠬᠡᠷᠡᠭᠵᠢᠭᠦᠯᠵᠦ᠂ 313 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠂ ᠲᠣᠭᠲᠠᠭᠤᠨ ᠢᠶᠠᠷ ᠨᠡᠮᠡᠭᠳᠡᠭᠦᠯᠬᠦ ᠶᠠᠪᠤᠴᠠ ᠳᠤ ᠬᠥᠳᠡᠯᠭᠡᠭᠴᠢ ᠡᠨᠧᠷᠭᠢ ᠶᠢᠨ ᠰᠢᠨᠡᠴᠢᠯᠡᠯᠲᠡ᠂ ᠶᠠᠰᠤ ᠴᠢᠨᠠᠷ ᠨᠠᠩ ᠰᠠᠶᠢᠨ ᠪᠣᠯᠬᠤ ᠶᠢ ᠪᠡᠶᠡᠯᠡᠭᠦᠯᠵᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠥᠪᠯᠡᠷᠡᠭᠦᠯᠦᠨ ᠰᠢᠢᠳᠪᠦᠷᠢᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠢᠢᠳᠪᠦᠷᠢᠯᠡᠵᠦ ᠳᠠᠭᠤᠰᠬᠠᠬᠤ ᠴᠠᠭ ᠬᠤᠭᠤᠴᠠᠭ᠎ᠠ ᠶᠢ ᠳᠤᠮᠳᠠᠴᠢ ᠪᠠᠷ 70% ᠰᠢᠬᠠᠮ ᠢᠶᠠᠷ ᠪᠠᠭᠠᠰᠬᠠᠵᠤ᠂ 112 ᠥᠨᠳᠥᠷ ᠲᠠᠪᠳᠠᠮᠵᠢᠳᠦ ᠵᠦᠢᠯᠡᠰ ᠤᠨ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 38 ᠲᠦᠮᠡᠨ ᠡᠷᠤᠭᠡ ᠳᠤ ᠬᠦᠷᠭᠡᠵᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠤᠨ ᠬᠢ ᠠᠴᠠ 22.3% ᠪᠠᠷ ᠨᠡᠮᠡᠭᠳᠡᠭᠦᠯᠪᠡ᠃ ᠤᠳᠤᠷᠢᠳᠤᠯᠭ᠎ᠠ ᠶᠢᠨ ᠬᠤᠳᠠᠯᠳᠤᠭᠠᠴᠢᠨ ᠤᠷᠢᠬᠤ᠂ ᠬᠠᠷᠠᠯᠲᠠ ᠲᠠᠢ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 583 ᠵᠦᠢᠯᠡᠰ ᠢ ᠵᠣᠯᠭᠠᠭᠤᠯᠤᠨ ᠵᠥᠪᠳᠡᠯᠴᠡᠵᠦ᠂ 269 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠳᠡᠭᠡᠭᠰᠢ ᠪᠠᠨ 91 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠤᠯᠬᠤ ᠪᠠᠷ ᠴᠢᠷᠮᠠᠶᠢᠵᠠᠢ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ᠂ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 177 ᠳ᠋ᠦᠩᠰᠢᠭᠤᠷ ᠲᠥᠭᠦᠷᠢᠭ ᠲᠤ ᠬᠦᠷᠴᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ 1.1 ᠳᠠᠬᠢᠨ ᠪᠣᠯᠵᠣ᠂ ᠬᠥᠮᠦᠨ ᠳᠤᠮᠳᠠᠴᠢ ᠶᠢᠨ GDP ᠲᠠᠪᠤᠨ ᠵᠢᠯ ᠳᠠᠷᠠᠭᠠᠯᠠᠨ ᠪᠥᠬᠦ ᠠᠶᠢᠮᠠᠭ ᠤᠨ ᠨᠢᠭᠡᠳᠦᠭᠡᠷ ᠲᠤ ᠣᠷᠣᠵᠠᠢ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 10 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 1.4 ᠳᠠᠬᠢᠨ ᠪᠣᠯᠵᠠᠶ᠃ ᠬᠤᠲᠠ ᠪᠠᠯᠭᠠᠰᠤ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 34476 ᠲᠥᠭᠦᠷᠢᠭ᠂ 18379 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 8.8%᠂ 12.3% ᠪᠠᠷ ᠨᠡᠮᠡᠭᠳᠡᠨ᠂ ᠲᠣᠰ ᠲᠣᠰ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 1.4 ᠳᠠᠬᠢᠨ᠂ 1.6 ᠳᠠᠬᠢᠨ ᠪᠣᠯᠪᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠨᠡᠶᠢᠲᠡ 460 ᠳ᠋ᠦᠩᠰᠢᠭᠤᠷ ᠲᠥᠭᠦᠷᠢᠭ ᠲᠤ ᠬᠦᠷᠴᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ 1.4 ᠳᠠᠬᠢᠨ ᠪᠣᠯᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 415 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ᠃ ᠭᠤᠷᠪᠠᠨ ᠠᠵᠤ ᠦᠢᠯᠡᠰ ᠤᠨ ᠪᠦᠲᠦᠴᠡ ᠶᠢ 6᠄ 47᠄ 47 ᠪᠠᠶᠢᠭᠰᠠᠨ ᠠᠴᠠ 84᠄ 39.6᠄ 52 ᠪᠣᠯᠭᠠᠨ ᠲᠣᠬᠢᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠨᠡᠩ ᠵᠣᠬᠢᠴᠠᠩᠭᠤᠶ ᠪᠣᠯᠭᠠᠵᠤ᠂ ᠪᠦᠲᠦᠴᠡ ᠶᠢ ᠨᠡᠩ ᠰᠢᠯᠢᠳᠡᠭᠵᠢᠭᠦᠯᠵᠡᠢ᠃     ᠥᠩᠭᠡᠷᠡᠭᠰᠡᠨ ᠲᠠᠪᠤᠨ ᠵᠢᠯ ᠳᠤ᠂ ᠪᠢᠳᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ︽ᠭᠦᠨᠴᠡ︾ ᠪᠠᠷ ᠪᠣᠭᠤᠮᠲᠠ ᠰᠢᠪᠲᠤᠯᠬᠤ ᠳᠠᠶᠢᠯᠠᠯᠳᠤᠭᠠᠨ ᠤ ︽ᠣᠨᠣᠪᠴᠢ︾ ᠶᠢ ᠬᠠᠷᠭᠤᠭᠤᠯᠵᠤ᠂ ᠴᠢᠨᠡᠭᠡᠯᠢᠭ ᠨᠡᠶᠢᠭᠡᠮ ᠤᠨ ᠰᠢᠢᠳᠪᠦᠷᠢᠲᠦ ᠢᠯᠠᠯᠲᠠ ᠶᠢ ᠲᠡᠮᠡᠴᠡᠨ ᠤᠯᠬᠤ ᠳᠤ ᠬᠠᠷᠢᠭᠤᠴᠠᠯᠭ᠎ᠠ ᠲᠠᠢ ᠪᠥᠭᠡᠳ ᠨᠡᠩ ᠶᠡᠭᠡ ᠵᠢᠳᠬᠦᠯ ᠴᠢᠷᠮᠠᠶᠢᠯᠭ᠎ᠠ ᠲᠠᠢ ᠶᠤᠮ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠠᠷᠠᠳ ᠤᠨ ᠰᠡᠳᠬᠢᠯ ᠤᠨ ᠬᠠᠮᠤᠭ ᠤᠨ ᠶᠡᠭᠡ ᠢᠨᠵᠧᠨᠧᠷᠢᠩ ᠪᠣᠯᠭᠠᠵᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠲᠡ 4.5 ᠳ᠋ᠦᠩᠰᠢᠭᠤᠷ ᠲᠥᠭᠦᠷᠢᠭ ᠣᠷᠣᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠠᠴᠠ ᠳᠣᠤᠷ᠎ᠠ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢᠶᠠᠷ ᠨᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠲᠣᠰᠬᠤᠨ ᠢ ᠪᠦᠬᠦᠨ ᠢᠶᠠᠷ ᠨᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯ ᠡᠭᠦᠰᠬᠦ ᠨᠣᠷᠮ᠎ᠠ ᠶᠢ 2015 ᠣᠨ ᠤ 6.6% ᠪᠠᠶᠢᠭᠰᠠᠨ ᠠᠴᠠ 0 ᠪᠣᠯᠭᠠᠨ ᠪᠠᠭᠤᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠶᠢ 2015 ᠣᠨ ᠤ ᠡᠴᠦᠰ ᠤᠨ 3332 ᠲᠥᠭᠦᠷᠢᠭ ᠪᠠᠶᠢᠭᠰᠠᠨ ᠠᠴᠠ 15103 ᠲᠥᠭᠦᠷᠢᠭ ᠪᠣᠯᠭᠠᠨ ᠨᠡᠮᠡᠭᠳᠡᠭᠦᠯᠵᠦ᠂ ᠪᠥᠬᠦ ᠣᠷᠣᠨ ᠳᠤ ᠤᠷᠢᠳᠠᠪᠠᠷ ᠬᠥᠮᠦᠨ ᠨᠢ ᠶᠠᠳᠠᠭᠤ ᠠᠴᠠ ᠠᠩᠭᠢᠵᠢᠷᠠᠵᠤ᠂ ᠰᠢᠶᠠᠨ ᠨᠢ ᠶᠠᠳᠠᠭᠤ ᠬᠦᠴᠢᠷᠳᠡᠯᠲᠡᠢ ᠮᠠᠯᠠᠭᠠᠢ ᠪᠠᠨ ᠠᠪᠴᠤ ᠬᠠᠶᠠᠬᠤ ᠶᠢ ᠪᠡᠶᠡᠯᠡᠭᠦᠯᠵᠡᠢ᠃ ᠥᠨᠥᠳᠦᠷ ᠤᠨ ᠤᠯᠠᠭᠠᠠᠬᠤᠲᠠ ᠶᠢᠨ ᠡᠭᠡ ᠭᠠᠵᠠᠷ ᠲᠤ᠂ ᠲᠦᠢᠯ ᠤᠨ ᠶᠠᠳᠠᠭᠤ ᠬᠦᠴᠢᠷᠳᠡᠯ ᠪᠠᠶᠢᠳᠠᠯ ᠢ ᠲᠡᠦᠬᠡᠲᠦ ᠴᠢᠨᠠᠷᠲᠠᠢ ᠪᠠᠷ ᠠᠷᠢᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠵᠠᠮ ᠳᠤ ᠨᠢᠭᠡ ᠴᠦ ᠡᠷᠦᠬᠡ ᠬᠤᠴᠣᠷᠤᠭᠰᠠᠨ ᠦᠭᠡᠢ᠂ ᠨᠢᠭᠡ ᠴᠦ ᠬᠥᠮᠦᠨ ᠡᠩᠨᠡᠭᠡ ᠠᠴᠠ ᠪᠠᠨ ᠬᠤᠴᠣᠷᠤᠭᠰᠠᠨ ᠦᠭᠡᠢ᠃ ᠬᠦᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ︽ᠡᠷᠬᠢᠨ ᠬᠠᠷᠠᠵᠤ︾ ᠬᠠᠷᠢᠭᠤ ᠲᠤᠰᠬᠠᠭᠰᠠᠨ ᠰᠠᠨᠠᠯ ᠢ ᠪᠦᠬᠦᠨ ᠢ ᠬᠦᠴᠦᠨ ᠦᠭᠡᠢ ᠪᠣᠯᠭᠠᠵᠠᠢ᠃ ᠡᠩ ᠲᠡᠷᠢᠭᠦᠨ ᠳᠤ ᠪᠦᠬᠦ ᠣᠷᠣᠨ ᠳᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ᠲᠤᠭᠤᠷ ᠤᠨ ᠭᠤᠣᠯ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠤᠯᠤᠰ ᠤᠨ ᠳᠡᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢᠶᠠᠷ ᠦᠨᠡᠯᠡᠭᠳᠡᠵᠡᠢ᠃ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠪᠣᠯᠤᠨ ᠪᠦᠳᠦᠬᠡᠨ ᠪᠠᠶᠢᠭᠤᠯᠤᠭᠰᠠᠨ ᠣᠷᠣᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠶᠢ ᠲᠤᠰ ᠲᠤᠰ 34%᠂ 40% ᠳᠤ ᠬᠦᠷᠭᠡᠵᠦ᠂ ᠠᠭᠠᠷ ᠤᠨ ᠰᠢᠯᠢᠳᠡᠭ ᠰᠠᠶᠢᠨ ᠪᠠᠶᠢᠬᠤ ᠨᠤᠷᠮ᠎ᠠ ᠶᠢ ᠤᠷᠳᠤ ᠬᠤᠭᠤᠴᠠᠭ᠎ᠠ ᠪᠠᠷ 97% ᠠᠴᠠ ᠳᠡᠭᠡᠭᠰᠢ ᠳᠤ ᠲᠣᠭᠲᠠᠪᠤᠷᠢᠵᠢᠭᠤᠯᠵᠠᠢ᠃ ︽ᠭᠤᠷᠪᠠᠨ ᠠᠭᠤᠯᠠ ᠬᠤᠶᠠᠷ ᠭᠤᠣᠯ ᠨᠢᠭᠡ ᠨᠤᠭᠤ ᠭᠠᠵᠠᠷ︾ ᠤᠨ ᠲᠣᠭᠤᠷᠢᠨ ᠳᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠡᠭᠷᠢᠯᠢᠭ ᠬᠥᠪᠡᠭᠦᠨ ᠲᠡᠭᠷᠢ ᠶᠢᠨ ᠬᠥᠯᠦᠭ ᠠᠮᠢ ᠠᠬᠤᠢ ᠶᠢᠨ ᠵᠤᠭᠠᠴᠠᠯ ᠤᠨ ᠠᠮᠠᠷᠠᠯᠲᠠ ᠶᠢᠨ ᠣᠷᠣᠨ᠂ ᠶᠡᠭᠡ ᠬᠢᠩᠭᠠᠨ ᠳᠠᠪᠠᠭ᠎ᠠ ᠶᠢᠨ ᠠᠮᠢ ᠠᠬᠤᠢ ᠶᠢᠨ ᠰᠣᠶᠣᠯ ᠤᠨ ᠬᠦᠷᠢᠶᠡᠯᠡᠩ ᠂ ᠲᠤᠭᠤᠷ ᠤᠨ ᠭᠤᠣᠯ ᠤᠯᠤᠰ ᠤᠨ ᠨᠤᠭᠤ ᠭᠠᠵᠠᠷ ᠤᠨ ᠴᠡᠴᠡᠷᠯᠢᠭ᠂ ᠱᠧᠨ ᠵᠢᠶᠦ᠋ᠨ ᠸᠠᠨ ᠠᠮᠢ ᠠᠬᠤᠢ ᠶᠢ ᠪᠡᠶᠡᠴᠢᠯᠡᠨ ᠣᠶᠢᠯᠠᠭᠠᠬᠤ ᠣᠷᠣᠨ ᠵᠡᠷᠭᠡ ᠠᠮᠢ ᠠᠬᠤᠢ ᠶᠢ ᠬᠠᠮᠠᠭᠠᠯᠠᠵᠤ ᠰᠡᠷᠭᠦᠭᠡᠬᠦ‍ ᠨᠢᠭᠡ ᠪᠦᠯᠦᠭ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠠᠶᠢᠭᠤᠯᠵᠤ᠂ ︽ᠠᠭᠤᠯᠠ ᠶᠢ ᠣᠯᠵᠤ ᠬᠠᠷᠠᠬᠤ᠂ ᠤᠰᠤ ᠶᠢ ᠣᠯᠵᠤ ᠬᠠᠷᠠᠬᠤ᠂ ᠨᠤᠲᠤᠭ ᠤᠨ ᠮᠥᠷᠥᠭᠡᠳᠦᠯ ᠢ ᠴᠡᠭᠡᠵᠢᠯᠡᠵᠦ ᠳᠡᠶᠢᠯᠬᠦ︾ ᠠᠮᠢ ᠠᠬᠤᠢ ᠠᠷᠠᠳ ᠤᠨ ᠠᠮᠢᠳᠤᠷᠠᠯ ᠤᠨ ᠵᠢᠷᠤᠭ ᠢ ᠵᠢᠷᠤᠭᠯᠠᠵᠠᠢ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ᠂ ᠴᠣᠬᠢᠯᠲᠠ ᠥᠭᠬᠦ ᠪᠠ ᠰᠢᠢᠳᠪᠦᠷᠢᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠠᠯᠳᠠ ᠥᠭᠴᠡᠭᠡ ᠶᠢᠨ ᠶᠡᠷᠦᠩᠬᠡᠶ ᠬᠡᠮᠵᠢᠶ᠎ᠡ ᠶᠢᠨ 88% ᠶᠢ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠭᠰᠡᠨ ᠲᠠᠩᠰᠠᠨ ᠵᠣᠭᠤᠰ ᠢ ᠪᠦᠬᠦᠨ ᠢ ᠳᠥᠯᠥᠵᠦ ᠳᠠᠭᠤᠰᠬᠠᠨ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃     ᠥᠩᠭᠡᠷᠡᠭᠰᠡᠨ ᠲᠠᠪᠤᠨ ᠵᠢᠯ ᠳᠤ᠂ ᠪᠢᠳᠡ ᠬᠦᠴᠢᠷ ᠲᠦᠪᠡᠭ ᠢ ᠠᠷᠢᠯᠭᠠᠨ ᠬᠦᠴᠢᠷᠳᠡᠯ ᠢ ᠰᠢᠢᠳᠪᠦᠷᠢᠯᠡᠬᠦ ︽ᠡᠷᠴᠢ ᠵᠣᠷᠢᠭ︾ ᠢᠶᠠᠷ ᠰᠥᠷᠭᠡᠦ ᠪᠠᠶᠢᠳᠠᠯ ᠢ ᠰᠥᠷᠴᠦ᠂ ᠥᠭᠡᠳᠡᠯᠡᠨ ᠮᠠᠨᠳᠤᠬᠤ ︽ᠡᠷᠴᠢ ᠵᠣᠷᠢᠭ︾ ᠢ ᠬᠤᠷᠠᠮᠳᠤᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠠᠮᠵᠢᠯᠲᠠ ᠲᠠᠢ ᠪᠣᠯᠤᠭᠰᠠᠨ ᠪᠥᠭᠡᠳ ᠨᠡᠩ ᠶᠡᠭᠡ ᠲᠠᠯᠳᠠ ᠬᠦᠴᠦᠨ ᠲᠠᠢ ᠪᠣᠯᠤᠭᠰᠠᠨ ᠪᠠᠶᠢᠨ᠎ᠠ᠃ ᠠᠵᠤ ᠦᠢᠯᠡᠳᠪᠦᠷᠢ ᠶᠢᠨ ᠠᠵᠤ ᠠᠬᠤᠶ ᠶᠢ ᠲᠠᠪᠤᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠲᠠᠮᠠᠬᠢᠨ ᠦᠢᠯᠡᠳᠪᠦᠷᠢ ᠶᠢᠨ ᠭᠠᠭᠴᠠ ᠠᠪᠳᠠᠷ᠎ᠠ ᠶᠢᠨ ᠠᠰᠢᠭ ᠭᠠᠶᠢᠯᠢ ᠲᠦᠮᠡᠨ ᠲᠥᠭᠦᠷᠢᠭ ᠢ ᠳᠠᠪᠠᠵᠤ᠂ ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ᠶᠢᠨ ᠦᠢᠯᠡᠳᠬᠦᠨ ᠤ ᠥᠷᠲᠡᠭ 50 ᠳ᠋ᠦᠩᠰᠢᠭᠤᠷ ᠲᠥᠭᠦᠷᠢᠭ ᠢ ᠳᠠᠪᠠᠵᠤ᠂ ᠥᠪᠥᠷ ᠮᠣᠩᠭᠤᠯ ᠤᠨ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ ᠪᠥᠬᠦ ᠠᠶᠢᠮᠠᠭ ᠤᠨ 70% ᠠᠴᠠ ᠳᠡᠭᠡᠭᠰᠢᠬᠢ ᠶᠢ ᠡᠵᠡᠯᠡᠵᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠵᠤ ᠦᠢᠯᠡᠳᠪᠦᠷᠢ ᠶᠢᠨ ᠬᠥᠭᠵᠢᠯᠲᠡ ᠶᠢ ᠲᠦᠷᠭᠡᠳᠬᠡᠬᠦ ᠨᠢᠭᠡᠳᠦᠭᠡᠷ ᠭᠠᠷᠳᠠᠴᠠ ᠪᠣᠯᠭᠠᠵᠤ᠂ ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ᠶᠢᠨ ᠪᠣᠯᠣᠳ ᠬᠠᠶᠢᠯᠤᠭᠤᠯᠬᠤ ᠲᠣᠨᠤᠭ ᠲᠥᠬᠦᠭᠡᠷᠦᠮᠵᠢ ᠶᠢ ᠰᠣᠯᠢᠬᠤ ᠣᠷᠴᠢᠨ ᠲᠣᠭᠤᠷᠢᠨ ᠤ ᠬᠠᠮᠠᠭᠠᠯᠠᠯᠲᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠪᠦᠷᠢᠨ ᠪᠣᠰᠤ ᠬᠠᠷᠢᠭᠤᠴᠠᠯᠭᠠᠲᠤ ᠺᠤᠮᠫᠠᠨᠢ ᠶᠢᠨ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠥᠪᠦᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠬᠤ ᠪᠡᠯᠡ ᠣᠷᠤᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠢᠩᠭᠠᠨ ᠢᠯᠴᠢ ᠶᠢᠨ ᠴᠠᠬᠢᠯᠭᠠᠨ ᠤ ᠴᠠᠬᠢᠯᠭᠠᠨ ᠢᠶᠠᠷ ᠢᠯᠴᠢ ᠬᠤᠷᠠᠮᠳᠤᠭᠤᠯᠬᠤ ᠣᠷᠭᠢᠯ ᠢ ᠳᠣᠭᠢᠷᠠᠭᠤᠯᠬᠤ ᠵᠡᠷᠭᠡ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ  ᠵᠦᠢᠯ 116 ᠬᠡᠷᠡᠭᠵᠢᠭᠦᠯᠵᠦ ᠂ 71.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠨᠡᠷᠡᠬᠦ᠂ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠵᠡᠷᠭᠡ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠠᠮᠢᠳᠤ ᠪᠣᠳᠠᠰ ᠤᠨ ᠡᠮ ᠨᠠᠶᠢᠷᠬᠤ᠂ ᠴᠡᠪᠡᠷ ᠡᠨᠧᠷᠭᠢ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠰᠠᠶᠢᠨ ᠪᠠᠶᠢᠳᠠᠯ ᠢ ᠢᠯᠡᠷᠡᠭᠦᠯᠵᠦ᠂ ᠶᠠᠩᠵᠤᠤᠷ ᠲᠠᠮᠠᠬᠢ᠂ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠵᠡᠷᠭᠡ ᠤᠯᠠᠮᠵᠢᠯᠠᠯᠲᠤ ᠠᠵᠤ ᠦᠢᠯᠡᠰ ᠤᠨ ᠥᠭᠡᠷᠡᠴᠢᠯᠡᠨ ᠲᠠᠰ ᠳᠡᠪᠰᠢᠭᠦᠯᠬᠦ ᠳᠤᠮᠳᠠ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠪᠥᠬᠦ ᠠᠶᠢᠮᠠᠭ ᠤᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠡᠷᠢᠭᠦᠨ ᠬᠥᠳᠡᠯᠭᠡᠭᠦᠷ ᠪᠣᠯᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠠᠵᠤ ᠦᠶᠯᠡᠰᠵᠢᠯᠲᠡ ᠶᠢᠨ ᠬᠥᠲᠥᠴᠢ ᠠᠵᠤ ᠠᠬᠤᠶᠢᠯᠠᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠵᠡᠷᠭᠡ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ 116 ᠢᠷᠠᠭᠤ ᠠᠯᠳᠠᠷ ᠢ ᠭᠥᠷᠳᠡᠵᠦ᠂  ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠳᠤᠯ ᠢ ᠦᠨᠡᠯᠡᠨ ᠵᠢᠱᠢᠵᠦ ᠣᠨᠣᠰᠢᠯᠠᠬᠤ ᠪᠠ ᠪᠠᠷᠢᠮᠵᠢᠶ᠎ᠠ ᠪᠠᠷ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠥᠲᠥᠯᠬᠦ ᠶᠢ 46 ᠪᠡᠶᠡᠯᠡᠭᠦᠯᠵᠦ᠂ ᠨᠡᠶᠢᠲᠡᠯᠢᠭ ᠵᠢᠱᠢᠶ᠎ᠡ ᠪᠠᠷ ᠬᠥᠲᠥᠯᠦᠨ ᠳᠠᠭᠠᠭᠤᠯᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠥᠷᠢᠰᠥᠯᠳᠦᠨ ᠬᠥᠭᠵᠢᠭᠦᠯᠬᠦ ᠶᠡᠭᠡ ᠰᠠᠶᠢᠨ ᠪᠠᠶᠢᠳᠠᠯ ᠢ ᠪᠣᠶ ᠪᠣᠯᠭᠠᠪᠠ᠃ ︽ᠨᠢᠭᠡ ᠴᠤᠭᠴᠠ ᠬᠤᠶᠠᠷ ᠵᠢᠭᠦᠷ︾ ᠤᠨ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠤ ᠦᠢᠯᠡᠰ ᠤᠨ ᠴᠤᠭᠯᠠᠷᠠᠨ ᠡᠷᠴᠢᠮᠯᠢᠭ ᠪᠥᠭᠡᠮᠨᠡᠷᠠᠨ ᠬᠥᠭᠵᠢᠬᠦ ᠶᠢ ᠠᠬᠢᠭᠤᠯᠵᠤ᠂ ᠨᠡᠭᠡᠭᠡᠯᠲᠡ  ᠶᠢᠨ ᠣᠷᠣᠨ ᠤ ᠡᠵᠡᠩᠨᠡᠯᠲᠡ ᠶᠢᠨ ᠣᠷᠣᠯᠭ᠎ᠠ ᠶᠢ ᠨᠡᠶᠢᠳᠡ 556 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 24.5% ᠪᠠᠷ ᠨᠡᠮᠡᠭᠳᠡᠵᠦ᠂ ᠤᠯᠤᠰ ᠤᠨ ᠲᠡᠰ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠦᠨᠡᠯᠡᠭᠳᠡᠵᠡᠢ᠃     ᠥᠩᠭᠡᠷᠡᠭᠰᠡᠨ ᠲᠠᠪᠤᠨ ᠵᠢᠯ ᠳᠤ᠂ ᠪᠢᠳᠡ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ︽ᠨᠠᠷᠢᠨ ᠨᠢᠮᠪᠠᠶ︾ ᠪᠠᠷ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ︽ᠨᠠᠷᠢᠯᠢᠭ︾ ᠢ ᠰᠣᠯᠢᠵᠤ ᠠᠪᠴᠢᠷᠠᠭᠰᠠᠨ ᠢᠶᠠᠷ᠂ ᠣᠷᠣᠨ ᠪᠦᠰᠡ ᠶᠢᠨ ᠲᠥᠪ ᠬᠤᠲᠠ ᠨᠢ ᠥᠩᠭᠡ ᠵᠢᠰᠦ ᠲᠠᠢ ᠪᠥᠭᠡᠳ ᠨᠠᠩ ᠴᠤ ᠠᠭᠤᠯᠤᠭᠳᠠᠬᠤᠨ ᠲᠠᠢ ᠪᠣᠯᠤᠭᠰᠠᠨ ᠶᠤᠮ᠃ ᠬᠥᠮᠦᠨ ᠢᠶᠠᠷ ᠭᠤᠣᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠬᠤᠲᠠ ᠶᠢᠨ ᠶᠡᠷᠦᠩᠬᠡᠶ ᠲᠥᠯᠥᠪᠵᠢᠭᠦᠯᠭᠡ ᠶᠢ ᠵᠥᠪᠰᠢᠶᠡᠷᠡᠨ ᠬᠡᠷᠡᠭᠵᠢᠭᠦᠯᠵᠦ᠂ ᠶᠡᠷᠦᠩᠬᠡᠶ ᠲᠣᠭᠲᠠᠭᠠᠯ ᠢᠶᠠᠷ ᠬᠥᠲᠥᠯᠥᠨ ᠳᠠᠭᠠᠭᠤᠯᠤᠭᠰᠠᠨ᠂ ᠬᠢᠵᠠᠭᠠᠷᠯᠠᠬᠤ ᠲᠣᠭᠲᠠᠭᠠᠯ ᠨᠢ ᠨᠠᠷᠢᠨ ᠪᠣᠳᠠᠲᠠᠶ᠂ ᠲᠤᠰᠬᠠᠶ ᠲᠣᠭᠲᠠᠭᠠᠯ ᠨᠢ ᠪᠦᠷᠢᠨ ᠲᠡᠭᠦᠯᠳᠡᠷ ᠲᠥᠯᠥᠪᠵᠢᠭᠦᠯᠭᠡ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠡᠢ᠃ ᠭᠤᠤᠯ ᠤᠨ ᠵᠡᠭᠦᠨ ᠲᠣᠭᠤᠷᠢᠭ᠂ ᠬᠤᠲᠠ ᠶᠢᠨ ᠡᠮᠦᠨ᠎ᠡ ᠲᠣᠭᠤᠷᠢᠭ ᠤᠨ ᠪᠥᠲᠥᠭᠡᠨ ᠪᠠᠶᠢᠭᠤᠯᠤᠯᠲᠠ ᠠᠩᠬ᠎ᠠ ᠠᠯᠬᠤᠮ ᠬᠡᠪᠴᠢᠶᠡᠵᠢᠵᠦ᠂ ᠠᠶᠢᠮᠠᠭ ᠤᠨ ᠨᠠᠮ ᠵᠠᠰᠠᠭ ᠤᠨ ᠰᠢᠨ᠎ᠡ ᠲᠣᠭᠤᠷᠢᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠲᠥᠪ ᠬᠤᠲᠠ ᠶᠢᠨ ᠲᠣᠭᠤᠷᠢᠭ ᠤᠨ ᠳᠦᠷᠰᠦ ᠪᠠᠶᠢᠳᠠᠯ ᠢ ᠴᠣ᠋ ᠰᠢᠨ᠎ᠡ ᠪᠣᠯᠭᠠᠵᠤ᠂ ᠪᠠᠶᠢᠭᠤᠯᠤᠭᠰᠠᠨ ᠲᠣᠭᠤᠷᠢᠭ ᠢ 44.3 ᠲᠡᠭᠰᠢ ᠳᠥᠷᠪᠡᠯᠵᠢᠨ ᠺᠢᠯᠣᠮᠧᠲᠷ ᠪᠣᠯᠭᠠᠨ ᠥᠷᠭᠡᠳᠬᠡᠵᠦ᠂ ︽12 · 5︾ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ 5.8 ᠲᠡᠭᠰᠢ ᠳᠥᠷᠪᠡᠯᠵᠢᠨ ᠺᠢᠯᠣᠮᠧᠲᠷ ᠨᠡᠮᠡᠭᠳᠡᠨ ᠂ ᠶᠡᠭᠡ ᠤᠯᠠᠭᠠᠨᠬᠤᠲᠠ ᠶᠢᠨ ᠰᠦᠷᠯᠢᠭ ᠰᠠᠶᠢᠬᠠᠨ ᠵᠢᠷᠤᠭ ᠲᠥᠰᠦᠪ ᠢ ᠠᠯᠬᠤᠮ ᠠᠯᠬᠤᠮ ᠢᠶᠠᠷ ᠳᠡᠯᠭᠡᠵᠡᠢ᠃ ᠴᠢᠬᠤᠯᠠ ᠶᠡᠭᠡ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠤᠯᠠᠭᠠᠨᠬᠤᠲᠠ — ᠰᠢᠨᠯᠢᠨ ᠥᠨᠳᠦᠷ ᠬᠤᠷᠳᠤᠴᠠᠲᠤ ᠵᠠᠰᠠᠮᠠᠯ ᠵᠠᠮ᠂  ᠴᠠᠩᠴᠦ᠋ᠨ — ᠪᠠᠶᠢᠴᠧᠩ — ᠤᠯᠠᠭᠠᠨᠬᠤᠲᠠ ᠥᠨᠳᠦᠷ ᠬᠤᠷᠳᠤᠴᠠᠲᠤ ᠲᠡᠮᠦᠷ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠵᠦ᠂ ᠨᠢᠰᠬᠡᠯ ᠤᠨ ᠪᠠᠭᠤᠳᠠᠯ ᠤᠨ ᠠᠶᠠᠯᠠᠯ ᠤᠨ ᠱᠤᠭᠤᠮ ᠢ 22 ᠵᠤᠷᠪᠤᠰ ᠪᠣᠯᠭᠠᠨ ᠨᠡᠮᠡᠭᠳᠡᠭᠦᠯᠵᠦ᠂ ᠠᠶᠠᠯᠠᠯ ᠨᠡᠪᠲᠡᠷᠡᠬᠦ ᠬᠤᠳᠠ ᠶᠢ 26 ᠪᠣᠯᠭᠠᠵᠤ᠂ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠨᠢ ᠤᠯᠠᠭᠠᠠᠬᠤᠲᠠ ᠶᠢ ᠪᠦᠬᠦ ᠤᠯᠤᠰ ᠲᠠᠢ ᠰᠢᠭᠤᠳ ᠬᠤᠯᠪᠣᠪᠠ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢᠨ ᠠᠰᠢᠭᠲᠠᠶ ᠠᠵᠠ ᠲᠣᠬᠢᠶᠠᠯ ᠢ ᠵᠠᠪᠳᠤᠨ ᠠᠳᠬᠤᠵᠤ᠂ ᠠᠶᠢᠮᠠᠭ ᠬᠤᠲᠠ ᠶᠢᠨ ᠬᠠᠮᠲᠤ ᠪᠠᠷ ᠪᠥᠲᠥᠭᠡᠨ ᠪᠠᠶᠢᠭᠤᠯᠬᠤ ᠪᠠᠯᠠ ᠮᠥᠩᠭᠦ ᠶᠢᠨ ᠳᠠᠪᠠᠭᠤᠯᠢᠭ ᠢ ᠪᠠᠳᠠᠷᠠᠭᠤᠯᠤᠨ᠂ ︽ᠭᠤᠷᠪᠠᠨ ᠭᠤᠯᠳᠤ ᠳᠥᠷᠪᠡᠨ ᠬᠥᠨᠳᠡᠯᠡᠨ︾ ᠬᠤᠲᠠ ᠶᠢᠨ ᠵᠠᠮ᠂ ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ ᠂ 463 ᠲᠦᠮᠡᠨ ᠲᠡᠭᠰᠢ ᠳᠥᠷᠪᠡᠯᠵᠢᠨ ᠮᠧᠲᠷ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠭᠠᠵᠠᠷ ᠢ ᠰᠢᠨ᠎ᠡ ᠪᠠᠷ ᠨᠡᠮᠡᠭᠳᠡᠭᠦᠯᠦᠨ᠂ ᠨᠣᠭᠤᠭᠠᠷᠠᠭᠤᠯᠤᠯᠲᠠ ᠶᠢᠨ ᠨᠣᠷᠮ᠎ᠠ ᠶᠢ 39% ᠳᠤ ᠬᠦᠷᠦᠭᠦᠯᠵᠦ᠂ ᠤᠯᠠᠭᠠᠠᠬᠤᠲᠠ ᠶᠢᠨ ᠠᠷᠠᠳ ᠲᠦᠮᠡᠨ ᠳᠤ ᠪᠣᠬᠢᠷᠲᠤᠯ ᠥᠬᠡᠶ ᠬᠥᠭᠵᠢᠯᠲᠡ ᠶᠢᠨ ᠦᠷ᠎ᠡ ᠠᠰᠢᠭ ᠢ ᠡᠳ᠋ᠯᠡᠭᠦᠯᠵᠡᠢ᠃ ᠬᠠᠭᠤᠴᠢᠨ ᠬᠤᠳᠠ ᠶᠢ ᠥᠭᠡᠷᠡᠴᠢᠯᠡᠨ ᠪᠠᠶᠢᠭᠤᠯᠬᠤ ᠪᠠ ᠰᠢᠨ᠎ᠡ ᠬᠤᠳᠠ ᠶᠢ ᠨᠡᠭᠡᠭᠡᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠂ 4400 ᠡᠷᠦᠭᠡ᠂ 56 ᠲᠦᠮᠡᠨ ᠲᠡᠭᠰᠢ ᠳᠥᠷᠪᠡᠯᠵᠢᠨ ᠮᠧᠲᠷ ᠤᠨ ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠶᠢ ᠪᠡᠶᠡᠯᠡᠭᠦᠯᠵᠦ᠂ ᠵᠡᠭᠡᠯᠢ ᠭᠤᠳᠤᠮᠵᠢ ᠶᠢᠨ 205 ᠵᠢᠵᠢᠭ ᠭᠤᠳᠤᠮᠵᠢ ᠶᠢ ᠵᠠᠰᠠᠵᠤ᠂ 22 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠵᠢᠵᠢᠭ ᠲᠣᠭᠤᠷᠢᠭ ᠢ ᠵᠠᠰᠠᠵᠤ᠂ 196 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ 164 ᠲᠦᠮᠡᠨ ᠲᠡᠭᠰᠢ ᠳᠥᠷᠪᠡᠯᠵᠢᠨ ᠮᠧᠲᠷ ᠶᠡᠷᠦᠩᠬᠡᠶᠢᠯᠡᠨ ᠥᠭᠡᠷᠡᠴᠢᠯᠡᠵᠦ᠂ 2.4 ᠲᠦᠮᠡᠨ ᠡᠷᠦᠭᠡ ᠳᠤ ᠠᠰᠢᠭ ᠬᠦᠷᠳᠡᠭᠡᠵᠡᠢ᠃ ᠴᠧᠩ ᠱᠢ ᡁᠢ ᠰᠢᠩ᠂ ᠽᠤᠸᠠᠨ ᠱᠢ ᠮᠢᠩ ᠴᠧᠩ ᠵᠡᠷᠭᠡ 80 ᠳᠡᠭᠡᠳᠦ ᠲᠠᠰ ᠤᠨ ᠬᠤᠳᠠᠯᠳᠤᠭᠠᠨ ᠤ ᠣᠷᠣᠨ ᠰᠠᠭᠤᠴᠠ ᠶᠢᠨ ᠪᠦᠯᠬᠦᠮ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠰᠠᠭᠤᠬᠤ ᠠᠴᠠ ᠣᠷᠣᠨ ᠰᠠᠭᠤᠴᠠ ᠲᠠᠢ ᠪᠠᠶᠢᠭᠰᠠᠨ ᠠᠴᠠ ᠪᠠᠨ ᠰᠠᠭᠤᠬᠤ ᠠᠴᠠ ᠰᠢᠯᠢᠳᠡᠭ ᠣᠷᠣᠨ ᠰᠠᠭᠤᠴᠠ ᠲᠠᠢ ᠪᠣᠯᠤᠭᠰᠠᠨ ᠬᠡᠭᠡᠨᠴᠢᠷ ᠰᠠᠶᠢᠬᠠᠨ ᠬᠤᠪᠢᠷᠠᠯᠲᠠ ᠶᠢ ᠪᠡᠶᠡᠯᠡᠭᠦᠯᠵᠡᠢ᠃ ᠬᠡᠷ ᠪᠠᠶᠢᠰᠢᠩ ᠭᠠᠵᠠᠷ  ᠬᠥᠷᠥᠩᠭᠡ ᠶᠢᠨ ᠡᠷᠦᠶ ᠬᠤᠷᠤᠶ ᠥᠬᠡᠶ ᠦᠵᠡᠭᠳᠡᠯ ᠢ ᠬᠦᠴᠦᠲᠡᠶ ᠴᠡᠭᠴᠡᠯᠡᠨ ᠵᠠᠰᠠᠵᠤ᠂ ︽ᠪᠤᠴᠠᠵᠤ ᠨᠡᠭᠦᠬᠦ ᠳᠤ ᠬᠦᠴᠢᠷ᠂ ᠣᠷᠣᠵᠤ ᠰᠠᠭᠤᠬᠤ ᠳᠤ ᠬᠦᠴᠢᠷ᠂ ᠦᠨᠡᠮᠯᠡᠯ ᠠᠪᠬᠤ ᠳᠤ ᠬᠦᠴᠢᠷ︾ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠠᠰᠤᠷᠠᠯᠲᠠ ᠥᠬᠡᠶ ᠰᠢᠢᠳᠪᠦᠷᠢᠯᠡᠵᠦ᠂ ᠠᠷᠠᠳ ᠣᠯᠠᠨ ᠤ ᠮᠠᠭᠲᠠᠭᠠᠯ ᠰᠠᠶᠢᠰᠢᠶᠠᠯ ᠢ ᠣᠯᠵᠠᠢ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠷ ᠤᠨ ᠫᠠᠶᠢᠰᠠ ᠢᠯᠡᠷᠬᠡᠶᠢᠯᠡᠯ᠂ ᠬᠠᠶᠠᠭᠳᠠᠮᠠᠯ ᠡᠳ᠋ ᠢ ᠬᠤᠳᠠᠯᠳᠤᠨ ᠠᠪᠬᠤ᠂ ᠲᠦᠷᠢᠮ ᠠᠴᠠ ᠵᠥᠷᠢᠴᠡᠭᠰᠡᠨ ᠪᠠᠷᠢᠯᠭ᠎ᠠ ᠵᠡᠷᠭᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠪᠣᠳᠠᠲᠠᠢ ᠶᠢ ᠡᠷᠬᠢᠮᠯᠡᠨ ᠥᠷᠨᠢᠭᠦᠯᠵᠦ᠂ ᠬᠤᠳᠠ ᠶᠢᠨ ᠳᠦᠷᠰᠦ ᠪᠠᠶᠢᠳᠠᠯ ᠢ ᠨᠡᠩ ᠴᠡᠪᠡᠷ ᠴᠡᠮᠴᠡᠭᠡᠷ ᠪᠣᠯᠭᠠᠵᠤ᠂ ᠣᠷᠴᠢᠨ ᠲᠣᠭᠤᠷᠢᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠵᠤ᠂ ᠬᠤᠳᠠ ᠶᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠣᠯᠭᠠᠵᠠᠢ᠃     ᠥᠩᠭᠡᠷᠡᠭᠰᠡᠨ ᠲᠠᠪᠤᠨ ᠵᠢᠯ ᠳᠤ᠂ ᠪᠢᠳᠡ ᠯᠠᠪᠳᠠᠭᠤᠨ ᠲᠣᠭᠲᠠᠭᠤᠨ ︽ᠤᠷᠠᠨ ᠳᠠᠷᠬᠠᠨ ᠤ ᠵᠣᠷᠢᠭ︾ ᠢᠶᠠᠷ ᠬᠥᠳᠡᠭᠡ ᠲᠣᠰᠬᠤᠨ ᠤ ᠬᠥᠭᠵᠢᠯᠲᠡ ᠶᠢᠨ ︽ᠢᠲᠡᠭᠡᠯ ᠵᠣᠷᠢᠭ︾ ᠢ ᠬᠥᠪᠴᠢᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠨᠢ ᠨᠤᠲᠤᠭ ᠤᠨ ᠮᠥᠷᠥᠭᠡᠳᠦᠯ ᠲᠠᠢ ᠪᠣᠯᠤᠭᠰᠠᠨ ᠪᠦᠭᠡᠳ ᠨᠡᠩ ᠴᠦ ᠬᠦᠰᠡᠯ ᠡᠷᠡᠮᠡᠯᠵᠡᠯ ᠲᠠᠢ ᠪᠣᠯᠵᠠᠢ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ︽ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠶᠢ ᠨᠠᠶᠢᠳᠠᠪᠤᠷᠢᠵᠢᠭᠤᠯᠵᠤ᠂ 23.4 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠵᠤ᠂ ᠲᠠᠷᠢᠬᠤ ᠲᠠᠯᠠᠪᠠᠢ ᠶᠢ 70 ᠲᠦᠮᠡᠨ ᠮᠤ᠋ ᠠᠴᠠ ᠳᠡᠭᠡᠭᠰᠢ ᠪᠠᠶᠢᠯᠭᠠᠵᠤ᠂ ᠠᠮᠤ ᠪᠤᠳᠠᠭᠠᠨ ᠤ ᠤᠨᠠᠯᠲᠠ ᠶᠢ 6 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠵᠤ᠂ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ︾ ᠶᠢ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ ᠶᠢᠨ ᠲᠤᠮᠤ ᠰᠢᠶᠠᠨ ᠤ ᠪᠠᠷᠢᠮᠵᠢᠶ᠎ᠠ ᠠᠴᠠ ᠠᠷᠪᠠᠨ ᠵᠢᠯ ᠳᠠᠷᠠᠭᠠᠯᠠᠨ ᠳᠠᠪᠠᠭᠤᠯᠪᠠ᠃ ︽ᠤᠰᠤᠨ ᠲᠤᠲᠤᠷᠭ᠎ᠠ ᠶᠢ ᠪᠣᠬᠢᠷᠲᠤᠯ ᠥᠬᠡᠶ ᠣᠷᠭᠠᠨᠢᠭᠵᠢᠭᠤᠯᠬᠤ᠂ ᠡᠷᠳᠡᠨᠢ ᠰᠢᠰᠢ ᠠᠮᠤ ᠪᠣᠷᠳᠤᠭ᠎ᠠ ᠶᠢ ᠬᠠᠪᠰᠤᠷᠭᠠᠨ ᠬᠡᠷᠡᠭᠯᠡᠬᠦ᠂ ᠦᠬᠡᠷ ᠤᠨ ᠮᠢᠬ᠎ᠠ ᠦᠨᠢᠶᠡᠨ ᠰᠦ ᠶᠢ ᠳᠡᠭᠡᠳᠦ ᠲᠠᠰ ᠤᠨ ᠪᠣᠯᠭᠠᠬᠤ︾ ᠰᠡᠳᠬᠢᠮᠵᠢ ᠶᠣᠰᠣᠭᠠᠷ᠂ ᠳᠠᠷᠢᠵᠤ ᠲᠡᠵᠢᠭᠡᠬᠦ ᠦᠢᠯᠡᠰ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠠᠨ ᠾᠧ ᠲᠤᠲᠤᠷᠭ᠎ᠠ᠂ ᠮᠧᠩ ᠨᠢᠦ ᠲᠡᠷᠢᠭᠦᠨ ᠰᠦ ᠵᠡᠷᠭᠡ ᠨᠢᠭᠡ ᠪᠦᠯᠦᠭ ᠴᠢᠨᠠᠷ ᠰᠠᠶᠢᠲᠠᠶ ᠲᠠᠷᠢᠶᠠᠯᠠᠩ ᠤᠨ ᠪᠦᠲᠦᠬᠡᠭᠳᠡᠭᠦᠨ ᠮᠠᠯ ᠤᠨ ᠠᠰᠢᠭ ᠰᠢᠮ᠎ᠡ ᠪᠥᠬᠦ ᠤᠯᠤᠰ ᠲᠤ ᠪᠣᠷᠣᠯᠠᠭᠤᠯᠭ᠎ᠠ ᠰᠠᠶᠢᠲᠠᠶ ᠪᠣᠯᠵᠣ᠂ ︽ᠤᠯᠠᠭᠠᠠᠬᠤᠲᠠ ᠶᠢᠨ ᠦᠨᠦᠷ ᠠᠮᠲᠠ︾ ᠲᠦᠭ ᠲᠦᠮᠡᠨ ᠠᠶᠢᠯ ᠡᠷᠦᠬᠡ ᠶᠢᠨ ᠬᠤᠭᠤᠯᠠᠨ ᠰᠢᠷᠡᠭᠡᠨ ᠳᠤ ᠬᠦᠷᠴᠡᠢ᠃ ᠨᠢᠭᠡ ᠪᠦᠰᠡ ᠳᠥᠷᠪᠡᠨ ᠲᠣᠭᠤᠷᠢᠭ ᠤᠨ ︽ᠵᠠᠭᠤᠨ ᠭᠠᠵᠠᠷ ᠤᠨ ᠬᠢᠩᠭᠠᠨ ᠤ ᠲᠤᠲᠤᠷᠭ᠎ᠠ ᠶᠢᠨ ᠲᠡᠯᠡᠶ︾ ᠶᠢᠨ ᠠᠵᠤ ᠦᠢᠯᠡᠰ ᠤᠨ ᠦᠵᠡᠮᠵᠢ ᠶᠢᠨ ᠪᠦᠰᠡ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠭᠤᠤᠯ ᠪᠣᠯᠬᠤ ᠣᠷᠣᠨ ᠤ ᠤᠰᠤᠨ ᠲᠤᠲᠤᠷᠭ᠎ᠠ ᠶᠢᠨ ᠮᠥ ᠪᠦᠷᠢ ᠶᠢᠨ ᠤᠨᠠᠯᠲᠠ ᠶᠢᠨ ᠥᠷᠲᠡᠭ ᠲᠦᠮᠡᠨ ᠲᠥᠭᠦᠷᠢᠭ ᠤᠨ ᠪᠣᠭᠤᠮᠲᠠ ᠶᠢ ᠳᠠᠪᠠᠵᠤ᠂ ᠢᠯᠠᠯᠲᠠ ᠪᠠᠯᠭᠠᠰᠤ ᠪᠥᠬᠦ ᠤᠯᠤᠰ ᠤᠨ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠤᠰᠤᠨ ᠲᠤᠲᠤᠷᠭ᠎ᠠ ᠶᠢᠨ ᠵᠢᠱᠢᠶ᠎ᠡ ᠦᠵᠡᠭᠦᠯᠬᠦ ᠪᠠᠯᠭᠠᠰᠤ ᠪᠠᠷ ᠦᠨᠡᠯᠡᠭᠳᠡᠵᠡᠢ᠃ ︽ᠲᠠᠪᠤᠨ ᠶᠡᠭᠡ ᠠᠵᠢᠯᠯᠠᠭ᠎ᠠ︾ ᠶᠢ ᠤᠷᠢᠳ ᠢᠶᠠᠷ ᠬᠡᠷᠡᠭᠵᠢᠭᠦᠯᠵᠦ᠂ ᠬᠠᠳᠠᠨ ᠠᠷᠤ᠂ ᠭᠦᠸᠧ ᠭᠤᠸᠠᠩ᠂ ᠳ᠋ᠣᠣ ᠬᠤᠸᠠ ᠵᠡᠷᠭᠡ 10 ᠭᠤᠤᠯᠳᠠᠯᠭ᠎ᠠ ᠲᠠᠢ ᠭᠠᠴᠠᠭ᠎ᠠ ᠲᠣᠰᠬᠤᠨ ᠢ ᠬᠦᠴᠦᠨ ᠢᠶᠠᠨ ᠲᠥᠪᠯᠡᠷᠡᠭᠦᠯᠦᠨ ᠪᠠᠶᠢᠭᠤᠯᠵᠤ᠂ ᠢᠯᠠᠯᠲᠠ ᠭᠠᠴᠠᠭ᠎ᠠ ᠶᠢ ᠣᠷᠣᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠢᠶᠠᠷ ᠦᠨᠡᠯᠡᠵᠡᠢ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠰᠤ᠂ ᠴᠠᠬᠢᠯᠭᠠᠨ᠂ ᠵᠠᠮ᠂ ᠮᠡᠳᠡᠭᠡ ᠵᠠᠩᠭᠢ᠂ ᠣᠷᠣᠨ ᠰᠠᠭᠤᠴᠠ ᠵᠡᠷᠭᠡ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠣᠪᠣᠭᠠᠨ ᠠᠭᠤᠯᠠ᠂ ᠰᠠᠨ ᠡᡁᠧ᠂ ᠱᠦ ᠭᠤᠸᠠᠩ ᠵᠡᠷᠭᠡ ᠨᠢᠭᠡ ᠪᠦᠯᠦᠭ ᠤᠯᠠᠮᠵᠢᠯᠠᠯ ᠲᠠᠢ᠂ ᠠᠵᠤ ᠦᠢᠯᠡᠰ ᠲᠠᠢ᠂ ᠰᠣᠶᠣᠯ ᠪᠣᠯᠪᠠᠰᠤᠷᠠᠯ ᠲᠠᠢ ᠤᠬᠢ ᠰᠢᠯᠢᠳᠡᠭ ᠲᠣᠰᠬᠤᠨ ᠴᠣᠯᠭᠤᠷᠠᠨ ᠭᠠᠷᠴᠤ᠂ ᠪᠦᠬᠦ ᠠᠶᠢᠮᠠᠭ ᠤᠨ ᠠᠩᠬᠠᠳᠠᠭᠴᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠪᠣᠯᠵᠠᠢ᠃     ᠥᠩᠭᠡᠷᠡᠭᠰᠡᠨ ᠲᠠᠪᠤᠨ ᠵᠢᠯ ᠳᠤ᠂ ᠪᠢᠳᠡ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ︽ᠴᠢᠨᠠᠷ ᠴᠢᠨᠰᠠᠭ᠎ᠠ︾ ᠪᠠᠷ ᠣᠷᠣᠰᠢᠨ ᠰᠠᠭᠤᠬᠤ ᠳᠤ ᠲᠣᠬᠢᠷᠠᠮᠵᠢᠲᠠᠢ ᠵᠤᠭᠠᠴᠠᠬᠤ ᠳᠤ ᠲᠣᠬᠢᠷᠠᠮᠵᠢᠲᠠᠢ ︽ᠲᠦᠷᠦᠯ ᠲᠡᠮᠳᠡᠭ︾ ᠢ ᠰᠠᠶᠢᠲᠤᠷ ᠭᠥᠭᠵᠢᠭᠦᠯᠵᠦ᠂ ᠭᠤᠷᠪᠠᠳᠤᠭᠠᠷ ᠠᠵᠤ ᠦᠢᠯᠡᠰ ᠠᠮᠢᠵᠢᠷᠠᠯ ᠤᠨ ᠬᠦᠴᠦᠨ ᠲᠠᠢ᠂ ᠨᠡᠩ ᠪᠣᠳᠠᠲᠤ ᠬᠦᠴᠦᠨ ᠲᠠᠢ ᠪᠣᠯᠵᠠᠢ᠃ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠲᠤ 1500 ᠬᠤᠳᠠᠯᠳᠤᠭᠠᠴᠢᠨ ᠡᠷᠦᠬᠡ ᠣᠷᠣᠵᠤ᠂ 1.5 ᠲᠦᠮᠡᠨ ᠬᠥᠮᠦᠨ ᠤ ᠠᠵᠢᠯ ᠣᠯᠭᠤᠯᠲᠠ ᠶᠢ ᠳᠠᠶᠢᠴᠢᠯᠠᠵᠤ᠂ ᠪᠣᠷᠣᠯᠠᠭᠤᠯᠭ᠎ᠠ ᠶᠢᠨ ᠣᠷᠣᠯᠭ᠎ᠠ ᠨᠢ ᠨᠠᠢᠮᠠᠨ ᠵᠢᠯ ᠳᠠᠷᠠᠭᠠᠯᠠᠨ ᠵᠠᠭᠤᠨ ᠳ᠋ᠦᠩᠰᠢᠭᠤᠷ ᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠲᠣᠭᠤᠷᠢᠭ ᠢᠶᠠᠷ ᠦᠨᠡᠯᠡᠭᠳᠡᠪᠡ᠃ ᠸᠠᠨ ᠳ᠋ᠠ ᠠᠭᠤᠳᠠᠮ ᠲᠠᠯᠠᠪᠠᠢ᠂ ᠵᠢᠦᠢ ᠷᠠᠨ ᡁᠢ ᠵᠢᠶᠠ᠂ ᠬᠤᠩ ᠰᠢᠩ ᠮᠧᠢ ᠺᠠᠢ ᠯᠦᠩ ᠵᠡᠷᠭᠡ ᠨᠡᠷᠡᠳᠦ ᠬᠤᠳᠠᠯᠳᠤᠭᠠᠨ ᠤ ᠶᠡᠷᠦᠩᠬᠡᠢ ᠴᠣᠭᠴᠠ ᠥᠷᠢᠰᠥᠯᠳᠦᠨ ᠣᠷᠣᠵᠤ ᠢᠷᠡᠭᠡᠳ ᠬᠤᠳᠠᠯᠳᠤᠭᠠᠨ ᠤ ᠰᠤᠷᠲᠠᠯ ᠢ ᠨᠢᠭᠲᠠᠷᠠᠭᠤᠯᠵᠤ᠂ ᠤᠯᠠᠨ ᠤ ᠬᠦᠷᠢᠶᠡᠯᠡᠯ ᠢ ᠣᠯᠵᠤ᠂ ᠣᠷᠣᠨ ᠪᠦᠰᠡ ᠶᠢᠨ ᠴᠢᠨᠠᠷᠲᠠᠢ ᠬᠡᠷᠡᠭᠯᠡᠭᠡᠨ ᠤ ᠲᠥᠪ ᠤᠨ ᠪᠠᠶᠢᠷᠢ ᠰᠠᠭᠤᠷᠢ ᠪᠦᠬᠦ ᠲᠠᠯ᠎ᠠ ᠪᠠᠷ ᠪᠠᠬᠢᠵᠢᠵᠡᠢ᠃ ᠲᠦᠷᠭᠡᠨ ᠬᠦᠷᠭᠡᠯᠲᠡ ᠶᠢᠨ ᠬᠤᠯᠪᠣᠭᠠᠯᠠᠨ ᠲᠡᠭᠡᠭᠡᠪᠦᠷᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ 37.5% ᠪᠠᠷ ᠪᠠᠭᠤᠷᠠᠭᠤᠯᠵᠤ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠶᠢᠨ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ ᠤᠨ ᠡᠳᠦᠷ ᠤᠨ ᠢᠯᠭᠠᠬᠤ ᠴᠢᠳᠠᠪᠤᠷᠢ 18 ᠲᠦᠮᠡᠨ ᠵᠠᠬ᠎ᠠ ᠳᠤ ᠬᠦᠷᠴᠡᠢ᠃ ︽ᠡᠯᠧᠺᠲᠷᠣᠨ ᠬᠤᠳᠠᠯᠳᠤᠭ᠎ᠠ +︾ ᠰᠢᠷᠢᠰ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠠᠯᠵᠢᠶᠠᠨ ᠤ ᠲᠤᠭ᠎ᠠ 40 ᠳ᠋ᠦᠩᠰᠢᠭᠤᠷ ᠲᠥᠭᠦᠷᠢᠭ ᠢ ᠳᠠᠪᠠᠵᠤ᠂ ᠡᠯᠧᠺᠲᠷᠣᠨ ᠬᠤᠳᠠᠯᠳᠤᠭᠠᠨ ᠤ ᠬᠡᠷᠡᠭᠯᠡᠭᠡ ᠰᠢᠨ᠎ᠡ ᠬᠡᠪ ᠪᠠᠶᠢᠳᠠᠯ ᠪᠣᠯᠪᠠ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ 3.7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 21% ᠨᠡᠮᠡᠭᠳᠡᠪᠡ᠃ ︽ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾ ᠤᠨ ᠵᠤᠭᠠᠴᠠᠯ ᠢ ᠨᠢᠭᠡ ᠴᠤᠭᠴᠠᠵᠢᠭᠤᠯᠤᠨ ᠬᠥᠭᠵᠢᠭᠦᠯᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠲᠡᠭᠷᠢᠯᠢᠭ ᠬᠥᠪᠡᠭᠦᠨ ᠲᠡᠭᠷᠢ ᠶᠢᠨ ᠬᠥᠯᠦᠭ ᠠᠮᠢ ᠠᠬᠤᠢ ᠶᠢᠨ ᠵᠤᠭᠠᠴᠠᠯ ᠤᠨ ᠠᠮᠠᠷᠠᠯᠲᠠ ᠶᠢᠨ ᠣᠷᠣᠨ᠂ ᠱᠧᠨ ᠵᠢᠶᠦ᠋ᠨ ᠸᠠᠨ ᠠᠮᠢ ᠠᠬᠤᠢ ᠶᠢ ᠪᠡᠶᠡᠴᠢᠯᠡᠨ ᠣᠶᠢᠯᠠᠭᠠᠬᠤ ᠣᠷᠣᠨ ᠢ ᠬᠥᠭᠵᠢᠶᠡᠨᠲᠡᠢ ᠡᠵᠡᠩᠨᠡᠵᠦ᠂ ᠶᠡᠭᠡ ᠬᠢᠩᠭᠠᠨ ᠳᠠᠪᠠᠭ᠎ᠠ ᠶᠢᠨ ᠠᠮᠢ ᠠᠬᠤᠢ ᠶᠢᠨ ᠰᠣᠶᠣᠯ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠡᠬᠢᠯᠡᠨ ᠪᠠᠶᠢᠭᠤᠯᠵᠤ᠂ ᠬᠦᠬᠡ ᠠᠭᠤᠯᠠ ᠬᠥᠬᠡᠮᠳᠦᠭ ᠤᠰᠤ ᠶᠢ ᠠᠯᠳᠠᠨ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ︽ ᠥᠪᠦᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ  ᠤᠨ ᠣᠷᠳᠣᠨ ᠣᠯᠠᠭᠠᠨᠬᠦᠦ ᠶᠢᠨ ᠠᠵᠢᠯᠯᠠᠵᠤ ᠪᠠᠶᠢᠭᠰᠠᠨ ᠭᠠᠵᠠᠷ ᠲᠠᠪᠦ‍ ᠨᠢᠭᠡ ᠬᠤᠷᠠᠯ ᠤᠨ ᠭᠡᠷ ᠥᠪᠦᠷ ᠮᠣᠩᠭᠤᠯ ᠤᠨ ᠠᠵᠢᠯ ᠤᠨ ᠵᠥᠪᠯᠡᠯ ᠤᠨ ᠠᠯᠪᠠᠯᠠᠵᠤ ᠪᠠᠶᠢᠭᠰᠠᠨ ᠭᠠᠵᠠᠷ︾ ᠢ ᠥᠭᠡᠷᠡᠴᠢᠯᠡᠨ ᠲᠡᠰ ᠳᠡᠪᠰᠢᠭᠦᠯᠵᠦ᠂ ᠲᠠᠪᠦ‍ ᠨᠢᠭᠡ ᠲᠡᠦᠬᠡ ᠰᠣᠶᠣᠯ ᠤᠨ ᠵᠡᠭᠡᠯᠢ ᠲᠣᠭᠤᠷᠢᠭ ᠢ ᠠᠮᠵᠢᠯᠲᠠ ᠲᠠᠢ ᠪᠠᠶᠢᠭᠤᠯᠵᠤ᠂ ᠬᠢᠩᠭᠠᠨ ᠳᠤᠮᠳᠠᠳᠤ ᠰᠤᠷᠭᠠᠭᠤᠯᠢ ᠶᠢᠨ ᠬᠠᠭᠤᠴᠢᠨ ᠪᠠᠭᠤᠷᠢ᠂ ᠥᠪᠥᠷ ᠮᠣᠩᠭᠤᠯ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠶᠣᠰᠣᠯᠠᠯ ᠤᠨ ᠲᠠᠩᠬᠢᠮ ᠤᠨ ᠬᠠᠭᠤᠴᠢᠨ ᠪᠠᠭᠤᠷᠢ ᠶᠢ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠬᠥᠭᠵᠢᠭᠦᠯᠵᠦ᠂ ᠥᠨᠢᠳᠡ ᠪᠠᠯᠠᠷᠠᠰᠢ ᠦᠭᠡᠢ ᠲᠦᠳᠡᠭ ᠭᠠᠯ ᠤᠨ ᠳᠤᠷᠠᠰᠤᠮᠵᠢ ᠪᠠᠷ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠭᠢᠯᠠᠶᠢᠲᠠᠯ᠎ᠠ ᠪᠢᠴᠢᠭᠯᠡᠵᠡᠢ᠃ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠤᠯᠠᠨ ᠭᠠᠵᠠᠷ ᠲᠤ ᠳᠡᠯᠭᠡᠷᠡᠵᠦ᠂ ᠢᠯᠠᠯᠲᠠ ᠭᠠᠴᠠᠭ᠎ᠠ ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠵᠦ᠂ ᠴᠡᠴᠡᠭᠲᠦ ᠵᠢᠵᠢᠭ ᠪᠠᠯᠭᠠᠰᠤ ᠪᠣᠯᠤᠨ ᠰᠠᠨ ᠡᡁᠧ ᠰᠣᠯᠣᠩᠭᠤᠰ ᠦᠨᠳᠦᠰᠦᠲᠡᠨ ᠤ ᠤᠨᠴᠠᠯᠢᠬᠳᠤ ᠲᠣᠰᠬᠤᠨ ᠪᠦᠬᠦ ᠣᠷᠣᠨ ᠤ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠴᠤᠭᠯᠠᠷᠠᠯ ᠤᠨ ᠲᠣᠭᠤᠷᠢᠭ ᠲᠤ ᠵᠢᠭᠰᠠᠭᠠᠭᠳᠠᠵᠠᠢ᠃ ᠡᠪᠦᠯ ᠤᠨ ᠤᠯᠠᠷᠢᠯ ᠤᠨ ᠵᠤᠭᠠᠴᠠᠯ ᠤᠨ ᠠᠵᠢᠯ ᠤᠨ ᠡᠬᠢᠯᠡᠯᠲᠡ ᠶᠢᠨ ᠪᠠᠶᠢᠳᠠᠯ ᠡᠷᠴᠢᠮᠲᠡᠢ ᠪᠠᠶᠢᠵᠤ᠂ ︽ᠬᠠᠭᠠᠰ ᠵᠢᠯ ᠤᠨ ᠰᠡᠯᠡᠭᠦᠦ ᠴᠠᠭ︾ ᠪᠠᠶᠢᠭᠰᠠᠨ ᠠᠴᠠ ︽ᠲᠦᠷᠪᠡᠨ ᠤᠯᠠᠷᠢᠯ ᠤᠨ ᠬᠥᠭᠵᠢᠯᠲᠡ ᠲᠠᠢ︾ ᠪᠣᠯᠤᠭᠰᠠᠨ ᠬᠤᠪᠢᠷᠠᠯᠲᠠ ᠶᠢ ᠪᠡᠶᠡᠯᠡᠭᠦᠯᠵᠡᠢ᠃ ᠵᠤᠭᠠᠴᠠᠭᠰᠠᠳ ᠤᠨ ᠲᠤᠭ᠎ᠠ ᠪᠣᠯᠤᠨ ᠵᠤᠭᠠᠴᠠᠯ ᠤᠨ ᠶᠡᠷᠦᠩᠬᠡᠢ ᠣᠷᠣᠯᠭ᠎ᠠ ᠵᠢᠯ ᠳᠤᠮᠳᠠᠴᠢ ᠪᠠᠷ 25% ᠠᠴᠠ ᠳᠡᠭᠡᠭᠰᠢ ᠨᠡᠮᠡᠭᠳᠡᠵᠦ᠂ ᠪᠦᠬᠦ ᠴᠠᠭ᠂ ᠪᠦᠬᠦ ᠤᠯᠠᠷᠢᠯ᠂ ᠪᠦᠬᠦ ᠣᠷᠣᠨ ᠪᠦᠰᠡ ᠶᠢᠨ ᠵᠤᠭᠠᠴᠠᠯ ᠤᠨ ᠰᠢᠨ᠎ᠡ ᠬᠠᠭᠤᠳᠠᠰᠤ ᠶᠢ ᠨᠡᠭᠡᠭᠡᠵᠡᠢ᠃     ᠥᠩᠭᠡᠷᠡᠭᠰᠡᠨ ᠲᠠᠪᠤᠨ ᠵᠢᠯ ᠳᠤ᠂ ᠪᠢᠳᠡ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ ︽ᠠᠵᠢᠯᠯᠠᠭ᠎ᠠ︾ ᠪᠠᠷ ᠢᠶᠠᠨ ᠤᠯᠠᠨ ᠲᠦᠮᠡᠨ ᠤ ᠦᠨᠡᠨ ᠰᠡᠳᠬᠢᠯ ᠤᠨ ︽ᠳᠣᠭᠳᠣᠯᠤᠯ︾ ᠢ ᠣᠯᠵᠤ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠡᠷᠴᠢᠮ ᠢ ᠴᠢᠩᠭᠠᠷᠠᠭᠤᠯᠵᠤ᠂ ᠨᠡᠩ ᠬᠠᠯᠠᠭᠤᠨ ᠳᠤᠯᠠᠭᠠᠨ ᠪᠣᠯᠤᠭᠰᠠᠨ ᠪᠠᠶᠢᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠴᠣᠭᠴᠠᠯᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠨᠡᠶᠢᠳᠡ 114 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 70% ᠠᠴᠠ ᠳᠡᠭᠡᠭᠰᠢᠬᠢ ᠶᠢ ᠡᠵᠡᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠤᠯᠠᠭᠠᠠᠬᠤᠲᠠ ᠶᠢᠨ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠵᠡᠢ᠃ ᠪᠠᠲᠤᠯᠠᠭ᠎ᠠ ᠶᠢᠨ ᠬᠢᠷᠢ ᠲᠦᠪᠰᠢᠨ ᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠶ᠂ ᠠᠷᠠᠳ ᠤᠨ ᠠᠮᠢᠳᠤᠷᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠴᠠ ᠪᠢᠰᠢ ᠪᠠᠭᠤᠷᠠᠭᠤᠯᠬᠤ ᠦᠭᠡᠶ ᠪᠠᠶᠢᠬᠤ ᠶᠢ ᠪᠠᠷᠢᠮᠲᠠᠯᠠᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠶ ᠰᠢᠶᠠᠨ ᠤ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠡᠵᠦ᠂ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠠᠰᠠᠭᠤᠳᠠᠯ ᠢ ᠪᠦᠲᠦᠮᠵᠢᠲᠡᠶ ᠵᠠᠰᠠᠵᠤ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠬᠤᠲᠠ ᠬᠥᠳᠡᠭᠡ ᠶᠢ ᠬᠠᠮᠤᠷᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠨᠠᠰᠤᠵᠢᠯ ᠤᠨ ᠡᠪᠡᠳᠴᠢᠲᠡᠨ ᠤ ᠣᠷᠣ ᠶᠢ 2300 ᠪᠣᠯᠭᠠᠵᠤ᠂ ᠪᠦᠬᠦᠯᠢ 80 ᠨᠠᠰᠤᠨ ᠠᠴᠠ ᠳᠡᠭᠡᠭᠰᠢᠬᠢ ᠥᠨᠳᠥᠷ ᠨᠠᠰᠤᠨ ᠤ ᠨᠥᠬᠦᠪᠦᠷᠢ ᠶᠢ ᠪᠦᠬᠦᠨ ᠢ ᠪᠦᠷᠬᠦᠬᠦᠯᠵᠦ᠂ ᠠᠯᠪᠠᠨ ᠤ ︵ᠬᠢᠮᠳᠠ︶ ᠲᠦᠷᠢᠶᠡᠰᠦᠨ ᠣᠷᠣᠨ ᠰᠠᠭᠤᠴᠠ ᠶᠢ 10389 ᠢᠵᠢ ᠳᠤ ᠬᠦᠷᠭᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ 3.2 ᠲᠦᠮᠡᠨ ᠬᠥᠮᠦᠨ ᠤᠳᠠᠭ᠎ᠠ ᠬᠠᠪᠰᠤᠷᠤᠨ ᠲᠡᠳᠬᠦᠵᠦ ᠠᠪᠤᠷᠠᠨ ᠲᠤᠰᠠᠯᠠᠵᠤ᠂ ︽ᠠᠵᠢᠯ ᠣᠯᠤᠭᠰᠠᠨ ᠬᠥᠮᠦᠨ ᠦᠭᠡᠢ ᠭᠡᠷ ᠪᠦᠯᠢ︾ ᠬᠥᠳᠡᠯᠦᠩᠭᠦᠢ ᠪᠠᠷ ᠦᠭᠡᠶᠢᠰᠭᠡᠬᠦ ᠶᠢ ᠪᠠᠷᠢᠮᠲᠠᠯᠠᠵᠤ᠂ ᠤᠯᠠᠭᠠᠠᠬᠤᠲᠠ ᠶᠢᠨ ᠠᠷᠠᠳ ᠲᠦᠮᠡᠨ ᠰᠤᠷᠤᠯᠴᠠᠬᠤ ᠠᠴᠠ ᠰᠤᠷᠭᠠᠨ ᠬᠥᠮᠦᠵᠢᠯ ᠲᠠᠢ ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠢ ᠠᠴᠠ ᠲᠡᠳᠬᠦᠮᠵᠢ ᠲᠠᠢ ᠪᠠᠶᠢᠬᠤ ᠲᠠᠯ᠎ᠠ ᠪᠠᠷ ᠨᠡᠩ ᠶᠡᠭᠡ ᠬᠦᠷᠲᠡᠮᠵᠢ ᠶᠢᠨ ᠲᠦᠷᠦᠭᠳᠡᠯ ᠲᠠᠢ ᠪᠣᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠵᠦ᠂ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ ᠤᠨ ᠲᠤᠭ᠎ᠠ ᠬᠡᠮᠵᠢᠶ᠎ᠡ ᠵᠢᠯ ᠳᠠᠷᠠᠭᠠᠯᠠᠨ ᠪᠠᠭᠠᠰᠴᠤ᠂ ᠤᠯᠠᠭᠠᠠᠬᠤᠲᠠ ᠶᠢᠨ ᠠᠷᠠᠳ ᠲᠦᠮᠡᠨ ᠨᠡᠩ ᠶᠡᠭᠡ ᠠᠮᠤᠷ ᠲᠦᠪᠰᠢᠨ ᠤ ᠲᠦᠷᠦᠭᠳᠡᠯ ᠲᠠᠢ ᠪᠣᠯᠪᠠ᠃ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠷᠢᠭᠤᠨ ᠭᠠᠯ ᠠᠰᠠᠭᠠᠬᠤ ᠵᠢᠴᠢ ᠭᠠᠯ ᠪᠠᠮᠪᠠᠷ ᠳᠠᠮᠵᠢᠭᠤᠯᠬᠤ ᠶᠢ ᠠᠩᠬ᠎ᠠ ᠲᠠᠷᠬᠠᠭᠠᠬᠤ ᠶᠣᠰᠣᠯᠠᠯ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠦᠨᠳᠦᠰᠦᠨ ᠱᠠᠲᠤᠨ ᠳᠤ ᠪᠠᠭᠤᠵᠤ ᠲᠣᠬᠤᠨᠢᠭᠤᠯᠬᠤ ᠲᠣᠭᠯᠠᠯᠲᠠ ᠵᠡᠷᠭᠡ ᠲᠤᠮᠤ ᠬᠡᠯᠪᠡᠷᠢ ᠶᠢᠨ ᠰᠣᠶᠣᠯ ᠲᠠᠮᠢᠷ ᠤᠨ ᠠᠵᠢᠯᠯᠠᠭ᠎ᠠ ᠶᠢ ᠮᠢᠩᠭ᠎ᠠ ᠭᠠᠷᠤᠢ ᠲᠠᠯᠠᠪᠠᠢ ᠥᠷᠨᠢᠭᠦᠯᠵᠦ ᠂ ᠬᠤᠳᠠ ᠶᠢᠨ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠢ᠂ ᠨᠣᠮ ᠤᠨ ᠰᠠᠩ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠵᠤ᠂ ᠵᠠᠯᠠᠭᠤᠴᠤᠳ ᠪᠠᠭᠠᠴᠤᠳ ᠤᠨ ᠬᠦᠯ ᠪᠥᠮᠪᠦᠭᠡ ᠶᠢᠨ ᠤᠷᠤᠯᠳᠤᠭᠠᠨ ᠳᠤ ᠤᠳᠠᠭ᠎ᠠ ᠳᠠᠷᠠᠭᠠᠯᠠᠨ ᠰᠢᠯᠢᠳᠡᠭ ᠠᠮᠵᠢᠯᠲᠠ ᠣᠯᠵᠤ᠂ ᠤᠯᠠᠭᠠᠠᠬᠤᠲᠠ ᠶᠢᠨ ᠠᠷᠠᠳ ᠲᠦᠮᠡᠨ ᠳᠤ ᠨᠡᠩ ᠤᠯᠠᠨ ᠵᠣᠯ ᠵᠢᠷᠭᠠᠯ ᠤᠨ ᠲᠦᠷᠦᠭᠳᠡᠯ ᠣᠯᠭᠤᠵᠠᠢ᠃     ᠥᠩᠭᠡᠷᠡᠭᠰᠡᠨ ᠲᠠᠪᠤᠨ ᠵᠢᠯ ᠳᠤ᠂ ᠪᠢᠳᠡ ᠠᠷᠢᠭᠤᠨ ᠴᠢᠬᠡᠴᠢ ︽ᠵᠠᠰᠠᠭ ᠤᠨ ᠶᠠᠪᠤᠳᠠᠯ︾ ᠢᠶᠠᠷ ᠴᠢᠨᠠᠷ ᠰᠠᠶᠢᠲᠠᠢ ᠥᠨᠳᠥᠷ ᠪᠦᠲᠦᠮᠵᠢᠲᠡᠢ ︽ᠦᠢᠯᠡᠴᠢᠯᠡᠭᠡ︾ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠲᠦᠷᠢ ᠲᠥᠷᠬᠦ ᠲᠠᠢ᠂ ᠨᠡᠩ ᠪᠦᠲᠦᠮᠵᠢᠲᠡᠢ ᠴᠢᠳᠠᠪᠤᠷᠢ ᠲᠠᠢ ᠪᠣᠯᠵᠠᠢ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ︽ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠶ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠵᠦᠢᠯᠡᠰ ᠢ ᠲᠣᠬᠢᠷᠠᠭᠤᠯᠬᠤ᠂ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ︾ ᠰᠢᠢᠳᠪᠦᠷᠢᠲᠦ ᠪᠣᠳᠣᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ᠶᠢ ᠬᠢᠨᠠᠮᠠᠭᠠᠶ ᠲᠤᠭᠤᠰᠢᠯᠠᠭᠤᠯᠤᠨ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ︽ᠬᠤᠶᠠᠷ ᠬᠠᠷᠢᠭᠤᠴᠠᠯᠭ᠎ᠠ︾ ᠶᠢᠨ ᠬᠢᠨᠠᠨ ᠪᠤᠳᠤᠯᠲᠠ ᠶᠢ ᠬᠦᠯᠢᠶᠡᠵᠦ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠴᠢᠩᠭ᠎ᠠ᠂ ᠪᠣᠳᠠᠲᠠᠶ ᠪᠥᠭᠡᠳ ᠲᠦᠷᠭᠡᠨ ᠢᠶᠠᠷ ᠠᠬᠢᠭᠤᠯᠵᠠᠢ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠥᠨᠳᠥᠷ ᠪᠦᠲᠦᠮᠵᠢᠲᠡᠢ ᠪᠠᠷ ᠰᠢᠢᠳᠪᠦᠷᠢᠯᠡᠵᠦ᠂ ᠲᠥᠯᠥᠭᠡᠯᠡᠭᠴᠢᠳ ᠪᠠ ᠭᠡᠰᠢᠭᠦᠳ ᠤᠨ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠬᠥᠭᠵᠢᠯᠲᠡ ᠶᠢ ᠲᠦᠷᠭᠡᠳᠬᠡᠬᠦ᠂ ᠠᠵᠢᠯ ᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠠᠢ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠭᠦᠨᠵᠡᠭᠡᠶ ᠨᠠᠶᠢᠳᠠᠪᠤᠷᠢᠵᠢᠭᠤᠯᠤᠨ᠂ ︽ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠴᠣᠭᠴᠠᠯᠠᠵᠣ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠶ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠵᠠᠯᠠᠷᠠᠭᠤᠯᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠲᠠᠯ ᠢ ᠲᠥᠪ ᠪᠣᠯᠭᠠᠵᠠᠢ᠃ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ 100 ᠲᠤᠷᠰᠢᠯᠲᠠ ᠶᠢᠨ ᠨᠢᠭᠡᠴᠢ ᠶᠢᠨ ᠨᠢᠭᠡ ᠪᠤᠯᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠨ᠂ ᠠᠷᠠᠳ ᠲᠦᠮᠡᠨ ᠳᠤ ᠨᠡᠩ ᠰᠠᠶᠢᠨ ᠦᠢᠯᠡᠴᠢᠯᠡᠵᠡᠢ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠭᠡ ᠪᠠᠷ ᠪᠤᠶᠢᠵᠢᠭᠤᠯᠤᠨ ᠦᠢᠯᠡᠳᠦᠯᠭᠡᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠰᠦᠯᠵᠢᠶᠡᠨ ᠤ ᠬᠠᠮᠢᠶᠠᠷᠤᠯᠲᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠢᠯᠣᠭᠤᠳᠤᠨ ᠡᠵᠡᠮᠳᠡᠬᠦ ᠶᠢ ᠴᠢᠩᠭᠠᠳᠬᠠᠵᠤ᠂ ᠭᠤᠣᠯ ᠬᠦᠭ ᠠᠶᠠᠰ ᠢ ᠬᠠᠩᠭᠢᠨᠠᠭᠤᠯᠵᠤ᠂ ᠰᠠᠨᠠᠭᠠᠴᠢᠯᠠᠭᠠᠲᠤ ᠲᠠᠶᠢᠨ ᠢ ᠰᠠᠶᠢᠲᠤᠷ ᠬᠢᠵᠡᠢ᠃     ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ᠂ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠣᠷᠣᠨ ᠲᠤᠭ᠎ᠠ ᠂ ᠰᠣᠨᠢᠨ ᠮᠡᠳᠡᠭᠡ᠂ ᠲᠡᠦᠬᠡ ᠣᠶᠢᠯᠠᠯᠭ᠎ᠠ ᠶᠢᠨ ᠳᠠᠩᠰᠠ ᠡᠪᠬᠡᠮᠡᠯ ᠪᠠ ᠪᠠᠶᠢᠭᠤᠯᠭ᠎ᠠ ᠶᠢᠨ ᠵᠠᠰᠠᠭ ᠤᠨ ᠶᠠᠪᠤᠳᠠᠯ᠂ ᠬᠡᠷᠡᠭ ᠶᠠᠪᠤᠳᠠᠯ ᠵᠡᠷᠭᠡ ᠠᠵᠢᠯ ᠪᠣᠳᠠᠲᠤ ᠦᠷ᠎ᠡ ᠪᠦᠲᠦᠮᠵᠢ ᠣᠯᠵᠤ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠ᠂ ᠭᠠᠯ ᠰᠡᠷᠬᠡᠶᠢᠯᠡᠨ ᠤᠨᠲᠠᠷᠠᠭᠠᠬᠤ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠪᠣᠭᠤᠮᠲᠠ ᠶᠢᠨ ᠠᠵᠢᠯ ᠤᠨ ᠵᠥᠪᠯᠡᠯ᠂ ᠠᠬᠠᠮᠠᠳ ᠰᠢᠨᠵᠢᠯᠡᠬᠦ ᠤᠬᠠᠭᠠᠠᠲᠠᠳ ᠤᠨ ᠨᠡᠶᠢᠭᠡᠮᠯᠢᠭ᠂ ᠨᠠᠰᠤᠲᠠᠶᠢᠴᠤᠳ ᠢ ᠠᠬᠢᠭᠤᠯᠬᠤ ᠨᠡᠶᠢᠭᠡᠮᠯᠢᠭ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠮᠣᠩᠭᠤᠯ ᠶᠤᠸᠠᠨ ᠤ ᠰᠣᠶᠣᠯ ᠤᠨ ᠰᠤᠳᠤᠯᠭᠠᠨ ᠤ ᠨᠡᠶᠢᠭᠡᠮᠯᠢᠭ᠂ ᠬᠤᠪᠢᠰᠬᠠᠯ ᠤᠨ ᠰᠣᠶᠣᠯ ᠤᠨ ᠰᠤᠳᠤᠯᠭᠠᠨ ᠤ ᠨᠡᠶᠢᠭᠡᠮᠯᠢᠭ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠵᠡᠷᠭᠡ ᠠᠵᠢᠯ ᠢ ᠬᠦᠴᠦᠲᠡᠶ ᠠᠬᠢᠭᠤᠯᠵᠤ᠂ ᠮᠥᠩᠭᠦᠨ ᠭᠦᠢᠯᠭᠡᠭᠡ᠂ ᠳᠠᠭᠠᠳᠬᠠᠯ᠂ ᠴᠠᠬᠢᠯᠭᠠᠨ ᠬᠦᠴᠦᠨ᠂ ᠴᠠᠭ ᠠᠭᠤᠷ᠂ ᠴᠢᠮᠡᠭᠡ ᠬᠤᠯᠪᠣᠭ᠎ᠠ ᠵᠡᠷᠭᠡ ᠠᠵᠢᠯ ᠢ ᠡᠷᠡᠭᠦᠯ ᠢᠶᠠᠷ ᠬᠥᠭᠵᠢᠭᠦᠯᠵᠡᠢ︕     ᠲᠥᠯᠥᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ︾ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠶᠢ ᠡᠷᠭᠢᠴᠡᠭᠦᠯᠬᠦ ᠳᠤ᠂ ᠲᠡᠦᠬᠡᠨ ᠶᠠᠪᠤᠴᠠ ᠳᠣᠯᠭᠢᠶᠠᠨ ᠳᠠᠪᠠᠯᠭᠠᠨ ᠲᠠᠢ ᠪᠠᠶᠢᠬᠤ ᠶᠢ ᠭᠦᠨᠵᠡᠭᠡᠶ ᠣᠶᠢᠯᠠᠭᠠᠵᠤ᠂ ᠢᠯᠡᠳᠲᠡ ᠠᠮᠵᠢᠯᠲᠠ ᠪᠦᠲᠦᠮᠵᠢ ᠤᠯᠵᠠᠢ᠃ 2020 ᠣᠨ ᠢ ᠳ᠋ᠦᠩᠨᠡᠪᠡᠯ᠂ ᠪᠠᠶᠢᠳᠠᠯ ᠢ ᠰᠥᠷᠴᠦ ᠠᠮᠵᠢᠯᠲᠠ ᠪᠦᠲᠦᠮᠵᠢ ᠭᠠᠷᠭᠠᠬᠤ ᠨᠢ ᠬᠢᠯᠪᠠᠷ ᠶᠠᠪᠤᠳᠠᠯ ᠪᠢᠰᠢ ᠭᠡᠳᠡᠭ ᠢ ᠨᠡᠩ ᠴᠤ ᠮᠡᠳᠡᠵᠦ ᠪᠣᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ ᠪᠢᠳᠡ ᠯᠠᠪᠳᠠᠭᠤᠨ ᠢᠶᠠᠷ ᠠᠷᠭᠠᠴᠠᠭᠠᠵᠤ᠂ ᠢᠳᠡᠪᠬᠢᠲᠡᠶ ᠪᠠᠷ ᠠᠷᠭᠠᠴᠠᠭᠠᠵᠤ᠂ ᠳᠠᠪᠠᠭ᠎ᠠ ᠶᠢ ᠳᠠᠪᠠᠭ᠋ᠤ ᠳᠤᠮᠳᠠ ᠲᠤᠯᠭᠤᠷ ᠵᠣᠷᠢᠯᠲᠠ ᠪᠠᠨ ᠰᠠᠬᠢᠵᠤ᠂ ᠰᠢᠨ᠎ᠡ ᠲᠣᠬᠢᠶᠠᠯ ᠢ ᠪᠤᠢ ᠪᠣᠯᠭᠠᠵᠤ᠂ ᠮᠤᠷᠤᠶ ᠰᠠᠷᠤᠶ ᠵᠠᠮ ᠢᠶᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠰᠢᠨ᠎ᠡ ᠪᠠᠶᠢᠳᠠᠯ ᠢ ᠨᠡᠭᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶ ᠶᠢᠨ ᠡᠷᠬᠢᠯᠲᠡ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠵᠤ᠂ ᠬᠥᠭᠵᠢᠯᠲᠡ ᠶᠢᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠠᠢ᠃     ᠥᠩᠭᠡᠷᠡᠭᠰᠡᠨ ᠨᠢᠭᠡ ᠵᠢᠯ ᠳᠤ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠤᠷ︾ ᠢ ᠨᠢᠭᠲᠠ ᠰᠦᠯᠵᠢᠵᠦ᠂ ᠣᠯᠠᠨ ᠲᠦᠮᠡᠨ ᠤ ︽ᠠᠮᠢᠨ ᠰᠤᠳᠠᠰᠤ︾ ᠶᠢ ᠪᠠᠬᠢᠵᠢᠭᠦᠯᠵᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠬᠢᠩᠭᠠᠨ ᠲᠥᠪ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠲᠠᠶᠢᠴᠢᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠠᠶᠢᠨ ᠢ ᠦᠳᠲᠡᠷ ᠲᠦᠷᠭᠡᠨ ᠬᠢᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠲᠡᠷᠡ ᠳᠠᠷᠤᠢ ᠳᠤᠨᠢ ᠡᠬᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠪᠠᠶᠢᠯᠳᠤᠭᠠᠨ ᠬᠢᠬᠦ ᠰᠢᠰᠲ᠋ᠧᠮ ᠢ ᠪᠠᠶᠢᠭᠤᠯᠵᠤ᠂ ᠤᠷᠢᠳᠴᠢᠯᠠᠨ ᠰᠢᠢᠳᠪᠦᠷᠢᠲᠦ ᠪᠤᠳᠤᠯᠭ᠎ᠠ ᠲᠣᠭᠲᠠᠭᠠᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠭᠠᠳᠠᠭᠠᠳᠤ ᠠᠴᠠ ᠣᠷᠣᠵᠤ ᠢᠷᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ 1 ᠭᠠᠷᠤᠭᠰᠠᠨ ᠪᠠᠶᠢᠳᠠᠯ ᠳᠣᠣᠷ᠎ᠠ ᠦᠬᠦᠬᠦ ᠦᠭᠡᠢ᠂ ᠬᠠᠯᠳᠠᠪᠤᠷᠢᠯᠠᠬᠤ ᠦᠭᠡᠢ᠂ ᠲᠠᠷᠬᠠᠭᠠᠬᠤ ᠦᠭᠡᠢ ᠪᠠᠶᠢᠬᠤ ᠶᠢ ᠪᠡᠶᠡᠯᠡᠭᠦᠯᠵᠡᠢ᠃ ᠪᠠᠶᠢᠩᠭᠤ ᠶᠢᠨ ᠴᠢᠨᠠᠷᠲᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ ᠂ ︽ ᠡᠷᠲᠡ ᠢᠯᠡᠷᠡᠭᠦᠯᠬᠦ ᠡᠷᠲᠡ ᠮᠡᠳᠡᠭᠦᠯᠬᠦ ᠡᠷᠲᠡ ᠲᠤᠰᠠᠭᠠᠷᠯᠠᠬᠤ ᠡᠷᠲᠡ ᠡᠮᠴᠢᠯᠡᠭᠦᠯᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨ᠎ᠠ ᠵᠢᠴᠢ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠤᠯᠠᠭᠠᠨᠬᠤᠲᠠ ᠳᠤ ᠢᠷᠡᠭᠰᠡᠨ ᠬᠥᠮᠦᠰ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠳᠠᠯᠠᠵᠤ᠂ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂  ᠭᠠᠳᠠᠨ᠎ᠠ ᠠᠴᠠ ᠣᠷᠤᠵᠤ ᠢᠷᠡᠬᠦ ᠴᠢᠨᠠᠷᠲᠠᠶ ᠲᠦᠭᠰᠢᠭᠦᠷᠢ ᠶᠢ ᠲᠡᠰᠦᠯᠦᠨ᠂ ᠰᠢᠯᠵᠢᠮᠡᠯ ᠴᠢᠨᠠᠷᠲᠠᠶ ᠲᠦᠭᠰᠢᠭᠦᠷᠢ ᠶᠢ ᠬᠢᠵᠠᠭᠠᠷᠯᠠᠵᠤ᠂ ᠲᠥᠪᠯᠡᠷᠡᠯ ᠤᠨ ᠴᠢᠨᠠᠷᠲᠠᠶ ᠲᠦᠭᠰᠢᠭᠦᠷᠢ ᠶᠢ ᠴᠢᠩᠭ᠎ᠠ ᠰᠡᠷᠭᠡᠶᠢᠯᠡᠵᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠤᠳᠠᠭᠠᠨ ᠤ ︽ᠶᠡᠭᠡ ᠰᠢᠯᠭᠠᠯᠲᠠ︾ ᠳᠤ᠂ ᠠᠶᠢᠮᠠᠭ ᠬᠤᠳᠠ ᠶᠢᠨ ᠨᠠᠮ ᠤᠨ ᠭᠡᠰᠢᠭᠦᠨ ᠺᠠᠳ᠋ᠷ ᠵᠠᠷᠯᠢᠭ ᠢ ᠰᠣᠨᠣᠰᠤᠮᠠᠭᠴᠠ ᠬᠥᠳᠡᠯᠵᠦ᠂ ᠭᠤᠶᠠᠴᠢ ᠦᠭᠡᠢ ᠵᠢᠷᠦᠬᠡᠰᠢᠶᠡᠯ ᠦᠬᠡᠢ᠂ ᠡᠮᠴᠢ ᠰᠤᠪᠢᠯᠠᠭᠴᠢᠳ ᠴᠠᠭᠠᠨ ᠬᠤᠶᠠᠭ ᠢᠶᠠᠨ ᠡᠮᠦᠰᠦᠨ᠂ ᠰᠦᠷᠦᠨ ᠤᠷᠤᠭᠰᠢᠯᠠᠨ ᠲᠤᠰᠠᠯᠠᠵᠤ᠂ ᠡᠯ᠎ᠡ ᠠᠵᠢᠯ ᠲᠦᠷᠦᠯ ᠤᠨ ᠬᠥᠳᠡᠯᠮᠦᠷᠢᠴᠢᠳ ᠬᠠᠶᠢᠷ᠎ᠠ ᠰᠡᠳᠬᠢᠯᠭᠡ ᠶᠢ ᠪᠠᠷᠢᠵᠤ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠷᠠᠮ ᠦᠭᠡᠢ ᠬᠠᠪᠰᠤᠷᠤᠨ ᠲᠤᠰᠠᠯᠠᠵᠤ᠂ ᠠᠷᠠᠳ ᠤᠯᠠᠨ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠵᠥ᠂ ᠨᠡᠩ ᠤᠯᠠᠨ ︽ᠬᠠᠪᠤᠷ ᠤᠨ ᠦᠯᠢᠭᠡᠷ︾ ᠢ ᠦᠷᠭᠦᠯᠵᠢᠯᠡᠨ ᠪᠢᠴᠢᠭᠯᠡᠵᠦ᠂ ᠤᠯᠠᠭᠠᠠᠬᠤᠲᠠ ᠶᠢᠨ ᠠᠷᠠᠳ ᠲᠦᠮᠡᠨ ᠤ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠬᠠᠶᠢᠷ᠎ᠠ ᠰᠡᠳᠬᠢᠯᠭᠡ ᠶᠢ ᠢᠯᠡᠷᠡᠭᠦᠯᠵᠡᠢ᠃ ᠥᠩᠭᠡᠷᠡᠭᠰᠡᠨ ᠨᠢᠭᠡ ᠵᠢᠯ ᠳᠤ᠂ ᠪᠢᠳᠡ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾  ᠳᠤ ᠬᠦᠴᠦᠨ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠡᠢ᠃ ᠬᠢᠵᠢᠭ ᠢ ᠡᠰᠡᠷᠭᠦᠴᠡᠬᠦ ᠵᠣᠷᠢᠭ ᠰᠠᠨᠠᠭ᠎ᠠ ᠪᠠᠷ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠶᠢ ᠪᠠᠷᠢᠮᠲᠠᠯᠠᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ ᠰᠤᠷᠤᠯᠭ᠎ᠠ ᠪᠠᠨ ᠰᠡᠷᠭᠦᠭᠡᠵᠦ ᠵᠠᠬ᠎ᠠ ᠳᠡᠯᠭᠡᠭᠦᠷ ᠢᠶᠠᠨ ᠰᠡᠷᠭᠦᠭᠡᠬᠦ ᠶᠢ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠳᠡᠭᠡᠭᠰᠢᠯᠡᠯᠲᠡ ᠶᠢᠨ ᠬᠡᠮᠵᠢᠶ᠎ᠡ ᠪᠦᠬᠦ ᠠᠶᠢᠮᠠᠭ ᠤᠨ ᠲᠡᠷᠢᠭᠦᠨ ᠳᠤ ᠣᠷᠣᠵᠡᠢ᠃ ᠲᠥᠷᠥᠯ ᠵᠦᠢᠯ ᠢᠶᠠᠷ ᠳᠠᠶᠢᠴᠢᠯᠠᠬᠤ ᠶᠢ ᠪᠠᠷᠢᠮᠲᠠᠯᠠᠵᠤ᠂ 97 ᠭᠤᠤᠯᠳᠠᠯᠭ᠎ᠠ ᠲᠠᠢ ᠲᠥᠷᠥᠯ ᠵᠦᠢᠯ ᠢ ᠨᠠᠷᠢᠯᠢᠭ ᠣᠨᠣᠴᠠᠲᠠᠶ ᠪᠠᠷ ᠰᠦᠪᠡᠭᠴᠢᠯᠡᠨ ᠬᠡᠷᠡᠭᠵᠢᠭᠦᠯᠵᠦ᠂ 52.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠢ ︽ᠭᠤᠷᠪᠠᠨᠲᠠ ᠤᠷᠢᠵᠤ ᠭᠤᠷᠪᠠᠨᠲᠠ ᠬᠠᠷᠢᠭᠤᠯᠬᠤ︾ ᠬᠤᠳᠠᠯᠳᠤᠭᠠᠴᠢᠨ ᠤᠷᠢᠵᠤ ᠪᠠᠯᠠ ᠲᠠᠲᠠᠬᠤ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ 169 ᠲᠥᠷᠥᠯ ᠵᠦᠢᠯ ᠢ ᠵᠣᠯᠭᠠᠭᠤᠯᠤᠨ ᠬᠡᠯᠡᠯᠴᠡᠵᠦ᠂ 65.6 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠪᠠ᠃ ︽ᠡᠷᠳᠡᠨᠢ ᠰᠢᠰᠢ ᠳᠤᠲᠤᠷᠭ᠎ᠠ︾᠂ ︽ᠮᠢᠬᠠᠨ ᠦᠬᠡᠷ ᠰᠠᠭᠠᠯᠢ ᠶᠢᠨ ᠦᠨᠢᠶ᠎ᠡ︾ ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠡᠮᠵᠢᠶ᠎ᠡ ᠨᠢ 45% ᠠᠴᠠ ᠳᠡᠭᠡᠭᠰᠢ ᠳᠤ ᠬᠥᠷᠴᠠᠢ᠃ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ 1.1 ᠳ᠋ᠦᠩᠰᠢᠭᠤᠷ ᠲᠥᠭᠦᠷᠢᠭ ᠲᠤ ᠬᠦᠷᠴᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ ᠬᠦᠴᠢᠷᠳᠡᠯ ᠢ ᠰᠢᠢᠳᠪᠦᠷᠢᠯᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ 2.6 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠵᠤ᠂ 6125 ᠲᠦᠮᠡᠨ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠦᠨ᠂ 1.4 ᠲᠦᠮᠡᠨ ᠬᠥᠮᠦᠨ ᠢ ᠵᠣᠬᠢᠴᠠᠭᠤᠯᠤᠨ ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠨ ᠵᠢᠵᠢᠭ ᠪᠢᠴᠢᠯ ᠠᠵᠤ ᠠᠬᠤᠶᠢᠯᠠᠯ ᠤᠨ ︽ᠠᠮᠢᠳᠤᠯᠢᠭ ᠪᠥᠭᠡᠳ ᠬᠦᠴᠦᠷᠬᠡᠭᠵᠢᠬᠦ︾ ᠳᠤ ᠦᠢᠯᠡᠴᠢᠯᠡᠵᠡᠢ᠃ ᠵᠠᠮ ᠤᠨ ᠳᠠᠭᠠᠤ ᠳᠡᠯᠭᠡᠭᠦᠷ ᠤᠨ ᠠᠵᠤ ᠠᠬᠤᠶ ᠶᠢ ᠴᠢᠯᠥᠭᠡᠲᠡᠶ ᠪᠣᠯᠭᠠᠵᠤ᠂ ᠪᠣᠷᠣᠯᠠᠭᠤᠯᠭ᠎ᠠ ᠶᠢ ᠠᠬᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠦᠭᠰᠡᠨ ᠢᠶᠠᠷ ᠬᠡᠷᠡᠭᠯᠡᠭᠡᠨ ᠤ ᠵᠠᠬ᠎ᠠ ᠳᠡᠯᠭᠡᠭᠦᠷ ᠦᠳᠲᠡᠷ ᠲᠦᠷᠭᠡᠨ ᠰᠠᠶᠢᠵᠢᠷᠠᠵᠠᠢ᠃ 9775 ᠲᠦᠮᠡᠨ ᠲᠥᠭᠦᠷᠢᠭ ᠤᠨ ᠪᠠᠲᠤᠯᠠᠭᠠᠲᠤ ᠵᠢᠭᠡᠯᠡᠯᠭᠡ ᠲᠠᠯᠪᠢᠵᠤ᠂ ᠮᠠᠯᠴᠢᠨ ᠲᠠᠷᠢᠶᠠᠴᠢᠳ ᠢ 8072 ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ 4086 ᠬᠥᠮᠦᠨ ᠤᠳᠠᠭ᠎ᠠ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠪᠠ᠃ ᠤᠯᠠᠨ ᠲᠦᠮᠡᠨ ᠢ 8000 ᠭᠠᠷᠤᠶ ᠬᠥᠮᠦᠨ ᠤᠳᠠᠭ᠎ᠠ ᠬᠠᠪᠰᠤᠷᠤᠨ ᠲᠡᠳᠬᠦᠵᠦ ᠠᠪᠤᠷᠠᠨ ᠲᠤᠰᠠᠯᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠦᠨᠳᠦ ᠡᠪᠡᠳᠴᠢᠨ ᠤ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠪᠡᠯᠡ ᠮᠥᠩᠭᠦ ᠶᠢ 1.3 ᠳ᠋ᠦᠩᠰᠢᠭᠤᠷ ᠲᠥᠭᠦᠷᠢᠭ ᠲᠠᠷᠬᠠᠭᠠᠵᠤ᠂ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠵᠠᠢ᠃ ᠠᠮᠤ ᠪᠤᠳᠠᠭᠠᠨ ᠤ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠷᠠᠳ ᠤᠯᠠᠨ ᠤ ᠪᠤᠳᠠᠭ᠎ᠠ᠂  ᠨᠣᠭᠤᠭ᠎ᠠ᠂ ᠮᠢᠬᠠᠨ ᠤ ᠬᠠᠩᠭᠠᠯᠭ᠎ᠠ ᠶᠢ ᠨᠡᠩ ᠠᠮᠤᠷ ᠲᠦᠪᠰᠢᠨ ᠲᠣᠭᠲᠠᠭᠤᠨ ᠪᠣᠯᠭᠠᠪᠠ᠃ ᠪᠠᠢ ᠯᠤ᠋ ᠰᠤᠷᠭᠠᠭᠤᠯᠢ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂  ᠭᠤᠤᠯ ᠤᠨ ᠵᠡᠭᠦᠨ ᠲᠣᠭᠤᠷᠢᠭ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠡᠩ ᠰᠢᠯᠢᠳᠡᠭᠵᠢᠭᠦᠯᠪᠡ᠃ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠡᠩᠰᠡᠯᠡᠨ ᠲᠡᠮᠳᠡᠭᠯᠡᠬᠦ ᠠᠵᠢᠯ ᠢ ᠥᠷᠨᠢᠭᠦᠯᠵᠡᠢ᠃ ᠠᠶᠢᠮᠠᠭ ᠬᠤᠳᠠ ᠶᠢᠨ ᠬᠤᠯᠪᠣᠭᠠᠯᠠᠨ ᠬᠥᠳᠡᠯᠦᠯᠴᠡᠵᠦ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠶᠢ ᠪᠠᠷᠢᠮᠲᠠᠯᠠᠵᠤ᠂ 120 ᠠᠶᠢᠮᠠᠭ ᠤᠨ ᠰᠢᠭᠤᠳ ᠬᠠᠷᠢᠶ᠎ᠠ ᠨᠢᠭᠡᠴᠢ᠂ 66 ᠬᠤᠳᠠ ᠶᠢᠨ ᠰᠢᠭᠤᠳ ᠬᠠᠷᠢᠶ᠎ᠠ ᠨᠢᠭᠡᠴᠢ᠂ 5 ᠲᠦᠮᠡ ᠭᠠᠷᠤᠢ ᠨᠠᠮ ᠤᠨ ᠭᠡᠰᠢᠭᠦᠨ ᠺᠠᠳ᠋ᠷ ᠬᠤᠳᠠ ᠶᠢ ᠴᠣᠭᠴᠠᠯᠠᠨ ᠪᠠᠶᠢᠭᠤᠯᠬᠤ ᠳᠤ ᠬᠦᠴᠦᠯᠡᠬᠦ᠂ ᠬᠤᠳᠠ ᠶᠢ ᠴᠣᠭᠴᠠᠯᠠᠨ ᠪᠠᠶᠢᠭᠤᠯᠬᠤ ᠳᠤ ᠣᠷᠣᠯᠴᠠᠬᠤ᠂ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠢᠶᠠᠨ ᠨᠢᠭᠡᠳᠬᠡᠵᠤ ᠰᠦᠷ ᠳᠠᠯᠠᠶᠢᠴᠠᠲᠠᠢ ᠬᠦᠴᠦᠨ ᠢ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠲᠤ ᠶᠢᠨ ᠠᠵᠢᠯᠯᠠᠭ᠎ᠠ ᠨᠢ ︽ᠪᠦᠭᠦᠳᠡᠭᠡᠷ ᠢᠶᠠᠨ ᠪᠠᠶᠢᠬᠤ︾ ᠬᠠᠮᠲᠤ ᠶᠢᠨ ᠬᠠᠷᠢᠭᠤᠴᠠᠯᠭ᠎ᠠ᠂ ᠬᠠᠮᠲᠤ ᠶᠢᠨ ᠠᠵᠢᠯᠯᠠᠭ᠎ᠠ ᠶᠢ ᠨᠢᠭᠲᠠᠷᠠᠭᠤᠯᠵᠤ᠂ ᠪᠦᠬᠦ ᠤᠯᠤᠰ ᠤᠨ ᠪᠣᠯᠪᠠᠰᠤᠨ ᠬᠤᠳᠠ ᠪᠠᠷ ᠨᠡᠷ᠎ᠡ ᠳᠤᠷᠠᠳᠴᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠨᠡᠷ᠎ᠡ ᠶᠢ ᠬᠦᠷᠳᠡᠵᠤ᠂ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠵᠠᠯᠭᠠᠭ᠎ᠠ ᠪᠠᠷ ᠲᠤᠯᠤᠭᠠᠨ ᠤᠳᠠᠭ᠎ᠠ ᠮᠠᠩᠯᠠᠶᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠢᠳᠡᠪᠬᠢᠲᠡᠢ ᠠᠬᠢᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠡᠴᠡᠭᠯᠡᠨ ᠬᠥᠭᠵᠢᠬᠦ ᠶᠢ ᠠᠬᠢᠭᠤᠯᠵᠠᠢ᠃     ᠲᠥᠯᠥᠭᠡᠯᠡᠭᠴᠢᠳ ᠡ᠂ ᠲᠦᠢᠯ ᠤᠨ ᠶᠡᠷᠦ ᠪᠤᠰᠤ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠨᠡᠮᠡᠭᠳᠡᠵᠦ ᠪᠠᠶᠢᠭ᠎ᠠ ᠬᠠᠲᠠᠭᠤ ᠴᠢᠩᠭ᠎ᠠ ᠰᠢᠯᠭᠠᠯᠲᠠ ᠶᠢ ᠥᠩᠭᠡᠷᠡᠭᠡᠵᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠯᠤᠲᠤ ᠶᠡᠭᠡ ᠲᠠᠭᠠᠷᠢᠯᠳᠠ ᠶᠢ ᠥᠩᠭᠡᠷᠡᠭᠡᠵᠦ᠂ ᠬᠦᠴᠢᠷ ᠪᠡᠷᠬᠡᠰᠢᠶᠡᠯ ᠥᠷᠢᠰᠥᠯᠳᠦᠭᠡᠨ ᠢ ᠠᠷᠭᠠᠴᠠᠭᠠᠬᠤ ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠮᠵᠢᠯᠲᠠ ᠶᠢᠨ ᠪᠠᠶᠠᠷ ᠪᠠᠭ᠋ᠠᠳᠤᠯ ᠢ ᠣᠯᠵᠤ᠂ ᠰᠠᠶᠢᠨ ᠰᠠᠶᠢᠬᠠᠨ ᠬᠦᠰᠡᠯ ᠡᠷᠡᠮᠡᠯᠵᠡᠯ ᠨᠢ ᠥᠷᠯᠥᠭᠡ ᠦᠳᠡᠰᠢ ᠶᠢ ᠲᠡᠮᠡᠴᠡᠬᠦ ᠳᠤᠮᠳᠠ ᠪᠡᠶᠡᠯᠡᠭᠳᠡᠵᠦ᠂ ᠬᠦᠰᠡᠯ ᠲᠥᠰᠦᠪ ᠨᠢ ᠵᠠᠯᠠᠭᠤ ᠨᠠᠰᠤ ᠪᠠᠨ ᠬᠦᠰᠡᠷᠳᠡᠭᠦᠯᠬᠦ ᠦᠭᠡᠢ ᠴᠢᠷᠮᠠᠶᠢᠯᠲᠠ ᠳᠤᠮᠳᠠ ᠪᠡᠶᠡᠯᠡᠭᠳᠡᠬᠦ ᠪᠣᠯᠤᠨ᠎ᠠ᠃ ᠡᠳᠡᠭᠡᠷ ᠠᠮᠵᠢᠯᠲᠠ ᠪᠦᠲᠦᠮᠵᠢ ᠶᠢ ᠣᠯᠵᠤ᠂ ᠦᠷ᠎ᠡ ᠪᠦᠲᠦᠭᠡᠯ ᠢ ᠬᠤᠷᠠᠮᠳᠤᠭᠤᠯᠤᠭᠰᠠᠨ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠥᠪ ᠣᠨᠣᠪᠴᠢᠲᠠᠶ ᠤᠳᠤᠷᠢᠳᠤᠯᠭ᠎ᠠ ᠶᠢ ᠳᠣᠪᠤᠶᠢᠯᠭᠠᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠵᠦ ᠬᠢᠨᠠᠯᠲᠠ ᠲᠠᠯᠪᠢᠵᠤ᠂ ᠶᠡᠭᠡ ᠪᠠᠷ ᠳᠡᠮᠵᠢᠭᠰᠡᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠨᠢᠭᠲᠠᠷᠠᠭᠤᠯᠵᠤ᠂ ᠪᠥᠬᠦ ᠺᠠᠳ᠋ᠷᠴᠤᠳ ᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠦᠨᠡᠨ ᠬᠦ ᠠᠳᠬᠤᠵᠤ ᠪᠣᠳᠠᠲᠠᠶ ᠪᠠᠷ ᠠᠵᠢᠯᠯᠠᠬᠤ ᠠᠵᠢᠯ ᠤᠨ ᠰᠤᠷᠲᠠᠯ ᠢ ᠢᠯᠡᠷᠡᠭᠦᠯᠵᠦ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠡ ᠰᠡᠳᠬᠢᠯ ᠨᠢᠭᠡ ᠵᠣᠷᠢᠭ ᠢᠶᠠᠷ ᠪᠦᠯᠬᠦᠮᠳᠡᠨ ᠲᠡᠮᠡᠴᠡᠬᠦ ᠰᠢᠷᠭᠠᠭᠤ ᠬᠠᠲᠠᠭᠤᠵᠢᠯᠲᠠᠶ ᠬᠦᠴᠦ ᠬᠥᠯᠥᠰᠥ ᠶᠢ ᠨᠢᠭᠲᠠᠷᠠᠭᠤᠯᠵᠠᠢ᠃ ᠡ᠊ᠡᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠵᠠᠰᠠᠭ ᠤᠨ ᠣᠷᠳᠣᠨ ᠤ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠥᠩᠭᠡᠷᠡᠭᠰᠡᠨ ᠤ ᠠᠬᠠᠮᠠᠳ ᠤᠳᠤᠷᠢᠳᠤᠯᠭ᠎ᠠ᠂ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠶᠡᠷᠦᠩᠬᠡᠶ ᠠᠩᠭᠢ᠂ ᠡᠯ᠎ᠡ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ᠂ ᠰᠢᠭᠤᠳ ᠬᠠᠮᠢᠶᠠᠷᠤᠯᠲᠠ ᠶᠢᠨ ᠨᠢᠭᠡᠴᠢ᠂ ᠤᠯᠠᠭᠠᠨᠬᠤᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠶ ᠪᠥᠬᠦᠶ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ ᠲᠥᠯᠥᠭᠡᠯᠡᠭᠴᠢᠳ ᠡ᠂ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠬᠢᠵᠢᠭ ᠤᠨ ᠪᠠᠶᠢᠳᠠᠯ ᠤᠨ ᠲᠠᠭᠠᠷᠢᠯᠲᠠ᠂ ᠠᠵᠤ ᠠᠬᠤᠶ ᠶᠢᠨ ᠪᠠᠭᠤᠷᠠᠯᠲᠠ ᠶᠢᠨ ᠨᠥᠯᠥᠭᠡ ᠠᠴᠠ ᠪᠣᠯᠵᠣ᠂ ᠠᠵᠤ ᠠᠬᠤᠶ ᠶᠢᠨ ᠡᠷᠬᠢᠯᠲᠡ ᠶᠢᠨ ᠲᠦᠭᠰᠢᠭᠦᠷᠢ ᠵᠢᠴᠢ ᠲᠣᠭᠲᠠᠭᠠᠯᠲᠤ ᠪᠤᠰᠤ ᠬᠦᠴᠦᠨ ᠵᠦᠢᠯ ᠨᠡᠮᠡᠭᠳᠡᠵᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠯᠤᠲᠤ ᠶᠡᠭᠡ ᠥᠷᠢᠰᠥᠯᠳᠦᠭᠡᠨ ᠲᠤᠯᠭᠠᠷᠠᠵᠤ ᠪᠠᠶᠢᠨ᠎ᠠ ᠭᠡᠳᠡᠭ ᠢ ᠪᠢᠳᠡ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ ᠡᠭᠦᠨ ᠳᠤ ᠭᠤᠣᠯᠳᠠᠭᠤ᠄ ᠬᠥᠭᠵᠢᠯᠲᠡ ᠶᠢᠨ ᠰᠠᠭᠤᠷᠢ ᠠᠴᠠ ᠦᠵᠡᠪᠡᠯ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠦᠢᠯᠡᠰ ᠤᠨ ᠲᠡᠰ ᠳᠠᠪᠬᠤᠷᠭ᠎ᠠ ᠳᠣᠣᠷ᠎ᠠ ᠵᠡᠷᠭᠡ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠤᠪᠤᠶᠢᠮ᠎ᠠ ᠣᠷᠣᠰᠢᠵᠤ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠬᠡᠰᠡᠭ ᠠᠵᠢᠯ ᠲᠦᠷᠦᠯ᠂ ᠳᠤᠮᠳᠠ ᠵᠢᠵᠢᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠨ᠎ᠠ᠃ ᠬᠦᠴᠦᠨ ᠢ ᠬᠤᠷᠠᠮᠳᠤᠭᠤᠯᠬᠤ ᠬᠥᠳᠡᠯᠭᠡᠬᠦ ᠬᠦᠴᠦᠨ ᠠᠴᠠ ᠦᠵᠡᠪᠡᠯ᠂ ᠴᠢᠬᠤᠯᠠ ᠶᠡᠭᠡ ᠲᠦᠷᠦᠯ ᠵᠦᠢᠯ ᠴᠥᠭᠡᠨ᠂ ᠴᠢᠬᠤᠯᠠ ᠶᠡᠭᠡ ᠲᠦᠷᠦᠯ ᠵᠦᠢᠯ ᠢ ᠲᠤᠯᠭᠠᠭᠤᠷᠢᠯᠠᠬᠤ ᠡᠯᠧᠮᠧᠨ᠋ᠲ ᠤᠨ ᠪᠠᠲᠤᠯᠠᠭ᠎ᠠ᠂ ᠦᠢᠯᠡᠴᠢᠯᠡᠭᠡᠨ ᠤ ᠪᠠᠲᠤᠯᠠᠭ᠎ᠠ ᠴᠢᠩᠭ᠎ᠠ ᠪᠢᠰᠢ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠨᠡᠮᠡᠭᠳᠡᠯ ᠬᠦᠴᠦᠨ ᠮᠡᠬᠦᠰᠳᠡᠵᠦ ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠥᠨᠳᠥᠷ ᠪᠢᠰᠢ᠂ ᠵᠠᠶᠢᠯᠠᠰᠢ ᠦᠭᠡᠢ ᠵᠠᠷᠤᠯᠭ᠎ᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠨ᠎ᠠ᠃ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠦᠵᠡᠪᠡᠯ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠮᠥᠨ ᠯᠡ ᠲᠡᠩᠴᠡᠭᠦᠷᠢ ᠦᠭᠡᠢ ᠪᠠᠶᠢᠵᠤ᠂ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠪᠡᠶ᠎ᠡ ᠶᠢᠨ ᠲᠠᠮᠢᠷ ᠵᠡᠷᠭᠡ ᠬᠦᠷᠢᠶᠡᠨ ᠳᠤ ᠪᠠᠰᠠ ᠳᠤᠲᠠᠭᠤᠳᠠᠯ ᠪᠠᠭᠤᠷᠠᠢ ᠵᠦᠢᠯ ᠣᠷᠣᠰᠢᠵᠤ ᠪᠠᠶᠢᠨ᠎ᠠ᠃ ᠵᠠᠰᠠᠭ ᠤᠨ ᠣᠷᠳᠣᠨ ᠤ ᠲᠣᠰ ᠪᠡᠶ᠎ᠡ ᠠᠴᠠ ᠠᠪᠴᠤ ᠦᠵᠡᠪᠡᠯ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ︽ᠬᠢᠨᠠᠨ ᠵᠥᠪᠰᠢᠶᠡᠷᠡᠬᠦ ᠵᠦᠢᠯᠡᠰ ᠢᠶᠠᠷ ᠬᠠᠮᠤᠭ ᠤᠨ ᠴᠥᠭᠡᠨ᠂ ᠠᠵᠢᠯ ᠤᠨ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠢᠶᠠᠷ ᠬᠠᠮᠤᠭ ᠤᠨ ᠰᠢᠯᠢᠳᠡᠭ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ ᠢᠶᠠᠷ ᠬᠠᠮᠤᠭ ᠤᠨ ᠴᠢᠩᠭ᠎ᠠ︾ ᠡᠵᠡᠩᠨᠡᠯᠲᠡ ᠶᠢᠨ ᠣᠷᠴᠢᠨ ᠨᠥᠬᠦᠴᠡᠯ ᠤᠨ ᠱᠠᠭᠠᠷᠳᠠᠯᠭ᠎ᠠ ᠠᠴᠠ ᠪᠠᠰᠠ ᠮᠠᠰᠢ ᠶᠡᠭᠡ ᠵᠥᠷᠢᠶ᠎ᠡ ᠲᠠᠢ ᠪᠠᠶᠢᠨ᠎ᠠ᠃ ᠬᠡᠰᠡᠭ ᠨᠠᠮ ᠤᠨ ᠭᠡᠰᠢᠭᠦᠨ ᠺᠠᠳ᠋ᠷ ᠦᠵᠡᠯ ᠰᠠᠨᠠᠭ᠎ᠠ ᠪᠠᠨ ᠴᠢᠯᠥᠭᠡᠯᠡᠭᠰᠡᠨ ᠢᠶᠠᠷ ᠬᠦᠷᠦᠯᠴᠡᠬᠦ ᠦᠭᠡᠢ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ᠂ ᠲᠤᠰᠬᠠᠢ ᠮᠡᠷᠭᠡᠵᠢᠯ ᠤᠨ ᠬᠢᠷᠢ ᠲᠦᠪᠰᠢᠨ ᠢᠶᠠᠷ ᠳᠤᠲᠠᠮᠠᠭ ᠪᠠᠶᠢᠵᠤ᠂ ᠴᠢᠳᠠᠪᠤᠷᠢ ᠶᠢᠨ ᠬᠢᠷᠢ ᠲᠦᠪᠰᠢᠨ ᠨᠢ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠵᠣᠬᠢᠴᠠᠬᠤ ᠦᠭᠡᠢ ᠪᠠᠶᠢᠨ᠎ᠠ᠃ ᠡᠳᠡᠭᠡᠷ ᠠᠰᠠᠭᠤᠳᠠᠯ ᠤᠨ ᠲᠠᠯ᠎ᠠ ᠪᠠᠷ ᠪᠢᠳᠡ ᠬᠠᠷᠢᠭᠤᠴᠠᠯᠭ᠎ᠠ ᠪᠠᠨ ᠡᠷᠡᠰ ᠢᠶᠠᠷ ᠡᠭᠦᠷᠭᠡᠯᠡᠵᠦ᠂ ᠨᠠᠷᠢᠨ ᠬᠢᠨᠠᠮᠠᠭᠠᠶ ᠪᠠᠷ ᠰᠢᠢᠳᠪᠦᠷᠢᠯᠡᠬᠦ ᠬᠡᠷᠡᠭᠲᠡᠢ᠃     ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠣᠯ ᠡᠭᠦᠷᠭᠡ ᠪᠠ 2021 ᠣᠨ ᠤ ᠭᠤᠣᠯᠳᠠᠯᠭ᠎ᠠ ᠲᠠᠢ ᠠᠵᠢᠯ     ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠠᠭᠴᠢ ᠲᠠᠪᠤᠨ ᠵᠢᠯ ᠪᠣᠯᠤᠨ᠎ᠠ᠂ ᠮᠥᠨᠴᠦ ᠤᠯᠠᠭᠠᠠᠬᠤᠲᠠ ᠶᠢᠨ ᠬᠢᠨ ᠲᠠᠰᠢᠭᠤᠷ ᠡᠷᠭᠦᠨ ᠡᠷᠡᠯᠬᠡᠭᠯᠡᠨ ᠤᠷᠤᠭᠰᠢᠯᠠᠵᠤ᠂ ᠳᠠᠪᠠᠯᠲᠠ ᠶᠢ ᠳᠠᠪᠠᠵᠤ ᠭᠦᠢᠴᠡᠨ ᠳᠠᠪᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠪᠢᠳᠡ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ ᠲᠣᠭᠤᠷᠢᠨ ᠤ ᠬᠤᠪᠢᠷᠠᠯᠲᠠ ᠠᠴᠠ ᠪᠣᠯᠤᠭᠰᠠᠨ ᠰᠢᠨ᠎ᠡ ᠥᠷᠢᠰᠥᠯᠳᠦᠭᠡᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠳᠤᠬᠢᠷᠠᠭᠤᠯᠤᠯᠳᠠ ᠠᠴᠠ ᠪᠤᠢ ᠪᠣᠯᠤᠭᠰᠠᠨ ᠰᠢᠨ᠎ᠡ ᠨᠥᠬᠦᠴᠡᠯ ᠰᠢᠨ᠎ᠡ ᠠᠵᠠ ᠲᠣᠬᠢᠶᠠᠯ ᠢ ᠪᠠᠲᠤ ᠡᠵᠡᠮᠳᠡᠵᠦ᠂ ᠮᠠᠨ ᠤ ᠬᠤᠳᠠ ᠶᠢᠨ ᠤᠯᠠᠨ ᠵᠢᠯ ᠤᠨ ᠬᠥᠭᠵᠢᠯᠲᠡ ᠳᠤ ᠬᠤᠷᠠᠮᠳᠤᠭᠤᠯᠤᠭᠰᠠᠨ ᠰᠢᠨ᠎ᠡ ᠳᠠᠪᠠᠭᠤᠯᠢᠭ ᠰᠢᠨ᠎ᠡ ᠬᠥᠳᠡᠯᠭᠡᠬᠦ ᠬᠦᠴᠦᠨ ᠢ ᠭᠦᠢᠴᠡᠳ ᠪᠠᠳᠠᠷᠠᠭᠤᠯᠵᠤ᠂ ᠬᠢᠮᠤᠷᠠᠯ ᠤᠨ ᠳᠤᠮᠳᠠ ᠠᠵᠠ ᠲᠣᠬᠢᠶᠠᠯ ᠢ ᠪᠤᠢ ᠪᠣᠯᠭᠠᠵᠤ ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ᠃     ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ ᠵᠢᠯ ᠪᠦᠷᠢ ᠳᠤᠮᠳᠠᠴᠢ ᠪᠠᠷ 6% ᠣᠷᠴᠢᠮ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 6% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 500 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ 6% ᠣᠷᠴᠢᠮ ᠨᠡᠮᠡᠭᠳᠡᠭᠦᠯᠦᠨ᠎ᠡ᠃     ︽ᠬᠤᠣᠰ ᠵᠠᠭᠤᠨ ᠵᠢᠯ︾ ᠤᠨ ᠲᠡᠦᠬᠡ ᠶᠢᠨ ᠠᠭᠤᠯᠵᠠᠷ ᠳᠡᠭᠡᠷ᠎ᠡ ᠵᠣᠭᠰᠣᠵᠤ᠂ ᠥᠩᠭᠡᠷᠡᠭᠰᠡᠨ ᠢᠶᠠᠨ ᠡᠷᠭᠢᠴᠡᠭᠦᠯᠵᠦ᠂ ᠢᠷᠡᠭᠡᠳᠦᠢ ᠪᠠᠨ ᠪᠠᠷᠠᠯᠠᠵᠤ᠂ ᠲᠤᠷᠰᠢᠯᠭ᠎ᠠ ᠪᠠᠨ ᠳ᠋ᠦᠩᠨᠡᠵᠦ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠨ᠎ᠠ᠃ ᠬᠤᠶᠢᠰᠢᠳᠠ ᠶᠢᠨ ᠲᠠᠪᠤᠨ ᠵᠢᠯ ᠳᠤ᠂ ᠮᠠᠨ ᠤ ᠬᠤᠳᠠ ︽ᠨᠢᠭᠡ ᠭᠤᠣᠯᠳᠠᠯᠭ᠎ᠠ︾ ᠶᠢᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠵᠢᠷᠭᠤᠭᠠᠨ ᠲᠠᠯ᠎ᠠ ᠪᠠᠷ ᠲᠦᠷᠭᠡᠨ ᠠᠬᠢᠴᠠ ᠲᠠᠢ ᠪᠣᠯᠬᠤ ᠪᠣᠯᠤᠨ᠎ᠠ᠃     ︽ᠨᠢᠭᠡ ᠭᠤᠤᠯᠳᠠᠯᠭ᠎ᠠ︾ ᠶᠢᠨ ᠬᠥᠭᠵᠢᠯᠲᠡ ᠶᠢᠨ ᠬᠠᠷᠠᠯᠲᠠ᠄ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠲᠣᠭᠤᠷᠢᠨ ᠳᠤ 50 ᠲᠦᠮᠡᠨ ᠬᠥᠮᠦᠨ ᠠᠮᠠ ᠲᠠᠢ ᠶᠡᠭᠡ ᠤᠯᠠᠭᠠᠨᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠠᠷᠠᠯᠲᠠ ᠶᠢᠨ ᠲᠣᠭᠤᠷᠢᠨ ᠳᠤ᠂ ᠤᠯᠤᠰ ᠤᠨ ︽ᠨᠢᠭᠡ ᠪᠦᠰᠡ ᠨᠢᠭᠡ ᠵᠠᠮ︾ ᠢ ᠴᠢᠩᠭ᠎ᠠ ᠠᠩᠬᠠᠷᠴᠤ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠤᠨ ᠡᠬᠡ ᠬᠠᠭᠤᠷᠠᠢ ᠶᠢᠨ ᠬᠢᠯᠢ ᠬᠢᠵᠠᠭᠠᠷ ᠣᠷᠣᠨ ᠬᠥᠭᠵᠢᠭᠡᠳᠦᠢ ᠭᠠᠵᠠᠷ ᠣᠷᠣᠨ ᠪᠠ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠠᠶᠢᠮᠠᠭ ᠬᠤᠲᠠ ᠶᠢᠨ ᠲᠠᠪᠠᠯᠳᠠᠳᠤ ᠬᠥᠭᠵᠢᠯᠲᠡ ᠶᠢ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠳᠡᠮᠵᠢᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠬᠤᠤᠰ ᠬᠦᠷᠳᠦ ᠪᠠᠷ ᠬᠥᠳᠡᠯᠭᠡᠭᠦᠷ ᠪᠣᠯᠭᠠᠬᠤ ᠶᠢ ᠴᠢᠬᠤᠯᠠᠴᠢᠯᠠᠵᠤ᠂ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠬᠦ᠂ ᠵᠠᠮ ᠬᠠᠷᠢᠯᠴᠠᠭᠠᠨ ᠤ ᠨᠡᠪᠲᠡᠷᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠨᠢᠭᠲᠠᠷᠠᠯ ᠤᠨ ᠬᠦᠴᠦᠨ ᠢ ᠪᠠᠳᠠᠷᠠᠭᠤᠯᠤᠨ᠂ ᠬᠤᠲᠠ ᠶᠢᠨ ᠡᠬᠢ ᠪᠠᠶᠠᠯᠢᠭ ᠤᠨ ᠬᠤᠷᠠᠮᠠᠯ ᠬᠦᠴᠦᠨ᠂ ᠶᠡᠷᠦᠩᠬᠡᠶᠢᠯᠡᠭᠰᠡᠨ ᠳᠠᠭᠠᠭᠠᠴᠠ ᠪᠠ ᠨᠥᠯᠥᠭᠡᠯᠡᠨ ᠳᠠᠶᠢᠴᠢᠯᠠᠬᠤ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠵᠢᠯ ᠦᠢᠯᠡᠰ ᠪᠠ ᠵᠤᠭᠠᠴᠠᠯ ᠳᠤ ᠲᠣᠬᠢᠷᠠᠮᠵᠢᠲᠠᠶ ᠣᠲᠣ ᠦᠶ᠎ᠡ ᠶᠢᠨ ᠠᠮᠢ ᠠᠬᠤᠶ ᠶᠢᠨ ᠬᠤᠲᠠ ᠶᠢ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃     — ᠠᠵᠤ ᠦᠢᠯᠡᠰ ᠤᠨ ᠠᠭᠤᠰᠤᠯᠴᠠᠯ ᠤᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠲᠦᠷᠭᠡᠨ ᠠᠬᠢᠴᠠ ᠲᠠᠢ ᠪᠣᠯᠭᠠᠨ᠎ᠠ᠃ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠬᠤᠲᠠ ᠪᠠᠶᠢᠭᠤᠯᠬᠤ ᠶᠢᠨ ᠰᠠᠭᠤᠷᠢ᠂ ᠬᠤᠲᠠ ᠶᠢ ᠮᠠᠨᠳᠤᠭᠤᠯᠬᠤ ᠶᠢᠨ ᠦᠨᠳᠦᠰᠦ ᠪᠣᠯᠭᠠᠬᠤ ᠶᠢ ᠪᠠᠷᠢᠮᠲᠠᠯᠠᠵᠤ᠂ ︽ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠤᠷᠲᠤᠳᠬᠠᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠵᠤ ᠦᠢᠯᠡᠰ ᠤᠨ ᠠᠭᠤᠰᠤᠯᠴᠠᠯ ᠢ ᠲᠦᠷᠭᠡᠳᠬᠡᠨ᠂ ᠬᠤᠲᠠ ᠶᠢᠨ ᠰᠢᠨᠡᠴᠢᠯᠡᠯᠲᠡ ᠶᠢ ᠠᠬᠢᠭᠤᠯᠵᠤ᠂ ᠦᠢᠯᠡᠴᠢᠯᠡᠭᠡᠨ ᠤ ᠲᠥᠬᠦᠷᠵᠢᠭᠦᠯᠦᠯᠲᠡ ᠶᠢ ᠲᠡᠭᠦᠯᠳᠡᠷᠵᠢᠭᠦᠯᠵᠦ᠂ ᠦᠢᠯᠡᠳᠪᠦᠷᠢᠯᠡᠯ ᠢᠶᠠᠷ ᠬᠤᠲᠠ ᠶᠢ ᠠᠬᠢᠭᠤᠯᠤᠨ᠂ ᠬᠤᠲᠠ ᠯᠤᠭ᠎ᠠ ᠬᠠᠮᠲᠤᠪᠠᠷ ᠤᠷᠤᠭᠰᠢᠯᠠᠵᠤ᠂ ᠬᠤᠲᠠ ᠶᠢᠨ ᠬᠥᠭᠵᠢᠯᠲᠡ ᠶᠢᠨ ᠰᠠᠶᠢᠨ ᠣᠷᠴᠢᠯ ᠢ ᠪᠡᠶᠡᠯᠡᠭᠦᠯᠦᠨ᠎ᠡ᠃ ᠬᠤᠳᠠ ᠶᠢᠨ ᠲᠡᠬᠦᠷᠭᠡ ᠶᠢᠨ ᠬᠡᠯᠪᠡᠷᠢ ᠶᠢᠨ ᠨᠠᠷᠢᠯᠢᠭ ᠣᠨᠣᠪᠴᠢᠲᠠᠶ᠂ ᠥᠨᠳᠥᠷ ᠪᠦᠲᠦᠮᠵᠢᠲᠡᠶ᠂ ᠤᠳᠤ ᠦᠶ᠎ᠡ ᠶᠢᠨ ᠵᠤᠭᠠᠴᠠᠯ ᠤᠨ ᠲᠠᠷᠢᠶᠠᠯᠠᠩ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠮᠢ ᠠᠬᠤᠶ ᠶᠢᠨ ᠲᠠᠷᠢᠶᠠᠯᠠᠩ᠂ ᠪᠣᠬᠢᠷᠲᠤᠯ ᠦᠭᠡᠢ ᠲᠠᠷᠢᠶᠠᠯᠠᠩ ᠪᠠ ᠤᠨᠴᠠᠯᠢᠭᠳᠤ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠦᠢᠯᠡᠳᠪᠦᠷᠢᠯᠡᠵᠦ ᠪᠣᠯᠪᠠᠰᠤᠷᠠᠭᠤᠯᠬᠤ ᠠᠵᠤ ᠠᠬᠤᠶᠢᠯᠠᠯ ᠳᠤ ᠨᠡᠩ ᠤᠯᠠᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠬᠦᠷᠭᠡᠵᠦ᠂ ᠠᠳᠠᠯᠢ ᠪᠤᠰᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠨ᠎ᠠ᠃ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠳᠪᠦᠷᠢ ᠶᠢᠨ ᠬᠢᠩᠭᠠᠨ ᠢ ᠲᠠᠬᠢᠨ ᠪᠠᠶᠢᠭᠤᠯᠬᠤ ᠶᠢ ᠪᠡᠶᠡᠯᠡᠭᠦᠯᠬᠦ ᠳᠤᠮᠳᠠ ᠭᠤᠣᠯ ᠳᠦᠷᠢ ᠶᠢ ᠰᠠᠶᠢᠲᠤᠷ ᠲᠣᠭᠯᠠᠵᠤ᠂ ᠮᠡᠳᠡᠭᠡ ᠵᠠᠩᠭᠢᠵᠢᠯᠲᠠ ᠶᠢᠨ ᠪᠦᠳᠤᠬᠡᠨ ᠪᠠᠶᠢᠭᠤᠯᠤᠯᠲᠠ ᠶᠢ ᠲᠦᠷᠭᠡᠳᠬᠡᠵᠦ᠂ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠲᠡᠰ ᠳᠡᠪᠰᠢᠬᠦ ᠶᠢ ᠠᠬᠢᠭᠤᠯᠵᠤ᠂ ︽ᠲᠤᠰᠬᠠᠶᠢᠵᠢᠭᠰᠠᠨ᠂ ᠨᠠᠷᠢᠯᠢᠬᠵᠢᠭᠰᠠᠨ᠂ ᠣᠨᠴᠠᠯᠢᠬᠵᠢᠭᠰᠠᠨ᠂ ᠰᠢᠨ᠎ᠡ ᠰᠣᠷᠭᠤᠭᠵᠢᠭᠰᠠᠨ︾ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ᠦᠢᠯᠡᠳᠬᠦᠨ ᠤ ᠨᠡᠮᠡᠯᠲᠡ ᠦᠷᠳᠡᠭ ᠢ ᠲᠠᠰᠤᠷᠠᠯᠳᠠ ᠦᠬᠡᠢ ᠳᠡᠭᠡᠭᠰᠢᠯᠡᠭᠦᠯᠵᠦ᠂ ᠠᠵᠤ ᠦᠢᠯᠡᠰ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠳᠤᠮᠳᠠᠬᠢ ᠭᠤᠣᠯ ᠬᠦᠴᠦᠨ ᠤ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠬᠡᠷᠡᠭᠯᠡᠭᠡ ᠶᠢᠨ ᠳᠡᠰ ᠳᠡᠪᠰᠢᠬᠦ ᠬᠡᠷᠡᠭᠴᠡᠭᠡ ᠳᠤ ᠴᠢᠭᠯᠡᠨ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠰᠣᠶᠣᠯ ᠵᠤᠭᠠᠴᠠᠯ ᠡᠷᠡᠭᠦᠯ ᠬᠠᠮᠠᠭᠠᠯᠠᠯ ᠰᠤᠪᠢᠯᠠᠯᠲᠠ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠬᠥᠭᠵᠢᠭᠦᠯᠵᠦ᠂ ᠣᠷᠣᠨ ᠪᠦᠰᠡ ᠶᠢᠨ ᠴᠢᠨᠠᠷᠲᠠᠶ ᠬᠡᠷᠡᠭᠯᠡᠭᠡᠨ ᠤ ᠲᠥᠪ ᠢ ᠬᠦᠴᠦᠯᠡᠨ ᠪᠠᠶᠢᠭᠤᠯᠵᠤ᠂ ᠠᠵᠤ ᠦᠢᠯᠡᠰ ᠤᠨ ᠠᠵᠤ ᠠᠬᠤᠶ ᠶᠢ ᠬᠦᠴᠦᠷᠬᠡᠭᠵᠢᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠥᠮᠦᠵᠢᠭᠦᠯᠦᠨ᠎ᠡ᠃ 2025 ᠣᠨ ᠪᠣᠯᠬᠤ ᠳᠤ᠂ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠦᠢᠯᠡᠳᠬᠦᠨ ᠤ ᠥᠷᠲᠡᠭ ᠬᠢᠭᠡᠳ ᠲᠠᠷᠢᠶᠠᠯᠠᠩ ᠤᠨ ᠦᠢᠯᠡᠳᠬᠦᠨ ᠤ ᠶᠡᠷᠦᠩᠬᠡᠶ ᠥᠷᠲᠡᠭ ᠤᠨ ᠬᠤᠪᠢ ᠶᠢᠨ ᠵᠢᠩ ᠢ 1᠄ 1 ᠪᠣᠯᠭᠠᠨ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 300 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ ᠂ ᠦᠢᠯᠡᠴᠢᠯᠡᠭᠡᠨ ᠤ ᠦᠢᠯᠡᠰ ᠤᠨ GDP ᠳᠠᠬᠢ ᠡᠵᠡᠯᠡᠬᠦ ᠬᠠᠷᠢᠴᠠᠯ ᠢ ᠠᠯᠭᠤᠷ ᠳᠡᠭᠡᠭᠰᠢᠯᠡᠭᠦᠯᠦᠨ᠎ᠡ᠃     — ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠬᠦ ᠲᠠᠯ᠎ᠠ ᠪᠠᠷ ᠲᠦᠷᠭᠡᠨ ᠠᠬᠢᠯᠳᠠ ᠲᠠᠢ ᠪᠣᠯᠭᠠᠨ᠎ᠠ᠃ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ᠂ ᠠᠷᠠᠳ ᠤᠨ ᠠᠮᠢᠳᠤᠷᠠᠯ ᠢ ᠴᠢᠬᠤᠯᠠᠴᠢᠯᠠᠬᠤ ᠶᠢ ᠪᠠᠷᠢᠮᠲᠠᠯᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠤᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ ᠲᠥᠪ ᠬᠤᠳᠠ ᠶᠢᠨ ᠪᠠᠶᠢᠷᠢ ᠲᠣᠭᠲᠠᠭᠠᠯᠲᠠ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠯᠳᠤᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠷᠠᠳ ᠤᠯᠠᠨ ᠤ ᠴᠢᠨᠠᠷ ᠰᠠᠶᠢᠲᠠᠢ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠲᠤᠬᠠᠢ ᠬᠦᠰᠡᠯ ᠡᠷᠡᠮᠡᠯᠵᠡᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠦᠨ᠂ ᠠᠶᠢᠮᠠᠭ ᠤᠨ ᠨᠠᠮ ᠵᠠᠰᠠᠭ ᠤᠨ ᠰᠢᠨ᠎ᠡ ᠲᠣᠭᠤᠷᠢᠭ᠂ ᠬᠤᠲᠠ ᠶᠢᠨ ᠡᠮᠦᠨ᠎ᠡ ᠲᠣᠭᠤᠷᠢᠭ᠂ ᠭᠤᠤᠯ  ᠤᠨ ᠵᠡᠭᠦᠨ ᠲᠣᠭᠤᠷᠢᠭ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠴᠢᠯᠦᠭᠡᠲᠦ ᠳᠡᠯᠭᠡᠭᠦᠷ᠂ ᠴᠢᠳᠠᠮᠵᠢ ᠶᠢᠨ ᠴᠢᠨᠠᠷᠲᠠᠶ ᠲᠠᠯᠠᠪᠠᠶ ᠣᠷᠳᠣᠨ ᠤ ᠲᠡᠩᠴᠡᠭᠦᠷᠢᠲᠡᠶ ᠲᠠᠷᠬᠠᠯᠲᠠ ᠶᠢ ᠠᠬᠢᠭᠤᠯᠤᠨ᠂ ᠡᠮᠴᠢᠯᠡᠭᠡᠨ ᠤ ᠡᠬᠢ ᠪᠠᠶᠠᠯᠢᠭ ᠤᠨ ᠳᠣᠷᠣᠭᠰᠢ ᠪᠠᠭᠤᠵᠤ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ︽ ᠨᠠᠰᠤᠲᠠᠶᠢᠴᠤᠳ ᠤᠨ ᠠᠵᠤ ᠠᠬᠤᠶ︾ ᠶᠢ ᠶᠡᠬᠡᠪᠡᠷ ᠬᠥᠭᠵᠢᠭᠦᠯᠵᠦ᠂ ᠰᠣᠶᠣᠯ ᠪᠠ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠲᠥᠬᠦᠮ ᠪᠣᠯᠭᠠᠬᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠦᠬᠦ ᠲᠠᠯ᠎ᠠ ᠪᠠᠷ ᠬᠠᠮᠠᠭᠠᠯᠠᠨ᠎ᠠ᠃ 2025 ᠣᠨ ᠪᠣᠯᠬᠤ ᠳᠤ᠂ ᠨᠡᠩ ᠭᠦᠢᠴᠡᠳ ᠪᠥᠭᠡᠳ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠵᠦ᠂ ᠨᠡᠶᠢᠭᠡᠮ ᠤᠨ ᠳᠠᠭᠠᠳᠬᠠᠯ ᠤᠨ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠮᠢᠩᠭᠠᠨ ᠬᠥᠮᠦᠨ ᠪᠦᠷᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢ 40 ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃     — ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠶᠢᠨ ᠰᠠᠶᠢᠨ ᠨᠥᠬᠦᠴᠡᠯᠳᠦᠯ ᠤᠨ ᠲᠠᠯ᠎ᠠ ᠪᠠᠷ ᠲᠦᠷᠭᠡᠨ ᠠᠬᠢᠴᠠ ᠲᠠᠢ ᠪᠣᠯᠭᠠᠨ᠎ᠠ᠃ 50 ᠲᠦᠮᠡᠨ ᠬᠥᠮᠦᠨ ᠠᠮᠠ ᠲᠠᠢ ᠶᠡᠭᠡ ᠤᠯᠠᠭᠠᠨᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠤᠲᠠᠭᠤᠳᠠᠯ ᠢ ᠨᠥᠬᠦᠪᠥᠷᠢᠯᠡᠬᠦ᠂ ᠴᠢᠳᠠᠮᠵᠢ ᠶᠢ ᠲᠡᠭᠦᠯᠳᠡᠷᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠠᠮᠠ ᠶᠢᠨ ᠴᠤᠭᠯᠠᠷᠠᠯ ᠢ ᠬᠦᠴᠦ ᠪᠠᠨ ᠲᠥᠪᠯᠡᠷᠡᠭᠦᠯᠦᠨ ᠲᠦᠷᠭᠡᠳᠬᠡᠵᠦ᠂ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ ᠂ ᠥᠨᠳᠥᠷ ᠶᠠᠰᠤ ᠴᠢᠨᠠᠷ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠭᠠᠵᠠᠷ ᠢ ᠪᠣᠶ ᠪᠣᠯᠭᠠᠨ᠎ᠠ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠦᠢᠯᠡᠳᠪᠦᠷᠢᠯᠡᠯ ᠤᠨ ᠡᠯᠧᠮᠧᠨ᠋ᠲ ᠤᠨ ᠬᠤᠣᠰ ᠴᠢᠭᠯᠡᠯ ᠢᠶᠠᠷ ᠴᠢᠯᠥᠭᠡᠲᠡᠶ ᠰᠢᠯᠵᠢᠬᠦ ᠪᠠ ᠤᠯᠠᠨ ᠨᠡᠶᠢᠲᠡ ᠶᠢᠨ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠬᠤ ᠶᠢ ᠠᠬᠢᠭᠤᠯᠵᠤ᠂ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠳᠠ ᠶᠢᠨ ᠠᠷᠠᠳ ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠤᠰᠤ ᠲᠠᠲᠠᠵᠤ ᠬᠤᠳᠠ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠵᠦ᠂ ᠲᠤᠭᠤᠷ ᠤᠨ ᠭᠤᠣᠯ᠂ ᠡᠯ ᠳ᠋ᠤᠤ ᠾᠧ ᠭᠤᠣᠯ᠂ ᠠᠮᠤᠭᠤᠯᠠᠩ ᠭᠤᠣᠯ ᠵᠡᠷᠭᠡ ᠭᠤᠷᠪᠠᠨ ᠤᠰᠤᠨ ᠰᠢᠰᠲ᠋ᠧᠮ ᠢ ᠲᠣᠣᠷᠵᠢᠭᠤᠯᠤᠨ ᠨᠡᠪᠲᠡᠷᠡᠭᠦᠯᠬᠦ᠂ ᠤᠯᠠᠨ ᠰᠤᠪᠠᠭ ᠢ ᠨᠡᠪᠲᠡᠷᠡᠭᠦᠯᠬᠦ ᠶᠢ ᠪᠡᠶᠡᠯᠡᠭᠦᠯᠦᠨ᠎ᠡ᠃ ᠭᠤᠤᠯ ᠤᠨ ᠵᠡᠭᠦᠨ ᠬᠡᠰᠡᠭ ᠤᠨ ᠬᠦᠬᠡᠮᠳᠦᠭ ᠤᠰᠤ᠂ ᠬᠤᠲᠠ ᠶᠢᠨ ᠠᠷᠤ ᠲᠠᠯ᠎ᠠ ᠶᠢᠨ ᠬᠦᠭᠡ ᠠᠭᠤᠯᠠ᠂ ᠬᠤᠲᠠ ᠶᠢᠨ ᠡᠮᠦᠨ᠎ᠡ ᠲᠠᠯ᠎ᠠ ᠶᠢᠨ ᠨᠤᠭᠤ ᠭᠠᠵᠠᠷ ᠤᠨ ᠠᠮᠢ ᠠᠬᠤᠶ ᠶᠢᠨ ᠳᠠᠪᠠᠭᠤᠯᠢᠭ ᠲᠤ ᠲᠦᠰᠢᠭᠯᠡᠨ᠂ ᠨᠢᠭᠡ ᠪᠦᠯᠦᠭ ᠤᠨᠴᠠᠯᠢᠬᠳᠤ ᠵᠢᠵᠢᠭ ᠪᠠᠯᠭᠠᠰᠤ ᠪᠠ ᠳᠡᠭᠡᠳᠦ ᠲᠠᠰ ᠤᠨ ᠬᠤᠳᠠᠯᠳᠤᠭᠠᠨ ᠤ ᠣᠷᠣᠨ ᠰᠠᠭᠤᠴᠠ ᠶᠢᠨ ᠪᠦᠯᠬᠦᠮ ᠢ ᠪᠠᠶᠢᠭᠤᠯᠵᠤ᠂ ︽ᠨᠡᠭᠦᠳᠡᠯ ᠤᠨ ᠰᠢᠪᠠᠭᠤ︾ ᠶᠢᠨ ᠨᠡᠭᠦᠳᠡᠯ ᠤᠨ ᠵᠣᠷᠢᠭᠰᠠᠨ ᠭᠠᠵᠠᠷ ᠢ ᠬᠦᠴᠦᠯᠡᠨ ᠪᠥᠲᠥᠭᠡᠨ ᠪᠠᠶᠢᠭᠤᠯᠤᠨ᠎ᠠ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠠᠮᠢ ᠠᠬᠤᠶ ᠶᠢ ᠰᠡᠷᠭᠦᠭᠡᠬᠦ ᠪᠠ ᠬᠤᠳᠠ ᠶᠢ ᠰᠡᠯᠪᠢᠨ ᠵᠠᠰᠠᠬᠤ ᠶᠢ ᠶᠡᠭᠡ ᠪᠠᠷ ᠲᠦᠯᠬᠢᠨ ᠠᠬᠢᠭᠤᠯᠵᠤ᠂ ᠪᠣᠬᠢᠷᠲᠤᠯ ᠦᠭᠡᠢ ᠬᠤᠳᠠ᠂ ᠬᠥᠮᠦᠨ ᠰᠣᠶᠣᠯ ᠤᠨ ᠬᠤᠳᠠ᠂ ᠬᠠᠷᠢᠮᠠᠬᠠᠢ ᠴᠢᠨᠠᠷ ᠲᠠᠢ ᠬᠤᠳᠠ ᠶᠢ ᠲᠦᠷᠭᠡᠪᠴᠢᠯᠡᠨ ᠪᠦᠳᠦᠭᠡᠨ ᠪᠠᠶᠢᠭᠤᠯᠵᠤ᠂ ᠬᠤᠳᠠ ᠶᠢᠨ ᠴᠢᠳᠠᠪᠤᠷᠢ ᠶᠢᠨ ᠲᠡᠰ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ᠃ 2025 ᠣᠨ ᠪᠣᠯᠬᠤ ᠳᠤ ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠭ ᠢ 50 ᠲᠡᠭᠰᠢ ᠳᠥᠷᠪᠡᠯᠵᠢᠨ ᠺᠢᠯᠣᠮᠧᠲᠷ ᠪᠣᠯᠲᠠᠯ᠎ᠠ ᠥᠷᠭᠡᠳᠬᠡᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 80% ᠣᠷᠴᠢᠮ ᠳᠤ ᠬᠦᠷᠦᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠷᠠᠳ ᠢ ᠪᠠᠶᠠᠵᠢᠭᠤᠯᠬᠤ ᠭᠤᠣᠯᠯᠠᠬᠤ ᠠᠵᠤ ᠦᠢᠯᠡᠰ ᠢ ᠢᠳᠡᠪᠬᠢᠲᠡᠶ ᠪᠠᠷ ᠬᠥᠭᠵᠢᠭᠦᠯᠵᠦ ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠠᠵᠤ ᠦᠢᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠶᠢᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠨᠢ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠳᠡᠰ ᠳᠡᠪᠰᠢᠭᠦᠯᠦᠨ᠎ᠡ᠃     — ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢ ᠪᠣᠶ ᠪᠣᠯᠭᠠᠬᠤ ᠲᠠᠯ᠎ᠠ ᠪᠠᠷ ᠲᠦᠷᠭᠡᠨ ᠠᠬᠢᠯᠲᠠ ᠲᠠᠢ ᠪᠣᠯᠭᠠᠨ᠎ᠠ᠃ ᠤᠯᠤᠰ ᠤᠨ ︽ᠵᠠᠮ ᠬᠠᠷᠢᠯᠴᠠᠭᠠᠨ ᠤ ᠬᠦᠴᠦᠷᠬᠡᠭ ᠤᠯᠤᠰ︾ ᠢ ᠪᠦᠲᠦᠭᠡᠨ ᠪᠠᠶᠢᠭᠤᠯᠬᠤ ᠴᠢᠬᠤᠯᠠ ᠠᠵᠠ ᠲᠣᠬᠢᠶᠠᠯ ᠢ ᠴᠢᠩᠭ᠎ᠠ ᠠᠳᠬᠤᠵᠤ᠂ ᠡᠬᠢ ᠪᠠᠶᠠᠯᠢᠭ ᠤᠨ ᠳᠠᠪᠠᠭᠤᠯᠢᠭ᠂ ᠣᠷᠣᠨ ᠵᠠᠶ ᠶᠢᠨ ᠳᠠᠪᠠᠭᠤᠯᠢᠭ ᠪᠠ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠨ᠂ ᠵᠠᠩᠭᠢᠯᠠᠭ᠎ᠠ ᠶᠢᠨ ᠠᠵᠤ ᠠᠬᠤᠶ᠂ ᠵᠠᠮ ᠬᠠᠷᠢᠯᠴᠠᠭᠠᠨ ᠤ ᠠᠵᠤ ᠠᠬᠤᠶ᠂ ᠨᠡᠭᠦᠳᠡᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠠᠭᠤᠷᠠᠶ ᠠᠭᠠᠷ ᠬᠤᠯᠪᠣᠭᠠᠯᠠᠨ ᠬᠥᠳᠡᠯᠦᠯᠴᠡᠬᠦ᠂ ᠣᠯᠠᠨ ᠬᠡᠯᠪᠡᠷᠢ ᠪᠠᠷ ᠬᠤᠯᠪᠣᠭᠠᠯᠠᠨ ᠲᠡᠭᠡᠭᠡᠪᠦᠷᠢᠯᠡᠬᠦ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠢᠯᠲᠠᠨ᠂ ᠪᠠᠯᠠ ᠮᠥᠩᠭᠦ᠂ ᠮᠡᠳᠡᠭᠡ ᠵᠠᠩᠭᠢ᠂ ᠮᠡᠷᠭᠡᠵᠢᠯ ᠤᠨ ᠰᠠᠴᠤᠷᠠᠭᠯᠠᠯ ᠪᠠ ᠰᠢᠯᠵᠢᠯᠲᠡ ᠶᠢ ᠠᠬᠢᠭᠤᠯᠤᠨ᠂ 50 ᠲᠦᠮᠡᠨ ᠬᠥᠮᠦᠨ ᠠᠮᠠ ᠲᠠᠢ ᠶᠡᠭᠡ ᠤᠯᠠᠭᠠᠨᠬᠤᠲᠠ ᠶᠢ ᠪᠥᠲᠥᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ ᠪᠠᠲᠤᠯᠠᠭ᠎ᠠ ᠬᠠᠩᠭᠠᠨ᠎ᠠ᠃ ᠬᠤᠲᠠ ᠶᠢᠨ ᠬᠡᠪᠴᠢᠶᠡᠨ ᠤ ᠵᠠᠮ ᠤᠨ ᠲᠣᠣᠷ ᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠬᠤᠭᠤᠷᠣᠨᠳᠣᠬᠢ ᠵᠠᠮ ᠬᠠᠷᠢᠯᠴᠠᠭ᠎ᠠ ᠶᠢ ᠲᠦᠷᠭᠡᠳᠬᠡᠵᠦ᠂ ᠴᠢᠴᠢᠬᠠᠷ ᠤᠯᠠᠭᠠᠨᠬᠤᠲᠠ ᠲᠥᠩᠯᠢᠶᠤᠤ ᠲᠦᠷᠭᠡᠨ ᠤ ᠠᠶᠠᠨᠴᠢᠳ ᠤᠨ ᠲᠡᠮᠦᠷ ᠵᠠᠮ ᠤᠨ ᠲᠤᠰᠬᠠᠶ ᠱᠤᠭᠤᠮ᠂ ᠴᠠᠩᠴᠦ᠋ᠨ ᠪᠠᠶᠢᠴᠧᠩ ᠤᠯᠠᠭᠠᠨᠬᠤᠲᠠ ᠲᠡᠮᠦᠷ ᠵᠠᠮ ᠤᠨ ᠬᠤᠷᠳᠤᠴᠠ ᠶᠢ ᠳᠡᠭᠡᠭᠰᠢᠯᠡᠭᠦᠯᠬᠦ᠂ ᠲᠥᠩᠯᠢᠶᠤᠤ ᠤᠯᠠᠭᠠᠨᠬᠤᠲᠠ ᠷᠠᠰᠢᠶᠠᠨ ᠮᠠᠨᠵᠤᠤᠷ ᠵᠡᠭᠦᠨᠰᠢ ᠪᠠᠷᠠᠭᠤᠠᠰᠢ ᠨᠡᠪᠲᠡᠷᠡᠬᠦ ᠶᠡᠭᠡ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ᠂ G5511 ᠪᠠᠷᠠᠭᠤᠨ ᠡᠮᠦᠨᠡᠲᠦ ᠶᠢᠨ ᠬᠤᠲᠠ ᠲᠣᠭᠤᠷᠢᠭᠰᠠᠨ ᠲᠦᠷᠭᠡᠨ ᠤ ᠵᠠᠰᠠᠮᠠᠯ ᠵᠠᠮ ᠵᠡᠷᠭᠡ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ 8 ᠵᠤᠷᠪᠤᠰ ᠠᠭᠠᠷ ᠤᠨ ᠠᠶᠠᠯᠠᠯ ᠤᠨ ᠱᠤᠭᠤᠮ᠂ 10 ᠠᠭᠠᠷ ᠤᠨ ᠠᠶᠠᠯᠠᠯ ᠨᠡᠪᠲᠡᠷᠡᠬᠦ ᠬᠤᠲᠠ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠬᠥᠳᠡᠭᠡ ᠲᠣᠰᠬᠤᠨ ᠤ 413 ᠺᠢᠯᠣᠮᠧᠲᠷ ᠵᠠᠰᠠᠮᠠᠯ ᠵᠠᠮ ᠢ ᠲᠠᠰ ᠳᠡᠪᠰᠢᠭᠦᠯᠵᠦ᠂ ᠳᠣᠲᠣᠷ᠎ᠠ ᠪᠠᠨ ᠰᠠᠭᠠᠳ ᠥᠬᠡᠶ ᠨᠡᠪᠲᠡᠷᠡᠬᠦ ᠪᠠ ᠭᠠᠳᠠᠨ᠎ᠠ ᠪᠠᠨ ᠬᠤᠯᠪᠣᠭᠰᠠᠨ ᠣᠷᠣᠨ ᠪᠦᠰᠡ ᠶᠢᠨ ᠵᠠᠮ ᠬᠠᠷᠢᠯᠴᠠᠭᠠᠨ ᠤ ᠬᠦᠢᠰᠦ ᠬᠤᠲᠠ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠳᠥᠭᠦᠮ ᠳᠥᠲᠡ ᠪᠥᠭᠡᠳ ᠰᠠᠭᠠᠳ ᠥᠬᠡᠶ ᠨᠡᠪᠲᠡᠷᠡᠬᠦ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠳᠤ ᠲᠦᠰᠢᠭᠯᠡᠨ᠂ ᠣᠷᠣᠨ ᠪᠦᠰᠡ ᠶᠢᠨ ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡᠨ ᠤ ᠭᠠᠳᠠᠭᠰᠢ ᠳᠠᠮᠵᠢᠭᠤᠯᠵᠤ ᠲᠥᠪᠯᠡᠷᠡᠭᠦᠯᠦᠨ ᠲᠡᠭᠡᠭᠡᠪᠦᠷᠢᠯᠡᠬᠦ ᠪᠠ ᠬᠡᠷᠡᠭᠯᠡᠭᠡᠨ ᠤ ᠪᠠᠷᠠᠭᠠᠨ ᠤ ᠬᠦᠢᠯᠭᠡᠭᠡᠨ ᠤ ᠰᠢᠯᠵᠢᠭᠦᠯᠦᠨ ᠬᠠᠳᠠᠭᠠᠯᠠᠵᠤ ᠬᠤᠪᠢᠶᠠᠷᠢᠯᠠᠨ ᠰᠠᠯᠭᠠᠬᠤ ᠶᠢᠨ ᠲᠣᠭᠤᠷᠢᠨ ᠳᠤ᠂ ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠲᠦᠷᠭᠡᠨ ᠬᠦᠷᠭᠡᠬᠦ᠂ ᠡᠯᠧᠺᠲᠷᠣᠨ ᠬᠤᠳᠠᠯᠳᠤᠭ᠎ᠠ᠂ ᠬᠥᠯᠳᠡᠭᠦᠦ ᠬᠡᠯᠬᠢᠶ᠎ᠡ᠂ ᠠᠷᠠᠯᠵᠢᠶ᠎ᠠ᠂ ᠠᠭᠠᠷ ᠤᠨ ᠠᠶᠠᠯᠠᠯ ᠵᠡᠷᠭᠡ ᠣᠯᠠᠨ ᠡᠰᠢᠲᠦ ᠪᠠᠷᠠᠭᠠᠨ ᠤ ᠭᠦᠢᠯᠭᠡᠭᠡᠨ ᠤ ᠬᠡᠯᠪᠡᠷᠢ ᠶᠢ ᠶᠡᠬᠡᠪᠡᠷ ᠬᠥᠭᠵᠢᠭᠦᠯᠵᠦ᠂ ᠪᠠᠷᠠᠭᠠᠨ ᠤ ᠭᠦᠢᠯᠭᠡᠭᠡᠨ ᠤ ᠲᠣᠭᠤᠷᠢᠭ ᠢ ᠲᠠᠰ ᠳᠡᠪᠰᠢᠭᠦᠯᠬᠦ ᠶᠢ ᠲᠦᠷᠭᠡᠳᠬᠡᠨ᠂ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠡᠭᠦᠨ ᠬᠤᠶᠢᠲᠤ ᠣᠷᠣᠨ ᠤ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ ᠴᠢᠬᠤᠯᠠ ᠰᠠᠭᠤᠷᠢᠨ ᠭᠠᠵᠠᠷ ᠢ ᠪᠠᠶᠢᠭᠤᠯᠤᠨ᠎ᠠ᠃     — ᠰᠢᠵᠢᠷ ᠠᠯᠳᠠᠨ ᠵᠤᠭᠠᠴᠠᠯ ᠤᠨ ᠵᠠᠮ ᠱᠤᠭᠤᠮ ᠳᠤ ᠠᠭᠤᠰᠤᠯᠴᠠᠬᠤ ᠲᠠᠯ᠎ᠠ ᠪᠠᠷ ᠲᠦᠷᠭᠡᠨ ᠠᠬᠢᠴᠠ ᠲᠠᠢ ᠪᠣᠯᠭᠠᠨ᠎ᠠ᠃ ᠵᠤᠭᠠᠴᠠᠯ ᠤᠨ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠥᠮᠦᠰ ᠤᠨ ᠬᠦᠷᠢᠶᠡᠯᠡᠯ ᠢ ᠲᠥᠪᠯᠡᠷᠡᠭᠦᠯᠬᠦ᠂ ᠬᠤᠳᠠᠯᠳᠤᠭᠠᠨ ᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢᠨ ᠴᠢᠬᠤᠯᠠ ᠠᠷᠭ᠎ᠠ ᠵᠠᠮ ᠪᠣᠯᠭᠠᠬᠤ ᠶᠢ ᠪᠠᠷᠢᠮᠲᠠᠯᠠᠵᠤ᠂ ︽ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾ ᠤᠨ ᠰᠢᠵᠢᠷ ᠠᠯᠲᠠᠨ ᠵᠤᠭᠠᠴᠠᠯ ᠤᠨ ᠵᠠᠮ ᠱᠤᠭᠤᠮ ᠢᠶᠠᠷ ᠭᠤᠤᠯᠯᠠᠭᠤᠯᠤᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠠᠵᠢᠯ ᠣᠯᠭᠤᠬᠤ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠵᠤᠭᠠᠴᠠᠯ ᠤᠨ ᠦᠢᠯᠡᠴᠢᠯᠡᠭᠡ᠂ ᠤᠨᠴᠠᠯᠢᠭᠳᠤ ᠦᠢᠯᠡᠳᠪᠦᠷᠢᠯᠡᠯ ᠪᠣᠷᠣᠯᠠᠭᠤᠯᠭ᠎ᠠ᠂ ᠢᠳᠡᠭᠡᠨ ᠤᠮᠳᠠᠭᠠᠨ ᠭᠥᠯᠢᠶᠡᠨ ᠠᠪᠬᠤ ᠵᠤᠴᠢᠯᠠᠬᠤ ᠶᠢ ᠨᠢᠭᠡ ᠴᠣᠠᠠᠴᠠᠵᠢᠭᠤᠯᠥᠠᠠᠰᠠᠨ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠠᠵᠤ ᠠᠬᠤᠶ ᠶᠢᠨ ᠪᠦᠰᠡ ᠶᠢ ᠴᠢᠷᠮᠠᠶᠢᠨ ᠪᠣᠶ ᠪᠣᠯᠭᠠᠨ᠎ᠠ᠃ ︽ᠠᠮᠢ ᠠᠬᠤᠶ ᠶᠢᠨ ᠵᠤᠭᠠᠴᠠᠯ᠂ ᠬᠤᠪᠢᠰᠬᠠᠯ ᠤᠨ ᠵᠤᠭᠠᠴᠠᠯ᠂ ᠪᠡᠶ᠎ᠡ ᠰᠤᠪᠢᠯᠠᠯᠲᠠ ᠶᠢᠨ ᠵᠤᠭᠠᠴᠠᠯ᠂ ᠰᠣᠨᠢᠷᠬᠠᠯ ᠤᠨ ᠵᠤᠭᠠᠴᠠᠯ ᠂ ᠬᠥᠳᠡᠭᠡ ᠲᠣᠰᠬᠤᠨ ᠤ ᠵᠤᠭᠠᠴᠠᠯ︾ ᠭᠡᠬᠦ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠬᠤᠪᠢᠰᠬᠠᠯ ᠤᠨ ᠰᠣᠶᠣᠯ᠂ ᠪᠣᠬᠢᠷᠲᠤᠯ ᠥᠬᠡᠶ ᠠᠮᠢ ᠠᠬᠤᠶ᠂ ᠲᠡᠤᠬᠡ ᠠᠷᠠᠳ ᠤᠨ ᠵᠠᠩ ᠦᠢᠯᠡ ᠵᠡᠷᠭᠡ ᠳᠠᠪᠠᠭᠤᠯᠢᠭ ᠡᠬᠢ ᠪᠠᠶᠠᠯᠢᠭ ᠢ ᠭᠦᠢᠴᠡᠳ ᠠᠭᠤᠳᠠᠯᠵᠤ᠂ ᠨᠢᠭᠡ ᠪᠦᠯᠦᠭ ᠣᠨᠴᠠᠯᠢᠭ ᠢᠶᠠᠷ ᠢᠯᠡ ᠲᠣᠳᠣ᠂ ᠢᠵᠢ ᠪᠦᠷᠢᠳᠦᠭᠦᠯᠦᠨ ᠲᠡᠭᠦᠯᠳᠡᠷᠵᠢᠭᠦᠯᠦᠭᠰᠡᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠵᠤ᠂ ᠨᠢᠭᠡ ᠪᠦᠯᠦᠭ ︽ᠴᠡᠭ ᠳᠡᠭᠡᠷ᠎ᠡ ᠥᠩᠭᠡ ᠦᠵᠡᠮᠵᠢ ᠲᠠᠢ᠂ ᠱᠤᠭᠤᠮ ᠳᠡᠭᠡᠷ᠎ᠡ ᠥᠩᠭᠡ ᠦᠵᠡᠮᠵᠢ ᠲᠠᠢ︾ ᠰᠣᠳᠣᠨ ᠵᠤᠭᠠᠴᠠᠯ ᠤᠨ ᠵᠠᠮ ᠱᠤᠭᠤᠮ ᠢ ᠵᠢᠷᠤᠭᠯᠠᠨ ᠲᠥᠯᠥᠪᠯᠡᠵᠦ᠂ ᠣᠨᠴᠠᠯᠢᠭ ᠢᠶᠠᠷ ᠢᠯᠡ ᠲᠣᠳᠣ᠂ ᠭᠤᠤᠯ ᠰᠡᠳᠦᠪ ᠢᠶᠠᠷ ᠲᠣᠪᠤᠶᠢᠮ᠎ᠠ᠂ ᠠᠯᠳᠠᠷᠰᠢᠯ ᠢᠶᠠᠷ ᠥᠨᠳᠥᠷ ᠵᠤᠭᠠᠴᠠᠯ ᠤᠨ ᠵᠣᠷᠢᠭᠰᠠᠨ ᠭᠠᠵᠠᠷ ᠢ ᠪᠣᠶ ᠪᠣᠯᠭᠠᠨ᠎ᠠ᠃ ᠵᠤᠭᠠᠴᠠᠯ ᠤᠨ ᠥᠯᠢᠭᠡᠷ ᠢ ᠦᠨᠡᠨ ᠰᠡᠳᠬᠢᠯ ᠠᠴᠠ ᠪᠠᠨ ᠶᠠᠷᠢᠵᠤ᠂ ᠴᠢᠩᠭᠢᠰ ᠬᠠᠭᠠᠨ ᠤ ᠳᠠᠭᠠᠳᠬᠠᠯ᠂ ᠬᠥᠳᠡᠭᠡ ᠲᠣᠰᠬᠤᠨ ᠤ ᠰᠣᠶᠣᠯ ᠤᠨ ᠵᠤᠭᠠᠴᠠᠯ᠂ ᠡᠪᠦᠯ ᠤᠨ ᠵᠢᠭᠤᠯᠴᠢᠯᠠᠯ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠣᠷᠣᠨ ᠨᠤᠲᠤᠭ ᠤᠨ ᠣᠨᠴᠠᠯᠢᠭ ᠪᠠ ᠵᠠᠬ᠎ᠠ ᠳᠡᠯᠭᠡᠭᠦᠷ ᠤᠨ ᠤᠷᠢᠶᠠᠯᠠᠬᠤ ᠬᠦᠴᠦᠨ ᠪᠥᠬᠦᠶ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠭᠠᠳᠠᠭᠠᠳᠤ ᠳᠤ ᠬᠠᠨᠳᠤᠭᠤᠯᠤᠭᠰᠠᠨ ᠲᠠᠲᠠᠬᠤ ᠬᠦᠴᠦᠨ ᠢ ᠶᠡᠬᠡᠪᠡᠷ ᠳᠡᠭᠡᠭᠰᠢᠯᠡᠭᠦᠯᠦᠨ᠎ᠡ ᠃ 2025 ᠣᠨ ᠪᠣᠯᠬᠤ ᠳᠤ᠂ ᠵᠢᠯ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ 700 ᠲᠦᠮᠡᠨ ᠬᠥᠮᠦᠨ ᠤᠳᠠᠭ᠎ᠠ ᠠᠴᠠ ᠳᠠᠪᠠᠭᠤᠯᠵᠤ᠂ ᠵᠤᠭᠠᠴᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 60 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃     — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠨᠡᠭᠡᠭᠡᠯᠳᠡ ᠶᠢ ᠥᠷᠭᠡᠳᠬᠡᠬᠦ ᠲᠠᠯ᠎ᠠ ᠪᠠᠷ ᠶᠡᠬᠡᠬᠡᠨ ᠠᠬᠢᠯᠳᠠ ᠲᠠᠢ ᠪᠣᠯᠭᠠᠨ᠎ᠠ᠃ ᠥᠭᠡᠷᠡᠴᠢᠯᠡᠯᠲᠡ ᠪᠠᠷ ᠴᠢᠳᠠᠪᠤᠷᠢ ᠪᠠᠨ ᠪᠣᠯᠪᠠᠰᠤᠷᠠᠭᠤᠯᠵᠤ᠂ ᠨᠡᠬᠡᠬᠡᠯᠳᠡ ᠬᠢᠵᠦ ᠭᠠᠳᠠᠭᠠᠳᠤ ᠶᠢᠨ ᠬᠦᠴᠦᠨ ᠢ ᠨᠢᠭᠲᠠᠷᠠᠭᠤᠯᠬᠤ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠭᠤᠮᠢ ᠬᠢᠵᠠᠭᠠᠷᠯᠠᠯ ᠢ ᠲᠠᠶᠢᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠡᠬᠢ ᠪᠠᠶᠠᠯᠢᠭ ᠤᠨ ᠡᠯᠧᠮᠧᠨ᠋ᠲ ᠢ ᠲᠥᠪᠯᠡᠷᠡᠭᠦᠯᠵᠦ᠂ ᠪᠡᠯᠡ ᠣᠷᠣᠭᠤᠯᠤᠯᠲᠠ ᠶᠢᠨ ᠥᠷᠭᠡᠵᠢᠯ ᠢ ᠲᠦᠷᠭᠡᠳᠬᠡᠵᠦ᠂ ᠬᠤᠳᠠ ᠶᠢᠨ ᠬᠥᠭᠵᠢᠯᠲᠡ ᠶᠢᠨ ᠪᠣᠳᠠᠲᠤ ᠬᠦᠴᠦᠨ ᠢ ᠳᠡᠭᠡᠭᠰᠢᠯᠡᠭᠦᠯᠬᠦ᠂ ᠬᠤᠳᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠲᠠᠯ᠎ᠠ ᠪᠠᠷ ᠨᠢᠭᠡᠨ ᠰᠢᠨ᠎ᠡ ᠵᠠᠮ ᠢ ᠨᠡᠭᠡᠭᠡᠬᠦ ᠪᠠᠷ ᠴᠢᠷᠮᠠᠶᠢᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠭᠡᠬᠦ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠬᠡᠷᠡᠭᠴᠡᠭᠡᠨ ᠤ ᠲᠠᠯ᠎ᠠ ᠶᠢᠨ ᠬᠠᠮᠢᠶᠠᠷᠤᠯᠲᠠ ᠶᠢ ᠴᠢᠬᠤᠯᠠᠴᠢᠯᠠᠵᠤ᠂ ᠡᠪᠡᠷᠰᠢᠶᠡᠯ ᠢ ᠣᠨᠢᠯᠠᠬᠤ᠂ ᠲᠦᠭᠵᠢᠷᠡᠯ ᠢ ᠨᠡᠪᠲᠡᠷᠡᠭᠦᠯᠬᠦ᠂ ᠪᠠᠯᠠᠢ ᠴᠡᠭ ᠢ ᠠᠷᠢᠯᠭᠠᠬᠤ ᠳᠤᠮᠳᠠ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠰᠢᠭ ᠣᠯᠵᠠᠪᠤᠷᠢ ᠶᠢ ᠪᠠᠳᠠᠷᠠᠭᠤᠯᠵᠤ᠂ ᠬᠤᠳᠠᠯᠳᠤᠭ᠎ᠠ ᠡᠷᠬᠢᠯᠡᠬᠦ ︽ᠵᠥᠭᠡᠯᠡᠨ ᠣᠷᠴᠢᠨ ᠨᠥᠭᠦᠴᠡᠯ︾ ᠢ ᠰᠢᠯᠢᠳᠡᠭᠵᠢᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ︽ᠬᠠᠲᠠᠭᠤ ᠪᠣᠳᠠᠲᠤ ᠬᠦᠴᠦᠨ︾ ᠢ ᠳᠡᠭᠡᠭᠰᠢᠯᠡᠭᠦᠯᠦᠨ᠎ᠡ᠃ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ᠂ ᠵᠠᠬ᠎ᠠ ᠳᠡᠯᠭᠡᠭᠦᠷ ᠤᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠪᠡᠯᠡ ᠣᠷᠣᠭᠤᠯᠤᠯᠲᠠ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠪᠡᠯᠡ ᠣᠷᠣᠭᠤᠯᠤᠯᠲᠠ ᠶᠢᠨ ᠪᠦᠳᠤᠮᠵᠢᠳᠤ ᠴᠢᠨᠠᠷ ᠪᠠ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠪᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠳᠤ ᠢᠳᠡᠪᠬᠢᠲᠡᠶ ᠣᠷᠣᠯᠴᠠᠨ᠂ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢᠶᠠᠷ ᠬᠤᠳᠠᠯᠳᠤᠭᠠᠴᠢᠨ ᠤᠷᠢᠬᠤ ᠶᠢ ᠰᠦᠪᠡᠭᠴᠢᠯᠡᠨ ᠠᠬᠢᠭᠤᠯᠵᠤ᠂ ᠠᠵᠤ ᠦᠢᠯᠡᠰ ᠤᠨ ᠰᠢᠯᠵᠢᠯᠲᠡ ᠶᠢ ᠨᠠᠩ ᠶᠡᠭᠡ ᠬᠡᠪᠴᠢᠶ᠎ᠡ ᠲᠠᠢ᠂ ᠨᠠᠩ ᠴᠢᠨᠠᠷ ᠰᠠᠶᠢᠲᠠᠶ ᠪᠠᠷ ᠵᠠᠯᠭᠠᠨ ᠠᠪᠴᠤ᠂ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡᠲᠦ ᠬᠥᠭᠵᠢᠯᠲᠡ ᠶᠢ ᠠᠬᠢᠭᠤᠯᠤᠨ᠎ᠠ᠃ 2025 ᠣᠨ ᠪᠣᠯᠬᠤ ᠳᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 10 ᠠᠴᠠ ᠳᠡᠭᠡᠭᠰᠢ ᠪᠣᠯᠲᠠᠯ᠎ᠠ ᠨᠡᠮᠡᠭᠳᠡᠭᠦᠯᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠡᠯᠡ ᠮᠥᠩᠭᠦ ᠶᠢ ᠨᠡᠶᠢᠳᠡ 150 ᠳ᠋ᠦᠩᠰᠢᠭᠤᠷ ᠲᠥᠭᠦᠷᠢᠭ ᠢ ᠳᠠᠪᠠᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 30% ᠪᠠᠷ ᠨᠡᠮᠡᠭᠳᠡᠭᠦᠯᠦᠨ᠎ᠡ᠃     ᠲᠥᠯᠥᠭᠡᠯᠡᠭᠴᠢᠳ ᠡ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠃ ᠰᠢᠨ᠎ᠡ ᠡᠬᠢᠯᠡᠯᠲᠡ ᠳᠤ ᠰᠢᠨ᠎ᠡ ᠳᠦᠷᠰᠦ ᠪᠠᠶᠢᠳᠠᠯ ᠲᠠᠢ ᠪᠠᠶᠢᠬᠤ ᠬᠡᠷᠡᠭᠲᠡᠢ᠂ ᠰᠢᠨ᠎ᠡ ᠡᠬᠢᠯᠡᠯᠲᠡ ᠳᠤ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠬᠡᠷᠡᠭᠲᠡᠢ᠂ ᠪᠢᠳᠡ ᠡᠷᠬᠡᠪᠰᠢ ︽ᠡᠬᠢᠯᠡᠯᠲᠡ ᠪᠣᠯ ᠰᠢᠢᠳᠪᠦᠷᠢᠲᠦ ᠪᠠᠶᠢᠯᠳᠤᠭᠠᠨ ᠮᠥᠨ᠂ ᠡᠬᠢᠯᠡᠯᠲᠡ ᠪᠣᠯ ᠰᠢᠪᠲᠤᠯᠤᠯᠲᠠ ᠮᠥᠨ︾ ᠭᠡᠬᠦ ᠲᠡᠮᠡᠴᠡᠯ ᠤᠨ ᠵᠣᠷᠢᠭ ᠢ ᠡᠪᠦᠷᠯᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ᠂ ᠪᠦᠬᠦ ᠲᠠᠯ᠎ᠠ ᠪᠠᠷ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠲᠥᠪ ᠬᠤᠷᠢᠶ᠎ᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠪᠠᠨ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠤᠯᠠᠭᠠᠨᠬᠤᠲᠠ ᠶᠢᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃     ᠡᠨᠡ ᠵᠢᠯ ᠤᠨ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6.5% ᠠᠴᠠ ᠳᠡᠭᠡᠭᠰᠢ ᠨᠡᠮᠡᠭᠳᠡᠭᠦᠯᠦᠨ᠎ᠡ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3% ᠣᠷᠴᠢᠮ ᠬᠢᠵᠠᠭᠠᠷᠯᠠᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 2.75% ᠪᠠᠷ ᠪᠠᠭᠤᠷᠠᠭᠤᠯᠵᠤ᠂ ᠭᠤᠣᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃     ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ ᠪᠢᠳᠡ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃     ᠨᠢᠭᠡ᠂ ᠡᠷᠡᠰ ᠭᠤᠶᠢᠪᠢᠰᠢ ᠦᠭᠡᠢ ᠪᠠᠷ ᠨᠡᠮᠡᠭᠳᠡᠯ ᠢ ᠲᠣᠭᠲᠠᠪᠤᠷᠢᠵᠢᠭᠤᠯᠵᠤ᠂ ᠪᠦᠲᠦᠴᠡ ᠶᠢ ᠲᠣᠬᠢᠷᠠᠭᠤᠯᠵᠤ᠂ ᠬᠥᠭᠵᠢᠯᠲᠡ ᠶᠢ ᠲᠦᠷᠭᠡᠳᠬᠡᠬᠦ ᠰᠢᠨ᠎ᠡ ᠬᠥᠳᠡᠯᠭᠡᠭᠴᠢ ᠡᠨᠧᠷᠭᠢ ᠶᠢ ᠴᠢᠷᠮᠠᠶᠢᠨ ᠪᠤᠶᠢᠵᠢᠭᠤᠯᠤᠨ᠎ᠠ     ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤᠳᠬᠠᠵᠤ᠂ ᠲᠦᠷᠦᠯ ᠵᠦᠢᠯ ᠠᠴᠠ ᠬᠥᠳᠡᠯᠭᠡᠬᠦ ᠬᠦᠴᠦᠨ ᠣᠯᠵᠤ᠂ ᠠᠮᠢ ᠠᠬᠤᠢ ᠠᠴᠠ ᠴᠡᠪᠡᠷ ᠠᠰᠢᠭ ᠣᠯᠵᠤ᠂ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠮᠵᠢᠯᠲᠠ ᠶᠢ ᠤᠯᠵᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠲᠠᠰᠤᠷᠠᠯᠲᠠ ᠦᠭᠡᠢ ᠠᠬᠢᠭᠤᠯᠤᠨ᠎ᠠ᠃     ᠬᠦᠴᠦ ᠪᠠᠨ ᠬᠠᠮᠲᠤᠳᠬᠠᠨ ᠴᠢᠬᠤᠯᠠ ᠶᠡᠭᠡ ᠲᠥᠷᠥᠯ ᠵᠦᠢᠯ ᠢ ᠰᠢᠪᠲᠤᠯᠬᠤ ᠬᠡᠷᠡᠭᠲᠡᠢ᠃ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠰᠠᠭᠤᠷᠢ ᠲᠦᠬᠦᠭᠡᠷᠦᠮᠵᠢ ᠶᠢᠨ ᠲᠠᠰ ᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ᠂ ᠨᠥᠭᠡᠴᠡ ᠬᠠᠷᠢᠮᠠᠬᠠᠢ ᠴᠢᠨᠠᠷ ᠲᠠᠢ ᠬᠤᠲᠠ ᠶᠢᠨ ᠥᠭᠡᠷᠡᠴᠢᠯᠡᠯᠲᠡ᠂ ᠪᠥᠬᠦ ᠠᠷᠠᠳ ᠤᠨ ᠬᠥᠳᠡᠯᠭᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠳᠠᠪᠠᠭᠤᠯᠢᠭ ᠢᠶᠠᠨ ᠪᠠᠳᠠᠷᠠᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ᠂ ᠠᠯᠤᠰ ᠬᠡᠲᠦ ᠳᠤ ᠠᠰᠢᠭᠲᠠᠶ ᠴᠢᠬᠤᠯᠠ ᠶᠡᠭᠡ ᠲᠥᠷᠥᠯ ᠵᠦᠢᠯ ᠢ ᠰᠦᠪᠡᠭᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠥᠭᠡᠴᠡᠯᠡᠬᠦ ᠲᠥᠷᠥᠯ ᠵᠦᠢᠯ ᠤᠨ ᠬᠡᠪᠴᠢᠶ᠎ᠡ ᠶᠢᠨ ᠬᠥᠳᠡᠯᠦᠩᠭᠦᠶ ᠪᠠᠶᠢᠳᠠᠯ ᠢ 500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠡᠮᠦᠨᠡᠬᠢ ᠬᠤᠭᠤᠴᠠᠭᠠᠨ ᠤ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠰᠣᠶᠣᠯ ᠵᠤᠭᠠᠴᠠᠯ ᠤᠨ ᠵᠢᠵᠢᠭ ᠪᠠᠯᠭᠠᠰᠤ᠂ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠵᠡᠷᠭᠡ ᠴᠢᠬᠤᠯᠠ ᠶᠡᠭᠡ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠳᠡᠭᠡᠳᠦ ᠱᠠᠲᠤᠨ ᠠᠴᠠ 20 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠮᠥᠩᠭᠦ ᠣᠯᠵᠤ᠂ ᠵᠢᠯ ᠤᠨ ᠳᠣᠲᠣᠷ᠎ᠠ 34 ᠠᠴᠠ ᠳᠡᠭᠡᠭᠰᠢ ᠴᠢᠬᠤᠯᠠ ᠶᠡᠭᠡ ᠲᠥᠷᠥᠯ ᠵᠦᠢᠯ ᠢ ᠡᠬᠢᠯᠡᠭᠦᠯᠦᠨ ᠠᠵᠢᠯ ᠢᠶᠠᠨ ᠰᠡᠷᠭᠦᠭᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ᠂ ᠪᠠᠷᠢᠯᠭ᠎ᠠ ᠳᠠᠭᠤᠰᠴᠤ ᠦᠢᠯᠡᠳᠪᠦᠷᠢᠯᠡᠯ ᠳᠤ ᠬᠦᠷᠦᠭᠰᠡᠨ ᠨᠣᠷᠮ᠎ᠠ ᠶᠢ ᠢᠮᠠᠭᠲᠠ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠶᠠᠪᠤᠬᠤ ᠶᠢ ᠦᠨᠡᠨ ᠬᠦ ᠪᠠᠲᠤᠯᠠᠨ᠎ᠠ᠃ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭᠠᠴᠢᠨ ᠤᠷᠢᠬᠤ ᠭᠤᠤᠯ ᠬᠦᠴᠦᠨ ᠤ ᠦᠢᠯᠡᠳᠦᠯ ᠢ ᠳᠣᠪᠤᠶᠢᠯᠭᠠᠵᠤ᠂ ᠭᠤᠤᠯᠳᠠᠯᠭ᠎ᠠ ᠲᠠᠢ ᠠᠵᠤ ᠦᠢᠯᠡᠰ ᠪᠠ ᠬᠤᠯᠪᠣᠭᠳᠠᠬᠤ ᠲᠥᠷᠥᠯ ᠵᠦᠢᠯ ᠳᠤ ᠴᠢᠭᠯᠡᠭᠦᠯᠦᠨ᠂ ︽ᠭᠤᠷᠪᠠᠨᠲᠠ ᠤᠷᠢᠵᠤ ᠭᠤᠷᠪᠠᠨᠲᠠ ᠬᠠᠷᠢᠭᠤᠯᠬᠤ︾ ᠪᠥᠬᠦ ᠠᠵᠢᠯᠲᠠᠨ ᠤ ᠬᠤᠳᠠᠯᠳᠤᠭᠠᠴᠢᠨ ᠤᠷᠢᠬᠤ ᠶᠢ ᠥᠷᠭᠡᠨ ᠢᠶᠠᠷ ᠥᠷᠨᠢᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠲᠠᠯᠪᠢᠵᠤ ᠡᠨᠧᠷᠭᠢ ᠬᠠᠳᠠᠭᠠᠯᠠᠨ᠎ᠠ᠃     ᠠᠮᠢ ᠠᠬᠤᠶ ᠶᠢᠨ ᠣᠷᠴᠢᠨ ᠨᠥᠬᠦᠴᠡᠯ ᠢ ᠬᠦᠴᠦ ᠪᠠᠨ ᠲᠥᠪᠯᠡᠷᠡᠭᠦᠯᠦᠨ ᠬᠠᠮᠠᠭᠠᠯᠠᠨ᠎ᠠ᠃ ︽ᠬᠤᠶᠠᠷ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠬᠤ ᠪᠠᠷ ᠶᠡᠷᠦᠩᠬᠡᠶᠢᠯᠡᠨ ᠵᠠᠬᠢᠷᠤᠭᠤᠯᠵᠤ᠂ ᠣᠶ ᠰᠢᠭᠤᠶ ᠨᠣᠲᠤᠭ ᠪᠡᠯᠴᠢᠭᠡᠷ ᠤᠨ ᠣᠷᠳᠣ ᠬᠤᠭᠤᠴᠠᠭᠠᠨ ᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ 2.4 ᠲᠦᠮᠡᠨ ᠮᠥ ᠮᠣᠳᠣ ᠳᠠᠷᠢᠵᠤ ᠣᠶᠢᠵᠢᠭᠤᠯᠬᠤ ᠶᠢ ᠪᠡᠶᠡᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠢ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ︽ᠭᠤᠷᠪᠠᠨ ᠤᠯᠠᠭᠠᠨ ᠱᠤᠭᠤᠮ︾ ᠢ ᠴᠢᠩᠭ᠎ᠠ ᠰᠠᠬᠢᠵᠤ᠂ ᠤᠰᠤᠨ ᠤ ᠠᠮᠢ ᠠᠬᠤᠢ ᠶᠢᠨ ᠪᠣᠯᠪᠠᠰᠤᠨ ᠤ ᠰᠠᠭᠤᠷᠢ ᠦᠩᠭᠡ ᠶᠢ ᠨᠡᠩ ᠭᠡᠷᠡᠯ ᠭᠢᠯᠪᠠᠭ᠎ᠠ ᠲᠠᠢ ᠪᠣᠯᠭᠠᠨ᠎ᠠ᠃ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠳᠣᠪᠤᠶᠢᠯᠭᠠᠵᠤ᠂ ᠪᠣᠬᠢᠷᠲᠤᠯ ᠶᠡᠬᠡᠲᠡᠶ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠳᠤᠷ᠎ᠠ ᠪᠠᠷ ᠢᠶᠠᠨ ᠪᠠᠶᠢᠬᠤ ᠶᠢ ᠠᠷᠢᠯᠭᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠭᠠᠵᠠᠷ ᠢ ᠡᠬᠢ ᠡᠭᠦᠰᠦᠯ ᠠᠴᠠ ᠨᠢ ᠡᠷᠢᠵᠦ ᠬᠠᠮᠢᠶᠠᠷᠤᠨ ᠡᠵᠡᠮᠳᠡᠨ᠎ᠡ᠃ ᠬᠥᠳᠡᠭᠡ ᠲᠣᠰᠬᠤᠨ ᠤ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯ ᠢ ᠵᠢᠷᠤᠮᠵᠢᠭᠤᠯᠵᠤ᠂ ᠬᠦᠬᠡ ᠣᠭᠲᠠᠷᠭᠤᠶ ᠶᠢ ᠮᠥᠩᠬᠡ ᠪᠠᠶᠢᠯᠭᠠᠵᠤ᠂ ᠴᠡᠩᠬᠡᠷ ᠤᠰᠤ ᠶᠢ ᠮᠥᠩᠬᠡ ᠲᠤᠩᠭᠠᠯᠠᠭ᠂ ᠴᠡᠪᠡᠷ ᠬᠥᠷᠥᠰᠥ ᠶᠢ ᠮᠥᠩᠬᠡ ᠥᠩ ᠰᠢᠮᠡᠯᠢᠭ ᠪᠠᠶᠢᠯᠭᠠᠨ᠎ᠠ᠃     ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ ᠳᠤ ᠬᠦᠴᠦᠨ ᠢᠶᠠᠨ ᠲᠥᠪᠯᠡᠷᠡᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠨ ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠶᠢ ᠴᠢᠷᠮᠠᠶᠢᠨ ᠲᠡᠮᠡᠴᠡᠨ ᠣᠯᠵᠤ᠂ ᠰᠢᠨ᠎ᠡ ᠪᠠᠷ ᠨᠡᠮᠡᠭᠳᠡᠭᠰᠡᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠢ ᠠᠯᠢ ᠴᠢᠳᠠᠬᠤ ᠪᠠᠷ ᠪᠠᠭᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠢᠯ ᠢᠶᠠᠷ ᠲᠣᠭᠤᠷᠢᠨ ᠪᠠᠶᠢᠴᠠᠭᠠᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠭᠦᠴᠡᠯ ᠢ ᠦᠨᠡᠯᠡᠵᠦ ᠬᠠᠷᠢᠭᠤ ᠲᠤᠰᠬᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ︽ᠬᠤᠳᠠᠯᠳᠤᠭ᠎ᠠ ᠡᠷᠭᠢᠯᠡᠬᠦ ᠣᠷᠴᠢᠨ  ᠨᠥᠭᠦᠴᠡᠯ ᠢ ᠰᠢᠯᠢᠳᠡᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠣᠨ︾ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠤᠰᠬᠠᠶ ᠵᠦᠢᠯ ᠢᠶᠠᠷ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠶᠡᠬᠡᠪᠡᠷ ᠳᠥᠭᠦᠮᠴᠢᠯᠡᠨ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠬᠦᠢᠴᠡᠳᠬᠡᠬᠦ︾ ᠤᠴᠢᠷ ᠶᠠᠪᠤᠳᠠᠯ ᠢ 30 ᠠᠴᠠ ᠳᠡᠭᠡᠭᠰᠢ ᠳᠤ ᠬᠦᠷᠦᠭᠦᠯᠵᠦ᠂ ᠤᠴᠢᠷ ᠶᠠᠪᠤᠳᠠᠯ ᠢ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ ᠶᠢ 94% ᠠᠴᠠ ᠳᠡᠭᠡᠭᠰᠢ ᠳᠤ ᠬᠦᠷᠲᠡᠯ᠎ᠡ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠪᠠ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠳᠠᠬᠢᠨ 30 ᠵᠢᠯ ᠤᠷᠲᠤᠳᠬᠠᠬᠤ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠨ ᠠᠬᠢᠭᠤᠯᠵᠤ᠂ ᠥᠭᠡᠷᠡᠴᠢᠯᠡᠯᠲᠡ ᠶᠢᠨ ᠠᠰᠢᠭ ᠲᠤᠰᠠ ᠶᠢ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠪᠦᠰᠡ ᠶᠢᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠤᠯᠤᠰ ᠤᠨ ᠳᠣᠲᠣᠭᠠᠳᠤ ᠶᠢᠨ ᠬᠥᠭᠵᠢᠭᠰᠡᠨ ᠣᠷᠣᠨ ᠪᠦᠰᠡ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠴᠢᠩᠭᠠᠳᠬᠠᠨ᠂ ᠳᠤᠮᠳᠠᠳᠤ ᠮᠣᠩᠭᠤᠯ ᠤᠨ ᠨᠣᠭᠤᠭᠠᠨ ᠥᠩᠭᠡ ᠶᠢᠨ ᠦᠵᠡᠰᠬᠦᠯᠡᠩ ᠤᠨ ᠴᠤᠭᠯᠠᠭᠠᠨ᠂ ᠳᠥᠷᠪᠡᠳᠦᠭᠡᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠤᠯᠤᠰ ᠤᠨ ᠬᠤᠤᠰ ᠣᠷᠴᠢᠯ ᠳᠤ ᠢᠳᠡᠪᠬᠢᠲᠡᠶ ᠠᠭᠤᠰᠤᠯᠴᠠᠨ᠎ᠠ᠃     ᠬᠤᠶᠠᠷ᠂ ᠪᠡᠯᠡ ᠣᠷᠣᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠠᠳᠬᠤᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠤᠢ ᠪᠣᠯᠭᠠᠨ᠎ᠠ     ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ ᠲᠠᠪᠤᠨ ᠵᠢᠯ ᠳᠤ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢᠨ ᠲᠣᠭᠤᠷᠢᠨ ᠳᠤ᠂ ᠲᠦᠷᠦᠯ ᠵᠦᠢᠯ ᠤᠨ ᠬᠦᠴᠦᠲᠡᠢ ᠳᠠᠶᠢᠴᠢᠯᠠᠬᠤ ᠦᠢᠯᠡᠳᠦᠯ ᠢ ᠲᠤᠪᠤᠶᠢᠯᠭᠠᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠥᠨᠳᠥᠷ ᠨᠡᠮᠡᠭᠳᠡᠯ ᠤᠨ ᠬᠤᠷᠳᠤᠴᠠ ᠶᠢ ᠦᠷᠭᠦᠯᠵᠢᠯᠡᠨ ᠪᠠᠲᠤᠯᠠᠵᠤ ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠨ᠎ᠡ᠃     ᠲᠥᠷᠥᠯ ᠵᠦᠢᠯ ᠢ ᠠᠳᠬᠤᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ᠃ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠢ 17 ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 15 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠪᠣᠶ᠃ ᠦᠷᠭᠦᠯᠵᠢᠯᠡᠨ ᠪᠠᠶᠢᠭᠤᠯᠬᠤ ᠲᠥᠷᠥᠯ  ᠵᠦᠢᠯ ᠤᠨ ᠵᠠᠩᠭᠢᠯᠠᠭ᠎ᠠ ᠶᠢᠨ ᠴᠡᠭ ᠢ ᠠᠳᠬᠤᠨ᠂ ᠠᠬᠢᠴᠠ ᠶᠢ ᠵᠠᠪᠳᠤᠵᠤ᠂ ᠲᠠᠮᠠᠬᠢᠨ ᠦᠢᠯᠡᠳᠪᠦᠷᠢ ᠶᠢᠨ ᠤᠶᠤᠨᠴᠢᠯᠠᠭᠰᠠᠨ ᠥᠭᠡᠷᠡᠴᠢᠯᠡᠯᠲᠡ᠂ ᠪᠠᠢ ᠢ ᠡᠮ ᠡᠮᠨᠡᠯᠭᠡ ᠶᠢᠨ ᠦᠢᠯᠡᠳᠪᠦᠷᠢ ᠶᠢᠨ ᠲᠠᠰᠤᠭ ᠢ ᠥᠷᠭᠡᠳᠬᠡᠨ ᠪᠠᠶᠢᠭᠤᠯᠬᠤ᠂ ᠵᠦᠸᠧ ᠯᠢ ᠳᠠᠬᠢᠯᠲᠠ ᠡᠬᠢ ᠪᠠᠶᠠᠯᠢᠭ ᠢ ᠠᠰᠢᠭᠯᠠᠬᠤ᠂ ᠬᠢᠩᠭᠠᠨ ᠠᠲᠠᠷ ᠬᠠᠭᠠᠯᠪᠤᠷᠢᠯᠠᠯᠲᠠ ᠶᠢᠨ ᠳᠡᠭᠡᠳᠦ ᠲᠠᠰ ᠤᠨ ᠭᠤᠯᠢᠷ ᠡᠳ᠋ᠰᠢᠭᠦᠯᠬᠦ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ ᠰᠢᠨ᠎ᠡ ᠪᠠᠷ ᠪᠠᠶᠢᠭᠤᠯᠬᠤ ᠲᠥᠷᠥᠯ  ᠵᠦᠢᠯ ᠢ ᠤᠷᠢᠳᠴᠢᠯᠠᠨ ᠲᠦᠯᠦᠪᠯᠡᠵᠦ᠂ ᠪᠠᠶᠢᠩᠭᠤ ᠳᠣᠭᠢᠷᠠᠭᠤᠯᠤᠨ᠂ ᠴᠧᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨᠴᠢ ᠡᠯᠧᠺᠲᠷᠣᠨ᠂ ᠮᠤ᠋ ᠮᠢᠨ 30 ᠲᠦᠮᠡᠨ ᠲᠣᠯᠣᠭᠠᠶ ᠮᠢᠬᠠᠨ ᠦᠬᠡᠷ ᠢ ᠨᠠᠷᠢᠯᠢᠭ  ᠡᠳ᠋ᠰᠢᠭᠦᠯᠬᠦ ᠂ ᠵᠥᠩ ᠴᠢ ᠲᠢᠶᠧ ᠴᠧᠩ 40 ᠲᠦᠮᠡᠨ ᠲᠣᠨ ᠲᠤᠲᠤᠷᠭ᠎ᠠ ᠡᠳ᠋ᠰᠢᠭᠦᠯᠬᠦ᠂ ᠮᠧᠩ ᠨᠢᠦ ᠦᠢᠯᠡᠳᠪᠦᠷᠢᠯᠡᠯ ᠤᠨ ᠱᠤᠭᠤᠮ ᠢ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠬᠤ ᠪᠠᠷ ᠴᠢᠷᠮᠠᠶᠢᠨ᠎ᠠ᠃ ᠨᠥᠭᠡᠴᠡᠯᠡᠬᠦ ᠵᠦᠢᠯᠡᠰ ᠲᠤ ᠠᠷᠭ᠎ᠠ ᠤᠬᠠᠭᠠᠨ ᠰᠦᠪᠡᠭᠴᠢᠯᠡᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠴᠢᠬᠤᠯᠠᠴᠢᠯᠠᠵᠤ᠂ ᠱᠧᠦ ᠨᠥᠩ ᠲᠥᠪ ᠲᠣᠭᠤᠭᠠᠨ ᠭᠡᠷ᠂ ᠤᠲᠠᠴᠢ ᠮᠣᠩᠭᠤᠯ ᠡᠮ ᠤᠨ ᠴᠢᠳᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ᠂ ᠬᠢᠩᠭᠠᠨ ᠢᠯᠴᠢ ᠴᠠᠬᠢᠯᠭᠠᠨ ᠤ 10 ᠲᠦᠮᠡᠨ ᠺᠢᠯᠣᠸᠠᠲ ᠤᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠪᠠᠲᠤᠯᠠᠭ᠎ᠠ ᠵᠡᠷᠭᠡ 16 ᠨᠥᠭᠡᠴᠡᠯᠡᠬᠦ ᠵᠦᠢᠯᠡᠰ ᠢ ᠡᠷᠲᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ᠃     ᠠᠵᠤ ᠦᠢᠯᠡᠰ ᠢ ᠰᠢᠯᠢᠳᠡᠭᠵᠢᠭᠦᠯᠵᠦ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠲᠠᠷᠢᠶᠠᠯᠠᠩ ᠤᠨ ᠪᠦᠲᠦᠬᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠠᠮᠢᠳᠤ ᠪᠣᠳᠠᠰ ᠢᠶᠠᠷ ᠡᠮ ᠦᠢᠯᠡᠳᠬᠦ ᠵᠡᠷᠭᠡ ᠠᠵᠤ ᠦᠢᠯᠡᠰ ᠤᠨ ᠲᠣᠭᠤᠷᠢᠨ ᠳᠤ᠂ ︽ᠳᠠᠪᠠᠭᠤᠯᠢᠭ ᠢᠶᠠᠨ ᠪᠠᠬᠢᠵᠢᠭᠦᠯᠵᠦ᠂ ᠳᠤᠲᠠᠭᠤᠳᠠᠯ ᠢ ᠨᠥᠬᠦᠪᠥᠷᠢᠯᠡᠬᠦ︾ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠯᠠᠨ ᠡᠰᠢᠵᠢᠭᠦᠯᠦᠨ ᠬᠥᠭᠵᠢᠭᠦᠯᠦᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠴᠢᠨᠠᠷ ᠰᠠᠶᠢᠲᠠᠶ ᠠᠵᠤ ᠦᠢᠯᠡᠰ ᠤᠨ ᠰᠢᠰᠲ᠋ᠧᠮ ᠢ ᠢᠳᠡᠪᠬᠢᠲᠡᠶ ᠪᠠᠷ ᠪᠠᠶᠢᠭᠤᠯᠤᠨ᠎ᠠ᠃ ᠰᠠᠨ ᠾᠧ ᠠᠮᠤ ᠪᠤᠳᠠᠭᠠᠨ ᠤ ᠦᠢᠯᠡᠰ᠂ ᠮᠧᠩ ᠨᠢᠦ ᠰᠦ ᠶᠢᠨ ᠦᠢᠯᠡᠰ᠂ ᠯᠢ ᠰᠢᠶᠠᠩ ᠢᠳᠡᠭᠡᠨ ᠤ ᠵᠦᠢᠯ ᠤᠨ ᠦᠢᠯᠡᠳᠪᠦᠷᠢᠯᠡᠬᠦ ᠴᠢᠳᠠᠪᠤᠷᠢ ᠶᠢ ᠥᠷᠭᠡᠳᠬᠡᠬᠦ ᠶᠢ ᠲᠦᠷᠭᠡᠳᠬᠡᠨ ᠠᠬᠢᠭᠤᠯᠵᠤ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠨᠠᠷᠢᠯᠢᠭ ᠭᠦᠨᠵᠡᠭᠡᠶ ᠡᠳ᠋ᠰᠢᠭᠦᠯᠬᠦ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠠᠮᠠᠬᠢᠨ ᠤ ᠦᠢᠯᠡᠳᠪᠦᠷᠢ᠂ ᠳ᠋ᠧ ᠶᠤᠸᠠᠨ ᠤᠮᠳᠠᠭᠠᠨ ᠤ ᠪᠦᠲᠦᠭᠡᠭᠳᠡᠬᠦᠨ ᠤ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠵᠤ᠂ ᠤᠯᠠᠭᠠᠨᠬᠤᠲᠠ ᠪᠣᠯᠣᠳ ᠲᠡᠮᠦᠷ ᠤᠨ ᠪᠦᠯᠦᠭᠯᠡᠯ᠂ ᠰᠧᠨ ᠬᠤᠶ  ᠬᠡᠪᠯᠡᠯ ᠤᠨ ᠶᠠᠪᠤᠳᠠᠯ ᠢ ᠬᠠᠪᠰᠤᠷᠤᠨ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠥᠷᠭᠡᠳᠬᠡᠵᠦ᠂ ᠺᠧ ᠴᠢᠨ ᠸᠠᠨ ᠵᠢᠶᠠ᠂ ᠰᠢᠤᠸᠠᠢ ᠬᠤᠸᠠ ᠫᠢᠸᠤ᠋ ᠶᠢᠨ ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠬᠤ ᠶᠢ ᠳᠡᠮᠵᠢᠵᠦ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠬᠥᠭᠵᠢᠯᠲᠡ ᠶᠢ ᠬᠥᠲᠥᠯᠦᠨ ᠵᠢᠯᠣᠭᠤᠳᠤᠨ᠎ᠠ᠃ ᠪᠠᠢ ᠢ ᠡᠮ ᠦᠢᠯᠡᠳᠬᠦ᠂ ᠤᠲᠠᠴᠢ ᠮᠣᠩᠭᠤᠯ ᠡᠮ ᠤᠨ ᠰᠢᠨ᠎ᠡ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠳᠡᠮᠵᠢᠵᠦ᠂ ᠱᠦᠨ ᠶᠤᠸᠠᠨ ᠲᠠᠷᠢᠶᠠᠯᠠᠩ ᠤᠨ ᠮᠠᠰᠢᠨ᠂ ᠡᠦ ᠲᠦᠸᠧ ᠺᠣᠮᠫᠠᠨᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠨᠡᠮᠡᠭᠳᠡᠭᠦᠯᠦᠨ᠂ ᠴᠤᠸᠠᠨ ᠮᠢᠩ ᠲᠣᠨᠣᠭᠯᠠᠭᠠᠰᠤ᠂ ᠢᠦᠢ ᠹᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠮᠧᠩ ᠯᠢᠶᠠᠩ ᠰᠢᠨ᠎ᠡ ᠮᠠᠲ᠋ᠧᠷᠢᠶᠠᠯ ᠤᠨ ᠲᠦᠷᠭᠡᠨ ᠬᠥᠭᠵᠢᠬᠦ ᠶᠢ ᠳᠡᠮᠵᠢᠵᠦ᠂ ᠵᠢᠩ ᠨᠧᠩ ᠰᠠᠯᠬᠢᠨ ᠬᠦᠴᠦᠨ ᠤ ᠴᠠᠬᠢᠯᠭᠠᠨ᠂  ᠵᠥᠩ ᠳ᠋ᠢᠶᠠᠨ ᠴᠠᠬᠢᠯᠭᠠᠨ ᠤ ᠲᠣᠭᠲᠠᠭᠤᠨ ᠡᠵᠡᠩᠨᠡᠯᠲᠡ ᠶᠢ ᠠᠬᠢᠭᠤᠯᠵᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠰᠢᠨ᠎ᠡ ᠨᠡᠮᠡᠭᠳᠡᠯ ᠤᠨ ᠲᠦᠢᠯ ᠢ ᠪᠣᠶ ᠪᠣᠯᠭᠠᠬᠤ ᠶᠢ ᠠᠬᠢᠭᠤᠯᠤᠨ᠎ᠠ᠃ ︽ᠬᠤᠶᠠᠷ ᠵᠦᠢᠯ ᠤᠨ ᠲᠦᠷᠢᠮ︾ ᠤᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠭᠡ ᠴᠤᠭᠯᠠᠷᠠᠯ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠡᠷᠬᠢᠯᠡᠵᠤ᠂ ᠠᠵᠤ ᠠᠬᠤᠶᠢᠯᠠᠯ ᠤᠨ ᠰᠢᠨ᠎ᠡ ᠠᠵᠠ ᠲᠣᠬᠢᠶᠠᠯ ᠢ ᠠᠮᠵᠢᠵᠤ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃     ᠬᠦᠷᠢᠶᠡᠯᠡᠩ ᠲᠣᠭᠤᠷᠢᠭ ᠤᠨ ᠲᠥᠪᠯᠡᠷᠡᠭᠰᠡᠨ ᠬᠥᠭᠵᠢᠯᠲᠡ ᠶᠢᠨ ᠳᠠᠪᠠᠭᠤᠯᠢᠭ ᠢ ᠴᠢᠩᠭᠠᠳᠬᠠᠨ᠎ᠠ᠃ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠣᠷᠣᠨ ᠵᠠᠢ ᠶᠢᠨ ᠪᠠᠶᠢᠷᠢᠰᠢᠯ ᠪᠠ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ ᠶᠢ ᠰᠢᠯᠢᠳᠡᠭᠵᠢᠭᠦᠯᠵᠦ᠂ ᠬᠦᠷᠦᠩᠭᠡ᠂ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ ᠵᠡᠷᠭᠡ ᠦᠢᠯᠡᠴᠢᠯᠡᠭᠡ ᠶᠢ ᠴᠢᠩᠭᠠᠳᠬᠠᠵᠤ᠂ ︽ᠬᠠᠲᠠᠭᠤ ᠣᠷᠴᠢᠨ ᠲᠣᠭᠤᠷᠢᠨ︾ ᠢ ᠨᠡᠩ ᠪᠣᠳᠠᠲᠠᠢ᠂ ︽ᠵᠥᠭᠡᠯᠡᠨ ᠣᠷᠴᠢᠨ ᠲᠣᠭᠤᠷᠢᠨ︾ ᠢ ᠨᠡᠩ ᠰᠢᠯᠢᠳᠡᠭᠵᠢᠭᠦᠯᠦᠨ᠎ᠡ᠃ ᠠᠵᠤ ᠦᠢᠯᠡᠳᠪᠦᠷᠢ ᠶᠢᠨ ᠶᠡᠭᠡ ᠵᠠᠮ ᠤᠨ ᠪᠦᠷᠬᠦᠭᠦᠯ ᠤᠨ ᠢᠨᠵᠧᠨᠧᠷᠢᠩ ᠢ ᠡᠬᠢᠯᠡᠭᠦᠯᠵᠦ᠂ ᠬᠤᠩ ᠶᠠᠩ ᠵᠡᠭᠡᠯᠢ ᠵᠡᠷᠭᠡ ᠲᠠᠰᠤᠷᠬᠠᠶ ᠵᠠᠮ ᠢ ᠨᠡᠪᠲᠡᠷᠡᠭᠦᠯᠵᠦ᠂ ᠢᠯᠴᠢ ᠬᠦᠴᠦᠨ ᠤ ᠬᠤᠭᠤᠯᠠᠶ ᠶᠢᠨ ᠲᠣᠣᠷ ᠢ ᠲᠡᠰ ᠳᠡᠪᠰᠢᠭᠦᠯᠦᠨ ᠥᠭᠡᠷᠡᠴᠢᠯᠡᠵᠦ᠂ ᠪᠣᠬᠢᠷ ᠤᠰᠤᠨ ᠤ ᠬᠤᠭᠤᠯᠠᠶ ᠶᠢᠨ ᠲᠣᠣᠷ ᠢ 10 ᠺᠢᠯᠣᠮᠧᠲᠷ ᠳᠡᠪᠢᠰᠴᠦ᠂ ᠨᠡᠭᠡᠭᠡᠨ ᠬᠥᠭᠵᠢᠭᠦᠯᠬᠦ ᠣᠷᠣᠨ ᠤ ᠳᠠᠭᠠᠭᠠᠴᠠ ᠶᠢ ᠦᠨᠡᠨ ᠬᠦ ᠳᠡᠭᠡᠭᠰᠢᠯᠡᠭᠦᠯᠦᠨ᠎ᠡ᠃ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠰᠤᠯᠠ ᠪᠠᠶᠢᠬᠤ ᠭᠠᠵᠠᠷ ᠰᠢᠷᠣᠶ ᠶᠢ ᠴᠢᠩᠭ᠎ᠠ ᠴᠡᠪᠡᠷᠯᠡᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠦᠷᠢᠶᠡᠯᠡᠩ ᠢ ᠠᠮᠢᠳᠤᠯᠢᠭ ᠪᠣᠯᠭᠠᠵᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠡᠭᠡᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠭᠰᠠᠨ ᠰᠠᠭᠤᠷᠢᠨ ᠭᠠᠵᠠᠷ ᠤᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠵᠦ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠶ ᠠᠭᠤᠰᠤᠯᠴᠠᠯ ᠢᠶᠠᠷ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃     ᠭᠤᠷᠪᠠ᠂ ᠡᠷᠡᠰ ᠭᠤᠶᠢᠪᠢᠰᠢ ᠥᠬᠡᠶ ᠪᠠᠷ ᠴᠢᠳᠠᠮᠵᠢ ᠪᠠᠨ ᠴᠢᠩᠭᠠᠳᠬᠠᠨ᠂ ᠶᠠᠰᠤ ᠴᠢᠨᠠᠷ ᠢᠶᠠᠨ ᠳᠡᠭᠡᠭᠰᠢᠯᠡᠭᠦᠯᠵᠦ ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ  ᠪᠣᠰᠬᠠᠬᠤ ᠳᠤ ᠲᠣᠬᠢᠷᠠᠮᠵᠢᠲᠠᠶ ᠰᠢᠨ᠎ᠡ ᠳᠦᠷᠢ ᠲᠥᠷᠬᠦ ᠶᠢ ᠪᠣᠶ ᠪᠣᠯᠭᠠᠬᠤ ᠪᠠᠷ ᠬᠦᠴᠦᠯᠡᠨ ᠴᠢᠷᠮᠠᠶᠢᠨ᠎ᠠ     ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠣᠰᠬᠠᠬᠤ ᠵᠤᠭᠠᠴᠠᠬᠤ ᠳᠤ ᠲᠣᠬᠢᠷᠠᠮᠵᠢᠲᠠᠶ ᠣᠲᠣ ᠦᠶ᠎ᠡ ᠶᠢᠨ ᠠᠮᠢ ᠠᠬᠤᠶ ᠶᠢᠨ ᠬᠤᠲᠠ ᠶᠢ ᠪᠥᠲᠥᠭᠡᠨ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠨᠠᠩ ᠢᠯᠡᠭᠦᠤ ᠴᠢᠬᠤᠯᠠᠴᠢᠯᠠᠵᠤ᠂ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠤᠲᠠ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠶᠡᠭᠡ ᠤᠯᠠᠭᠠᠨᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠨᠡᠭᠡᠭᠡᠨ᠎ᠡ᠃     ᠬᠤᠳᠠ ᠶᠢᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠭᠤᠷᠪᠠᠨ ᠶᠡᠭᠡ ᠣᠷᠣᠨ ᠵᠠᠶ ᠶᠢ ᠨᠢᠭᠡᠳᠦᠯᠲᠡᠶ ᠲᠥᠯᠥᠪᠯᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠴᠢᠩᠭ᠎ᠠ ᠬᠢᠵᠠᠭᠠᠷᠯᠠᠵᠤ᠂ ᠠᠵᠤ ᠦᠢᠯᠡᠰ ᠪᠠ ᠬᠤᠳᠠ ᠶᠢ ᠠᠭᠤᠰᠤᠯᠴᠠᠭᠤᠯᠤᠭᠰᠠᠨ᠂ ᠰᠡᠶᠢᠷᠡᠭ ᠨᠢᠭᠲᠠ ᠬᠡᠮᠵᠢᠶ᠎ᠡ ᠲᠠᠢ᠂ ᠠᠭᠤᠯᠠ ᠤᠰᠤ ᠬᠠᠷᠢᠯᠴᠠᠨ ᠲᠦᠰᠢᠭᠯᠡᠭᠰᠡᠨ ᠣᠷᠣᠨ ᠵᠠᠶ ᠶᠢᠨ ᠪᠠᠶᠢᠷᠢᠰᠢᠯ ᠢ ᠪᠠᠶᠢᠭᠤᠯᠤᠨ᠎ᠠ᠃ ᠬᠤᠲᠠ ᠶᠢ ᠥᠭᠡᠷᠡᠴᠢᠯᠡᠨ ᠰᠢᠨᠡᠳᠬᠡᠬᠦ ᠠᠬᠢᠴᠠ ᠶᠢ ᠲᠦᠷᠭᠡᠳᠬᠡᠵᠦ᠂ ᠲᠡᠮᠦᠷ ᠵᠠᠮ ᠤᠨ ᠪᠠᠷᠠᠭᠤᠨᠳᠡᠬᠢ᠂ ᠳᠡᠭᠦᠯᠢᠨ ᠵᠡᠷᠭᠡ ᠳᠥᠭᠦᠮ ᠪᠦᠳᠦᠴᠡᠲᠦ ᠣᠷᠣᠨ ᠲᠣᠭᠤᠷᠢᠭ ᠤᠨ 618 ᠡᠷᠦᠬᠡ᠂ 6.9 ᠲᠦᠮᠡᠨ ᠲᠡᠭᠰᠢ ᠳᠥᠷᠪᠡᠯᠵᠢᠨ ᠮᠧᠲᠷ ᠤᠨ ᠬᠡᠷ ᠪᠠᠶᠢᠰᠢᠩ ᠢ ᠲᠠᠲᠠᠪᠤᠷᠢᠯᠠᠵᠤ ᠂ ᠾᠧ ᠫᠢᠩ ᠯᠢ᠂ ᠹᠦ᠋ ᠰᠢᠶᠠᠩ ᠵᠡᠷᠭᠡ 4 ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠰᠠᠷ ᠤᠨ ᠲᠥᠷᠥᠯ ᠵᠦᠢᠯ ᠢ ᠡᠬᠢᠯᠡᠭᠦᠯᠵᠦ᠂ ᠵᠢᠢ ᠰᠢᠶᠠᠩ᠂ ᠸᠠᠨ ᠵᠢᠶᠠ ᠶᠢᠩ ᠰᠠᠭᠤᠭᠠᠯᠢ ᠲᠤᠭᠤᠷᠢᠭ ᠵᠡᠷᠭᠡ 39 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠪᠠᠯᠠ ᠮᠥᠩᠭᠦ ᠶᠢ ᠴᠢᠷᠮᠠᠶᠢᠨ ᠣᠯᠵᠤ᠂ ᠬᠠᠭᠤᠴᠢᠨ ᠬᠤᠲᠠ ᠶᠢᠨ ᠲᠣᠭᠤᠷᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠵᠢᠭᠠᠯᠲᠠ ᠲᠤᠭ᠎ᠠ ᠶᠢ ᠶᠡᠭᠡ ᠪᠠᠷ ᠳᠡᠭᠡᠭᠰᠢᠯᠡᠭᠦᠯᠦᠨ᠎ᠡ᠃ ᠭᠤᠤᠯ ᠤᠨ ᠵᠡᠭᠦᠨ ᠲᠣᠭᠤᠷᠢᠭ ᠤᠨ ᠤᠶᠤᠨᠲᠤ ᠡᠮᠴᠢᠯᠡᠭᠡ ᠰᠤᠪᠢᠯᠠᠯᠲᠠ ᠶᠢᠨ ᠵᠢᠵᠢᠭ ᠪᠠᠯᠭᠠᠰᠤ᠂ ᠰᠢᠳᠢᠲᠦ ᠠᠮᠢ ᠠᠬᠤᠶ ᠶᠢᠨ ᠤᠰᠤᠨ ᠪᠠᠯᠭᠠᠰᠤ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠠᠶᠢᠮᠠᠭ ᠤᠨ ᠨᠠᠮ ᠵᠠᠰᠠᠭ ᠤᠨ ᠰᠢᠨ᠎ᠡ ᠲᠣᠭᠤᠷᠢᠭ ᠤᠨ ᠬᠤᠲᠠ ᠶᠢᠨ ᠬᠤᠳᠠᠯᠳᠤᠭᠠᠨ ᠤ ᠲᠠᠯᠠᠪᠠᠶ᠂ ᠬᠤᠲᠠ ᠶᠢᠨ ᠬᠤᠶᠢᠲᠤ ᠲᠣᠭᠤᠷᠢᠭ ᠤᠨ ᠺᠠᠩ ᠶᠠᠩ ᠵᠢᠵᠢᠭ ᠪᠠᠯᠭᠠᠰᠤᠨ ᠤ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠰᠢᠨ ᠷᠦᠩ ᠬᠤᠸᠠ ᠲᠢᠩ᠂ ᠸᠠᠨ ᠾᠧᠩ ᠵᠥᠩ ᠬᠤᠸᠠ ᠴᠧᠩ ᠵᠡᠷᠭᠡ 8 ᠳᠡᠭᠡᠳᠦ ᠲᠠᠰ ᠤᠨ ᠬᠤᠳᠠᠯᠳᠤᠭᠠᠨ ᠤ ᠣᠷᠣᠨ ᠰᠠᠭᠤᠴᠠ ᠶᠢᠨ ᠪᠦᠯᠬᠦᠮ ᠪᠠᠶᠢᠭᠤᠯᠬᠤ ᠡᠬᠢᠯᠡᠨ ᠬᠡᠷᠡᠭᠵᠢᠭᠦᠯᠬᠦ ᠶᠢ ᠬᠠᠪᠰᠤᠷᠴᠤ᠂ ᠬᠥᠮᠦᠰ ᠤᠨ ᠣᠷᠣᠰᠢᠨ ᠰᠠᠭᠤᠬᠤ ᠴᠢᠨᠠᠷ ᠰᠠᠶᠢᠲᠠᠶ ᠰᠢᠨ᠎ᠡ ᠬᠡᠪ ᠳᠠᠭᠤᠷᠢᠶᠠᠯ ᠢ ᠪᠣᠶ ᠪᠣᠯᠭᠠᠨ᠎ᠠ᠃     ᠬᠤᠳᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠠᠶᠢᠮᠠᠭ ᠬᠤᠲᠠ ᠶᠢᠨ ᠬᠠᠮᠲᠤᠪᠠᠷ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ EPC ᠪᠥᠲᠥᠭᠡᠨ ᠪᠠᠶᠢᠭᠤᠯᠤᠯᠲᠠ ᠶᠢᠨ ᠵᠠᠭᠪᠤᠷ ᠢ ᠬᠡᠷᠡᠭᠵᠢᠭᠦᠯᠦᠨ᠂ ᠰᠢᠨ᠎ᠡ ᠬᠥᠭᠦᠷᠭᠡ ᠶᠢᠨ ᠪᠠᠷᠠᠭᠤᠨ ᠵᠡᠭᠡᠯᠢ᠂ ᠸᠠᠩ ᠤᠨ ᠰᠦᠮ᠎ᠡ ᠶᠢᠨ ᠵᠡᠭᠦᠨ ᠵᠡᠭᠡᠯᠢ ᠵᠡᠷᠭᠡ 11 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ ᠂ ᠪᠣᠯᠣᠳ ᠲᠡᠮᠦᠷ ᠶᠡᠭᠡ ᠵᠡᠭᠡᠯᠢ ᠵᠠᠰᠠᠮᠠᠯ ᠵᠠᠮ ᠤᠨ ᠲᠡᠮᠦᠷ ᠵᠠᠮ ᠤᠨ ᠵᠦᠷᠢᠯᠢᠭ ᠬᠥᠭᠦᠷᠭᠡ ᠶᠢ ᠪᠠᠶᠢᠭᠤᠯᠤᠨ ᠳᠠᠭᠤᠰᠬᠠᠵᠤ᠂ ᠳᠣᠲᠣᠷ᠎ᠠ ᠪᠠᠨ ᠰᠠᠭᠠᠳ ᠥᠬᠡᠶ ᠪᠥᠭᠡᠳ ᠭᠠᠳᠠᠨ᠎ᠠ ᠪᠠᠨ ᠬᠤᠯᠪᠣᠯᠳᠤᠭᠰᠠᠨ ᠬᠤᠲᠠ ᠶᠢᠨ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠤᠨ᠎ᠠ᠃ ᠤᠯᠤᠰ ᠤᠨ ᠴᠡᠴᠡᠷᠯᠢᠭ ᠤᠨ ᠬᠤᠲᠠ ᠶᠢ ᠴᠢᠷᠮᠠᠶᠢᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠪᠠᠭ᠋ᠠᠢ ᠭᠠᠵᠠᠷ ᠤᠨ ᠠᠮᠢ ᠠᠬᠤᠶ ᠶᠢᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠰ ᠢ ᠳᠡᠭᠡᠭᠰᠢᠯᠡᠭᠦᠯᠦᠨ᠂ ︽ᠨᠢᠭᠡ ᠬᠤᠲᠠ ᠠᠭᠤᠯᠠ ᠤᠰᠤ ᠬᠠᠭᠠᠰ ᠬᠤᠲᠠ ᠣᠶ︾ ᠬᠤᠲᠠ ᠶᠢᠨ ᠰᠢᠨ᠎ᠡ ᠦᠵᠡᠮᠵᠢ ᠶᠢ ᠪᠣᠶ ᠪᠣᠯᠭᠠᠨ᠎ᠠ᠃ ᠭᠤᠷᠪᠠᠨ ᠤᠰᠤᠨ ᠰᠤᠷᠪᠤᠯᠵᠢ ᠶᠢᠨ ᠣᠷᠣᠨ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠪᠦᠬᠦᠨ ᠢ ᠪᠢᠲᠡᠭᠦᠮᠵᠢᠯᠡᠨ ᠬᠠᠮᠢᠶᠠᠷᠬᠤ ᠶᠢ ᠪᠡᠶᠡᠯᠡᠭᠦᠯᠦᠨ᠂ ᠬᠤᠳᠠ ᠶᠢᠨ ᠰᠠᠭᠤᠭᠠᠯᠢ ᠠᠷᠠᠳ ᠤᠨ ︽ᠰᠠᠨᠠᠭ᠎ᠠ ᠠᠮᠤᠷ ᠤᠰᠤ︾ ᠤᠤᠭᠤᠬᠤ ᠶᠢ ᠪᠠᠲᠤᠯᠠᠨ᠎ᠠ᠃ ᠢᠯᠴᠢ ᠶᠢᠨ ᠰᠤᠷᠪᠤᠯᠵᠢ ᠶᠢᠨ ᠦᠢᠯᠡᠳᠪᠦᠷᠢ ᠶᠢ ᠰᠢᠨ᠎ᠡ ᠪᠠᠷ ᠨᠡᠮᠡᠭᠳᠡᠭᠦᠯᠬᠦ ᠲᠥᠯᠥᠪᠵᠢᠭᠦᠯᠭᠡ ᠶᠢ ᠡᠬᠢᠯᠡᠭᠦᠯᠵᠦ᠂ ︽ᠡᠪᠦᠯ ᠤᠨ ᠡᠪᠡᠳᠴᠢᠨ ᠢ ᠵᠤᠨ ᠤ ᠤᠯᠠᠷᠢᠯ ᠳᠤ ᠵᠠᠰᠠᠬᠤ︾ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠵᠤ᠂ ᠢᠯᠴᠢ ᠬᠠᠩᠭᠠᠬᠤ ᠴᠢᠨᠠᠷ ᠪᠠ ᠦᠷ᠎ᠡ ᠠᠰᠢᠭ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠂ ᠬᠤᠭ ᠨᠣᠪᠰᠢ ᠶᠢ ᠲᠥᠷᠥᠯ ᠬᠤᠪᠢᠶᠠᠬᠤ ᠶᠢ ᠥᠷᠭᠡᠨ ᠢᠶᠠᠷ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠪᠥᠷᠢᠨᠰᠢᠬᠦᠯᠵᠤ᠂ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠥᠭᠡᠶᠢᠵᠢᠭᠦᠯᠬᠦ ᠶᠢ ᠪᠡᠶᠡᠯᠡᠭᠦᠯᠬᠦ ᠶᠢ ᠲᠥᠯᠬᠢᠨ ᠠᠬᠢᠭᠤᠯᠤᠨ᠎ᠠ᠃     ᠬᠤᠳᠠ ᠶᠢᠨ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠳᠠ ᠶᠢᠨ ᠬᠠᠮᠢᠶᠠᠷᠤᠯᠲᠠ ᠶᠢᠨ ᠤᠶᠤᠨᠲᠤ ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠵᠦ᠂ ᠲᠣᠭᠠᠴᠢᠯᠠᠭᠰᠠᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠤᠳᠠ ᠶᠢᠨ ᠬᠠᠮᠢᠶᠠᠷᠤᠯᠲᠠ ᠶᠢ ᠨᠡᠩ ᠨᠠᠷᠢᠯᠢᠭ ᠣᠨᠣᠴᠠᠲᠠᠢ ᠪᠣᠯᠭᠠᠨ᠎ᠠ᠃ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ︽ᠨᠢᠭᠡ ᠶᠢ ᠠᠯᠤᠰᠯᠠᠵᠤ ᠨᠢᠭᠡ ᠶᠢ ᠭᠡᠷᠡᠯᠲᠦᠭᠦᠯᠬᠦ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠤᠲᠠ ᠶᠢᠨ ᠭᠡᠷᠡᠯᠲᠦᠭᠦᠯᠭᠡ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠡᠶᠡᠯᠡᠭᠦᠯᠦᠨ᠎ᠡ᠃ ᠠᠳᠠᠯ ᠠᠬᠤᠶ ᠶᠢᠨ ᠦᠢᠯᠡᠴᠢᠯᠡᠭᠡᠨ ᠤ ᠦᠨᠡᠯᠡᠨ ᠵᠢᠱᠢᠬᠦ ᠰᠢᠰᠲ᠋ᠧᠮ ᠢ ᠣᠷᠣᠭᠤᠯᠤᠨ ᠠᠪᠴᠢᠷᠠᠵᠤ᠂ ᠠᠳᠠᠯ ᠠᠬᠤᠶ ᠶᠢᠨ ᠦᠢᠯᠡᠴᠢᠯᠡᠭᠡᠨ ᠪᠠ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠥᠮᠴᠢᠲᠡᠨ ᠪᠠ ᠠᠳᠠᠯ ᠠᠬᠤᠶ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠭᠡᠭᠦᠯᠦᠨ ᠬᠤᠷᠢᠶᠠᠬᠤ ᠠᠵᠢᠯ ᠲᠥᠷᠥᠯ ᠤᠨ ᠵᠠᠰᠠᠯᠲᠠ ᠶᠢ ᠲᠦᠷᠭᠡᠳᠬᠡᠵᠦ᠂ ᠬᠡᠪᠴᠢᠶᠡᠵᠢᠭᠰᠡᠨ᠂ ᠡᠷᠴᠢᠮᠵᠢᠭᠰᠡᠨ ᠬᠥᠭᠵᠢᠯᠲᠡ ᠶᠢ ᠠᠬᠢᠭᠤᠯᠵᠤ᠂ ᠬᠤᠲᠠ ᠶᠢᠨ ᠵᠠᠰᠠᠯᠲᠠ ᠪᠠ ᠡᠬᠢ ᠪᠠᠶᠠᠯᠢᠭ ᠤᠨ ᠠᠰᠢᠭᠯᠠᠯᠲᠠ ᠶᠢᠨ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠶᠢ ᠪᠡᠶᠡᠯᠡᠭᠦᠯᠦᠨ᠎ᠡ᠃ ︽ᠬᠠᠮᠢᠶᠠᠷᠬᠤ ᠪᠠ ᠲᠣᠷᠭᠠᠬᠤ ᠶᠢ ᠰᠠᠯᠭᠠᠬᠤ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠮ ᠤᠨ ᠳᠠᠭᠠᠤ ᠳᠡᠯᠭᠡᠭᠦᠷ ᠤᠨ ᠠᠵᠤ ᠠᠬᠤᠶ ᠶᠢᠨ ᠡᠮᠬᠢ ᠵᠢᠷᠤᠮ ᠲᠠᠢ ᠬᠥᠭᠵᠢᠯᠲᠡ ᠶᠢ ᠵᠢᠷᠤᠮᠵᠢᠭᠤᠯᠤᠨ᠂ ᠲᠦᠷᠢᠮ ᠠᠴᠠ ᠵᠥᠷᠢᠴᠡᠨ ᠪᠠᠷᠢᠯᠭ᠎ᠠ ᠪᠠᠷᠢᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠵᠦ᠂ ᠬᠡᠪᠰᠢᠭᠰᠡᠨ ᠬᠠᠮᠢᠶᠠᠷᠤᠯᠲᠠ ᠶᠢ ᠨᠠᠩ ᠡᠷᠴᠢᠮ ᠲᠠᠢ ᠪᠣᠯᠭᠠᠨ᠎ᠠ᠃ ᠲᠧᠩ ᠹᠸᠢ ᠵᠠᠮ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠦᠵᠡᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠦᠨ᠂ ︽ᠬᠤᠸᠠᠷ ᠬᠠᠳᠬᠤᠬᠤ ᠡᠷᠳᠡᠮ︾ ᠢᠶᠠᠷ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃     ᠲᠦᠷᠪᠡ᠂ ᠡᠷᠡᠰ ᠭᠤᠶᠢᠪᠢᠰᠢ ᠦᠭᠡᠢ ᠪᠠᠷ ᠰᠠᠭᠤᠷᠢ ᠶᠢ ᠪᠠᠲᠤᠳᠬᠠᠵᠤ᠂ ᠠᠵᠤ ᠦᠢᠯᠡᠰ ᠢ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠶᠠᠰ ᠢ ᠬᠦᠴᠦᠯᠡᠨ ᠬᠠᠩᠭᠢᠨᠠᠭᠤᠯᠤᠨ᠎ᠠ     ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠬᠥᠭᠵᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠪᠠᠶᠢᠳᠠᠯ ᠢ ᠠᠷᠭᠠᠴᠠᠭᠠᠬᠤ᠂ ᠰᠢᠨ᠎ᠡ ᠪᠠᠶᠢᠳᠠᠯ ᠢ ᠨᠡᠭᠡᠭᠡᠬᠦ ︽ᠰᠠᠭᠤᠷᠢ ᠴᠢᠯᠠᠭᠤ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃     ᠨᠠᠷᠢᠯᠢᠭ ᠣᠨᠣᠴᠠᠲᠠᠶ ᠪᠠᠷ ᠣᠷᠣᠨ ᠪᠠᠶᠢᠷᠢ ᠲᠣᠭᠲᠠᠭᠠᠵᠤ ᠲᠠᠷᠢᠶᠠᠯᠠᠩ ᠤᠨ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠬᠥᠲᠥᠯᠥᠨ ᠵᠢᠯᠣᠭᠤᠳᠤᠨ᠎ᠠ᠃ ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠨᠠᠷᠢᠯᠢᠭ ᠣᠨᠣᠴᠠᠲᠠᠶ᠂ ᠥᠨᠳᠥᠷ ᠪᠦᠲᠦᠮᠵᠢᠲᠡᠶ᠂ ᠣᠲᠣ ᠦᠶ᠎ᠡ ᠶᠢᠨ ᠵᠤᠭᠠᠴᠠᠯ ᠤᠨ ᠲᠠᠷᠢᠶᠠᠯᠠᠩ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ︽ᠡᠷᠳᠡᠨᠢ ᠰᠢᠰᠢ ᠳᠣᠲᠤᠷᠭ᠎ᠠ︾᠂ ︽ᠮᠢᠬᠠᠨ ᠦᠬᠡᠷ ᠰᠠᠭᠠᠯᠢ ᠶᠢᠨ ᠦᠨᠢᠶ᠎ᠡ︾ ᠶᠢᠨ ᠠᠵᠤ ᠦᠢᠯᠡᠰ ᠤᠨ ᠬᠥᠭᠵᠢᠯᠲᠡ ᠶᠢ ᠴᠥᠬᠦᠷᠡᠰᠢ ᠥᠬᠡᠶ ᠰᠠᠶᠢᠲᠤᠷ ᠠᠳᠬᠤᠵᠤ᠂ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠳᠥᠯᠭᠢᠨ ᠠᠬᠢᠭᠤᠯᠤᠨ᠎ᠠ᠃ ᠤᠰᠤᠨ ᠤ ᠬᠡᠮᠵᠢᠶ᠎ᠡ ᠶᠢ ᠦᠨᠳᠦᠰᠦᠯᠡᠨ ᠤᠷᠤᠭᠰᠢᠯᠠᠵᠤ᠂ ᠪᠠᠷᠢᠮᠵᠢᠶᠠᠲᠤ ᠲᠠᠷᠢᠶᠠᠨ ᠭᠠᠵᠠᠷ ᠢ 8600 ᠮᠦ ᠰᠢᠨ᠎ᠡ ᠪᠠᠷ ᠨᠡᠮᠡᠭᠳᠡᠭᠦᠯᠦᠨ᠎ᠡ᠃ ᠨᠢᠭᠡ ᠪᠦᠰᠡ ᠳᠥᠷᠪᠡᠨ ᠲᠣᠭᠤᠷᠢᠭ ᠤᠨ ︽ᠵᠠᠭᠤᠨ ᠭᠠᠵᠠᠷ ᠤᠨ ᠬᠢᠩᠭᠠᠨ ᠲᠤᠲᠤᠷᠭ᠎ᠠ ᠶᠢᠨ ᠳᠠᠯᠠᠢ︾ ᠶᠢᠨ ᠠᠵᠤ ᠦᠢᠯᠡᠰ ᠤᠨ ᠲᠣᠭᠤᠷᠢᠨ ᠦᠵᠡᠬᠦ ᠪᠦᠰᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠲᠣᠭᠠᠴᠢᠯᠠᠭᠰᠠᠨ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠠ ᠲᠠᠷᠢᠶᠠᠯᠠᠩ ᠤᠨ ᠪᠦᠲᠦᠭᠡᠭᠳᠡᠬᠦᠨ ᠤ ᠮᠥᠷᠳᠡᠵᠦ ᠪᠣᠯᠬᠤᠶᠢᠴᠠ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠶ ᠪᠠᠷ ᠴᠢᠷᠮᠠᠶᠢᠨ ᠪᠠᠶᠢᠭᠤᠯᠤᠨ᠎ᠠ᠃ ᠶᠤᠸᠠᠨ ᠯᠦᠩ ᠫᠢᠩ ᠤᠰᠤᠨ ᠲᠤᠲᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢᠨ ᠭᠠᠵᠠᠷ ᠲᠤ ᠲᠦᠰᠢᠭᠯᠡᠨ᠂ ᠣᠲᠣ ᠦᠶ᠎ᠡ ᠶᠢᠨ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠣᠬᠢᠷᠲᠤᠯ ᠥᠬᠡᠶ ᠪᠠ ᠣᠷᠭᠠᠨᠢᠭ ᠤᠰᠤᠨ ᠲᠤᠲᠤᠷᠭ᠎ᠠ ᠶᠢ 13 ᠲᠦᠮᠡᠨ ᠮᠥ ᠳᠤ ᠬᠦᠷᠦᠭᠦᠯᠦᠨ᠎ᠡ᠃ ᠡᠷᠳᠡᠨᠢ ᠰᠢᠰᠢ ᠶᠢᠨ ᠲᠠᠷᠢᠮᠠᠯ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠠᠮᠤ ᠪᠤᠳᠠᠭ᠎ᠠ ᠪᠣᠷᠳᠣᠭᠠᠨ ᠤ ᠬᠤᠤᠰ ᠬᠡᠷᠡᠭᠴᠡᠭᠡᠲᠦ ᠡᠷᠳᠡᠨᠢ ᠰᠢᠰᠢ 38 ᠲᠦᠮᠡᠨ ᠮᠥ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ 2 ᠲᠦᠮᠡᠨ ᠮᠥ ᠳᠠᠷᠢᠨ᠎ᠠ᠃ ᠲᠠᠷᠢᠶᠠᠴᠢᠨ ᠡᠷᠦᠬᠡ ᠶᠢ ᠬᠥᠲᠥᠯᠦᠨ ᠵᠢᠯᠣᠭᠤᠳᠴᠤ  ᠮᠢᠬᠠᠨ ᠦᠬᠡᠷ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠮᠢᠬᠠᠨ ᠦᠬᠡᠷ ᠲᠡᠵᠢᠭᠡᠨ ᠦᠷᠡᠵᠢᠭᠦᠯᠬᠦ‍ ᠨᠢᠭᠡ ᠪᠦᠯᠦᠭ ᠲᠤᠰᠬᠠᠶ ᠲᠣᠰᠬᠤᠨ ᠢ ᠪᠣᠶ ᠪᠣᠯᠭᠠᠨ᠎ᠠ᠃ ᠳᠤᠮᠳᠠ ᠪᠠᠭ᠎ᠠ ᠬᠡᠯᠪᠡᠷᠢ ᠶᠢᠨ ᠰᠠᠭᠠᠯᠢ ᠶᠢᠨ ᠦᠨᠢᠶ᠎ᠡ᠂  ᠮᠢᠬᠠᠨ ᠦᠬᠡᠷ ᠲᠡᠵᠢᠭᠡᠨ ᠦᠷᠡᠵᠢᠭᠦᠯᠬᠦ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠮᠧᠩ ᠨᠢᠦ ᠦᠨᠢᠶᠡᠨ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂  ᠮᠢᠬᠠᠨ ᠦᠬᠡᠷ ᠤᠨ ᠲᠤᠭ᠎ᠠ ᠶᠢ 3 ᠲᠦᠮᠡ ᠳᠤ ᠬᠦᠷᠦᠭᠦᠯᠵᠦ᠂ ᠰᠠᠭᠠᠯᠢ ᠶᠢᠨ ᠦᠨᠢᠶ᠎ᠡ ᠶᠢᠨ ᠲᠤᠭ᠎ᠠ ᠶᠢ 1.2 ᠲᠦᠮᠡ ᠳᠤ ᠬᠦᠷᠦᠭᠦᠯᠦᠨ᠎ᠡ᠃     ᠳᠤᠲᠠᠭᠤᠳᠠᠯ ᠢ ᠨᠥᠬᠦᠪᠥᠷᠢᠯᠡᠨ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠣᠰᠬᠠᠬᠤ ᠳᠤ ᠠᠰᠢᠭᠲᠠᠶ ᠪᠠᠶᠢᠬᠤ ᠶᠢ ᠲᠤᠰᠠᠯᠠᠨ᠎ᠠ᠃ ︽ᠬᠤᠪᠢ ᠬᠤᠷᠠᠮᠳᠤᠭᠤᠯᠵᠤ ᠤᠳᠤᠨ  ᠪᠣᠯᠬᠤ ᠪᠠᠷ ᠴᠢᠷᠮᠠᠶᠢᠬᠤ︾ ᠠᠵᠢᠯᠯᠠᠭ᠎ᠠ ᠶᠢ ᠦᠷᠭᠦᠯᠵᠢᠯᠡᠨ ᠶᠠᠪᠤᠭᠤᠯᠵᠤ᠂ ᠲᠠᠷᠢᠶᠠᠴᠢᠨ ᠲᠦᠮᠡᠨ ᠤ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠤᠨ᠎ᠠ᠃ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ 19 ᠢᠨᠵᠧᠨᠧᠷᠢᠩ ᠢ ᠪᠥᠲᠥᠭᠡᠨ ᠪᠠᠶᠢᠭᠤᠯᠵᠤ᠂ ᠬᠤᠭ ᠨᠣᠪᠰᠢ ᠳᠠᠮᠵᠢᠭᠤᠯᠬᠤ ᠥᠷᠲᠡᠭᠡ ᠶᠢ 8 ᠰᠢᠨ᠎ᠡ ᠪᠠᠷ ᠪᠠᠶᠢᠭᠤᠯᠵᠤ᠂ 2.5 ᠲᠦᠮᠡᠨ ᠲᠥᠷᠥᠯ ᠬᠤᠪᠢᠶᠠᠬᠤ ᠬᠤᠭ ᠤᠨ ᠰᠠᠪᠠ ᠶᠢ ᠢᠵᠢ ᠪᠥᠷᠢᠳᠦᠭᠦᠯᠦᠨ᠂ 2000 ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠨᠡᠶᠢᠳᠡᠮ ᠪᠥᠷᠬᠦᠭᠦᠯᠬᠦ ᠶᠢ ᠪᠡᠶᠡᠯᠡᠭᠦᠯᠦᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ ᠪᠠᠷᠠᠭᠤᠨ ᠶᠡᠭᠡ ᠬᠥᠭᠦᠷᠭᠡ ᠪᠠ 10 ᠳᠤᠮᠳᠠ ᠪᠠᠭ᠎ᠠ ᠬᠥᠭᠦᠷᠭᠡ ᠶᠢ ᠪᠠᠶᠢᠭᠤᠯᠤᠨ ᠪᠦᠲᠦᠭᠡᠵᠦ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 35 ᠺᠢᠯᠣᠮᠧᠲᠷ ᠥᠭᠡᠷᠡᠴᠢᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠬᠠᠮᠠᠭᠠᠯᠠᠯᠲᠠ ᠶᠢᠨ ᠢᠨᠵᠧᠨᠧᠷᠢᠩ ᠢ 50 ᠺᠢᠯᠣᠮᠧᠲᠷ ᠬᠡᠷᠡᠭᠵᠢᠭᠦᠯᠵᠦ᠂ ︽ᠳᠠᠭᠠᠭᠠᠴᠠ ᠬᠡᠲᠦᠷᠬᠦ ᠬᠡᠮ ᠠᠴᠠ ᠬᠡᠲᠦᠷᠬᠦ︾ ᠶᠢ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠤᠯᠤᠰ ᠤᠨ ᠳᠡᠰ ᠤᠨ ︽ᠲᠦᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠪᠦᠬᠦ ᠬᠦᠴᠦᠨ ᠢᠶᠠᠷ ᠴᠢᠷᠮᠠᠶᠢᠨ ᠪᠠᠶᠢᠭᠤᠯᠤᠨ᠎ᠠ᠃     ᠠᠵᠤ ᠦᠢᠯᠡᠰ ᠢ ᠬᠥᠭᠵᠢᠭᠦᠯᠦᠨ ᠮᠠᠨᠳᠤᠭᠤᠯᠵᠤ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ ᠃ ︽ᠲᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠵᠤ᠂ ᠸᠠᠨ ᠯᠢᠦ ᠱᠦ ᠲᠣᠰᠬᠤᠨ ᠵᠡᠷᠭᠡ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠨ ᠲᠣᠯᠢᠯᠠᠵᠤ᠂ ︽ᠬᠤᠶᠠᠷ ᠢ ᠲᠡᠳᠬᠦᠵᠦ ᠬᠤᠶᠠᠷ ᠢ ᠳᠡᠭᠡᠭᠰᠢᠯᠡᠭᠦᠯᠬᠦ︾ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ︽ᠬᠥᠮᠦᠨ ᠨᠢ ᠬᠦᠴᠦᠨ ᠲᠠᠢ︾ ᠪᠠᠶᠢᠬᠤ ᠳᠡᠭᠡᠷ᠎ᠡ ᠬᠦᠴᠦ ᠲᠠᠯᠪᠢᠵᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠠᠵᠤ ᠦᠢᠯᠡᠰ ᠤᠨ ᠵᠢᠭᠠᠨ ᠵᠢᠯᠣᠭᠤᠳᠣᠭᠴᠢ᠂ ᠨᠤᠲᠤᠭ ᠤᠨ ᠲᠤᠰᠬᠠᠶ ᠮᠡᠷᠭᠡᠵᠢᠯᠲᠡᠨ ᠵᠡᠷᠭᠡ ᠬᠥᠳᠡᠭᠡ ᠲᠣᠰᠬᠤᠨ ᠤ ᠠᠵᠢᠯ ᠤᠨ ᠡᠩᠨᠡᠭᠡᠨ ᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠡᠯ᠎ᠡ ᠲᠥᠷᠥᠯ ᠤᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢᠨ ︽ᠬᠤᠯᠪᠣᠭᠠᠲᠤ ᠴᠣᠭᠴᠠ︾ ᠶᠢᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠬᠠᠮᠲᠤ ᠶᠢᠨ ᠠᠵᠤ ᠠᠬᠤᠶ ᠶᠢᠨ ᠭᠠᠴᠠᠭ᠎ᠠ ᠪᠠᠨ ᠬᠦᠴᠦᠷᠬᠡᠭᠵᠢᠭᠦᠯᠬᠦ  ᠳᠠᠬᠢ ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠣᠲᠣ ᠶᠢᠨ ᠪᠠᠶᠢᠭ᠎ᠠ ᠣᠨᠴᠠᠯᠢᠠᠠᠳᠣ ᠠᠵᠤ ᠦᠢᠯᠡᠰ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠲᠠᠪᠢᠨ ᠥᠷᠲᠡᠭᠡ ᠶᠢᠨ ᠭᠤᠭᠤᠳ᠂ ᠤᠯᠠᠭᠠᠨᠬᠠᠳᠠ ᠲᠤᠲᠤᠷᠭ᠎ᠠ ᠶᠢᠨ ᠵᠢᠭᠠᠰᠤ᠂ ᠭᠡᠭᠡᠨᠰᠦ᠋ᠮ᠎ᠡ ᠶᠢᠨ ᠰᠢᠬᠢᠷᠯᠢᠭ ᠰᠢᠯᠦᠬᠡᠶ ᠡᠷᠳᠡᠨᠢ ᠰᠢᠰᠢ᠂ ᠢᠯᠠᠯᠲᠠ ᠶᠢᠨ ᠬᠤᠸᠠᠩ ᠶᠢᠨ ᠭᠧᠦ ᠪᠣᠷᠴᠠᠭ᠂ ᠰᠡᠷᠬᠡᠨ ᠴᠠᠭᠠᠨ ᠰᠢᠭᠦᠳᠡᠷᠢ ᠶᠢᠨ ᠰᠣᠩᠭᠢᠨ᠎ᠠ ᠵᠡᠷᠭᠡ ᠨᠢᠭᠡ ᠪᠦᠯᠦᠭ ᠭᠠᠵᠠᠷ ᠵᠦᠶ ᠶᠢᠨ ᠪᠡᠯᠭᠡ ᠲᠡᠮᠳᠡᠭᠲᠦ ᠣᠨᠴᠠᠯᠢᠠᠠᠳᠣ ᠲᠠᠷᠢᠶᠠᠯᠠᠩ ᠤᠨ ᠪᠦᠲᠦᠭᠡᠭᠳᠡᠬᠦᠨ ᠢ ᠭᠤᠶᠤᠴᠢᠯᠠᠨ ᠮᠡᠳᠡᠭᠦᠯᠵᠦ᠂ ︽ᠨᠢᠭᠡ ᠰᠢᠶᠠᠨ ᠨᠢᠭᠡ ᠣᠨᠴᠠ ᠪᠦᠲᠦᠬᠡᠭᠲᠡᠭᠦᠨ᠂ ᠨᠢᠭᠡ ᠪᠠᠯᠭᠠᠰᠤ ᠨᠢᠭᠡ ᠠᠵᠤ ᠦᠢᠯᠡᠰ᠂ ᠨᠢᠭᠡ ᠲᠣᠰᠬᠤᠨ ᠨᠢᠭᠡ ᠦᠢᠯᠡᠳᠬᠦᠨ︾ ᠤ ᠣᠨᠴᠠᠯᠢᠠᠠᠳᠣ ᠠᠵᠤ ᠠᠬᠤᠶ ᠶᠢᠨ ᠬᠡᠰᠡᠭ ᠢ ᠪᠠᠶᠢᠭᠤᠯᠤᠨ᠎ᠠ᠃ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂  ᠲᠦᠬᠦᠭᠡᠷᠦᠮᠵᠢᠲᠦ ᠤᠢ ᠵᠢᠮᠢᠰ ᠤᠨ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ 2800 ᠰᠠᠭᠤᠷᠢ ᠬᠦᠯᠡᠮᠵᠢ ᠶᠢ ᠪᠦᠭᠦᠨ ᠢ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠰᠠᠶᠢᠲᠤᠷ ᠠᠳᠬᠤᠵᠤ᠂ ︽ᠵᠢᠷᠭᠤᠭᠠᠨ ᠵᠢᠵᠢᠭ ᠬᠦᠷᠢᠶ᠎ᠡ ᠬᠠᠰᠢᠶ᠎ᠠ ᠶᠢᠨ ᠠᠵᠤ ᠠᠬᠤᠶ︾ ᠶᠢ ᠬᠥᠭᠵᠢᠭᠦᠯᠦᠨ᠂ ᠬᠦᠷᠢᠶ᠎ᠡ ᠬᠠᠰᠢᠶ᠎ᠠ ᠶᠢᠨ ᠳᠠᠷᠢᠵᠤ ᠲᠡᠵᠢᠭᠡᠨ ᠦᠷᠡᠵᠢᠭᠦᠯᠬᠦ᠂ ᠬᠦᠷᠢᠶ᠎ᠡ ᠬᠠᠰᠢᠶ᠎ᠠ ᠶᠢᠨ ᠣᠶ ᠵᠢᠮᠢᠰ ᠤᠨ ᠦᠢᠯᠡᠰ ᠢ ᠭᠤᠤᠯᠳᠠᠯᠭ᠎ᠠ ᠲᠠᠢ ᠳᠡᠯᠭᠡᠷᠡᠭᠦᠯᠵᠦ᠂ ︽ᠨᠢᠭᠡ ᠮᠥ ᠬᠦᠷᠢᠶ᠎ᠡ ᠬᠠᠰᠢᠶ᠎ᠠ ᠠᠷᠪᠠᠨ ᠮᠥ ᠲᠠᠷᠢᠶ᠎ᠠ︾ ᠶᠢᠨ ᠠᠵᠤ ᠠᠬᠤᠶ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ     ᠲᠠᠪᠤ᠂ ᠵᠠᠬ᠎ᠠ ᠳᠡᠯᠭᠡᠭᠦᠷ ᠢ ᠡᠷᠡᠰ ᠭᠤᠶᠢᠪᠢᠰᠢ ᠦᠭᠡᠢ ᠠᠳᠬᠤᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠭᠤᠷᠪᠠᠳᠤᠭᠠᠷ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠪᠦᠬᠦ ᠬᠦᠴᠦᠨ ᠢᠶᠠᠷ ᠢᠶᠠᠨ ᠪᠠᠳᠠᠷᠠᠭᠤᠯᠤᠨ᠎ᠠ     ᠡᠵᠡᠩᠨᠡᠯᠲᠡ ᠶᠢᠨ ᠬᠡᠯᠪᠡᠷᠢ ᠪᠠᠶᠢᠳᠠᠯ ᠡᠯᠪᠡᠭ ᠳᠡᠯᠪᠡᠭ᠂ ᠬᠡᠷᠡᠭᠯᠡᠭᠡ ᠲᠠᠰ ᠳᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠶᠢ ᠶᠡᠬᠡᠪᠡᠷ ᠬᠥᠭᠵᠢᠭᠦᠯᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠭᠡᠳᠬᠡᠨ ᠬᠥᠭᠵᠢᠭᠦᠯᠵᠦ᠂ ᠪᠥᠬᠦ ᠣᠷᠣᠨ ᠪᠦᠰᠡ ᠶᠢᠨ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠵᠦ᠂ ᠠᠵᠤ ᠠᠬᠤᠶ ᠶᠢᠨ ᠨᠠᠩ ᠣᠯᠠᠨ ᠰᠢᠨ᠎ᠡ ᠨᠡᠮᠡᠭᠳᠡᠯ ᠤᠨ ᠴᠡᠭ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃     ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠶᠢᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠧᠦ ᠶᠠ᠂ ᠸᠠᠨ ᠳ᠋ᠠ᠂ ᠵᠢᠦᠢ ᠷᠠᠨ ᡁᠢ ᠵᠢᠶᠠ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠵᠤ᠂ ᠧᠦ ᠲᠧ ᠯᠠᠢ ᠰᠾᠢ᠂ ᠭᠦᠸᠧ ᠮᠧᠶ ᠴᠠᠬᠢᠯᠭᠠᠨ ᠬᠡᠷᠡᠭᠰᠡᠯ᠂ ᠳ᠋ᠠ ᠷᠦᠨ ᠹᠠ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢᠨ ᠰᠠᠶᠢᠨ ᠬᠥᠭᠵᠢᠯᠲᠡ ᠶᠢ ᠬᠥᠲᠥᠯᠦᠨ ᠵᠢᠯᠣᠭᠤᠳᠴᠤ᠂ ᠤᠯᠠᠭᠠᠨᠬᠤᠲᠠ ᠶᠢᠨ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠢ ᠡᠬᠢᠯᠡᠨ ᠬᠡᠷᠡᠭᠯᠡᠵᠦ᠂ ᠠᠳᠠᠯᠢ ᠪᠤᠰᠤ ᠬᠠᠮᠲᠤᠯᠢᠭ ᠤᠨ ᠣᠯᠠᠨ ᠡᠰᠢᠵᠢᠭᠰᠡᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠯᠤᠰᠤᠲᠠᠶ ᠶᠢᠨ ᠤᠯᠤᠰ ᠤᠨ ᠲᠠᠰ ᠤᠨ ᠢᠳᠡᠰᠢᠨ ᠨᠣᠭᠤᠭ᠎ᠠ ᠶᠢᠨ ᠪᠥᠬᠦ ᠶᠠᠪᠤᠴᠠ ᠶᠢᠨ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠢᠩᠭᠠᠨ᠂ ᠾᠧ ᠫᠢᠩ ᠵᠡᠷᠭᠡ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠨᠠᠷᠢᠯᠢᠬᠵᠢᠭᠤᠯᠬᠤ᠂ ᠬᠠᠮᠢᠶᠠᠷᠤᠯᠲᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠵᠢᠶᠠ ᠾᠧ᠂ ᠮᠧᠩ ᠬᠤᠢ ᠰᠢᠶᠠᠨ ᠲᠥᠷᠥᠯ ᠲᠡᠮᠳᠡᠭᠵᠢᠭᠦᠯᠦᠨ ᠬᠡᠯᠬᠢᠶᠡᠵᠢᠭᠦᠯᠦᠨ ᠬᠥᠭᠵᠢᠭᠦᠯᠬᠦ ᠶᠢ ᠳᠡᠮᠵᠢᠵᠦ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠭᠦᠢᠴᠡᠳ ᠪᠠᠶᠢᠬᠤ ᠶᠢ ᠪᠠᠲᠤᠯᠠᠨ᠎ᠠ᠃ ᠬᠤᠳᠠᠯᠳᠤᠭ᠎ᠠ ᠠᠷᠠᠯᠵᠢᠶ᠎ᠠ ᠶᠢᠨ ᠠᠵᠤ ᠠᠬᠤᠶᠢᠯᠠᠯ ᠢ ᠬᠥᠭᠵᠢᠬᠦᠯᠬᠦ ᠡᠷᠴᠢᠮ ᠢ ᠴᠢᠩᠭᠠᠷᠠᠭᠤᠯᠵᠤ᠂ ᠵᠠᠭᠤᠨ ᠵᠢᠯ ᠤᠨ ᠬᠤᠩ ᠶᠦᠨ ᠠᠷᠢᠬᠢᠨ ᠤ ᠦᠢᠯᠡᠰ ᠢ ᠬᠠᠪᠰᠤᠷᠤᠨ ᠤᠯᠤᠰ ᠤᠨ ︽ᠬᠠᠭᠤᠴᠢᠨ ᠨᠠᠷᠠᠲᠤ ᠲᠡᠮᠳᠡᠭᠲᠦ︾ ᠶᠢ ᠭᠤᠶᠤᠴᠢᠯᠠᠨ ᠮᠡᠳᠡᠭᠦᠯᠵᠦ ᠂ ᠬᠤᠳᠠᠯᠳᠤᠭᠠᠨ ᠤ ᠴᠢᠯᠦᠭᠡᠲᠦ ᠳᠡᠯᠭᠡᠭᠦᠷ᠂ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ ᠤ ᠨᠡᠶᠢᠭᠡᠮ ᠤᠨ ᠲᠠᠸᠠᠷ  ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ ᠶᠢ ᠪᠦᠷᠢᠳᠭᠡᠬᠦ ᠠᠵᠢᠯ ᠢ ᠰᠠᠶᠢᠲᠤᠷ ᠠᠳᠬᠤᠵᠤ᠂ 10 ᠠᠴᠠ ᠳᠡᠭᠡᠭᠰᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠎ᠡ᠃ ᠰᠥᠨᠢ ᠶᠢᠨ ᠠᠵᠤ ᠠᠬᠤᠶ᠂ ᠰᠦᠯᠵᠢᠶᠡᠨ ᠣᠳᠤᠨ ᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠢᠩᠭᠠᠨ ᠤ ᠠᠮᠲᠠᠲᠤ ᠢᠳᠡᠭᠡᠨ ᠤ ᠦᠢᠯᠡᠳᠬᠡᠯ ᠤᠨ ᠭᠠᠵᠠᠷ ᠢ ᠪᠠᠶᠢᠭᠤᠯᠵᠤ᠂ ᠨᠠᠷᠠᠲᠤ ᠨᠣᠭᠤᠭ᠎ᠠ ᠨᠡᠷᠡᠲᠦ ᠳᠡᠯᠭᠡᠭᠦᠷ ᠤᠨ ᠳᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠢᠨ᠎ᠡ ᠬᠡᠪ ᠨᠠᠮᠪᠠ ᠪᠣᠯᠭᠠᠨ᠎ᠠ᠃ ᠣᠲᠣ ᠦᠶ᠎ᠡ ᠶᠢᠨ ᠡᠳ᠋ ᠪᠠᠷᠠᠭᠠᠨ ᠤ ᠭᠦᠢᠯᠭᠡᠭᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠥᠩ ᠴᠢ ᠲᠢᠶᠧ ᠴᠧᠩ᠂ ᠳ᠋ᠠ ᠾᠧ ᠡᠳ᠋ ᠪᠠᠷᠠᠭᠠᠨ ᠤ ᠭᠦᠢᠯᠭᠡᠭᠡ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠣᠷᠣᠨ ᠪᠦᠰᠡ ᠶᠢᠨ ᠴᠢᠨᠠᠷᠲᠠᠶ ᠡᠳ᠋ ᠪᠠᠷᠠᠭᠠᠨ ᠤ ᠬᠦᠢᠯᠭᠡᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃ ᠪᠠᠷᠠᠭ᠎ᠠ ᠶᠢᠨ ᠭᠦᠢᠯᠭᠡᠭᠡᠨ ᠤ ᠲᠣᠭᠤᠷᠢᠭ ᠤᠨ ᠴᠢᠳᠠᠮᠵᠢ ᠶᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠣᠷᠣᠵᠤ ᠭᠠᠷᠬᠤ ᠭᠠᠵᠠᠷ ᠤᠨ ᠵᠠᠮ ᠵᠡᠷᠭᠡ ᠢᠵᠢ ᠪᠥᠷᠢᠳᠦᠭᠦᠯᠬᠦ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠵᠢᠶᠠ ᠶᠣᠣ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠠᠭᠤᠴᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠢ ᠪᠤᠵᠠᠭᠠᠶᠢᠷᠠᠭᠤᠯᠤᠨ᠂ ᠪᠣᠷᠣᠯᠠᠭᠤᠯᠭ᠎ᠠ ᠶᠢᠨ ᠣᠷᠣᠯᠭ᠎ᠠ ᠶᠢ 160 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ︽ᠲᠡᠰ ᠳᠡᠪᠰᠢᠬᠦ︾ ᠲᠠᠪᠤᠨ ᠶᠡᠭᠡ ᠰᠢᠰᠲ᠋ᠧᠮ ᠤᠨ ᠪᠠᠶᠢᠭᠤᠯᠤᠯᠲᠠ ᠶᠢ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠰᠢᠭᠤᠳ ᠮᠠᠯᠲᠠᠵᠤ ᠰᠢᠭᠤᠳ ᠬᠠᠩᠭᠠᠬᠤ᠂ ᠰᠦᠯᠵᠢᠶᠡᠨ ᠤ ᠪᠠᠷᠠᠭ᠎ᠠ ᠶᠢ ᠰᠤᠳᠤᠯᠤᠨ ᠨᠡᠭᠡᠭᠡᠬᠦ᠂ ᠪᠠᠷᠠᠭᠠᠨ ᠤ ᠭᠦᠢᠯᠭᠡᠭᠡ ᠶᠢ ᠲᠣᠬᠢᠷᠠᠭᠤᠯᠤᠨ ᠬᠦᠷᠭᠡᠬᠦ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ ᠥᠨᠳᠥᠷ ᠪᠦᠲᠦᠮᠵᠢᠲᠡᠶ ᠡᠷᠴᠢᠮᠯᠢᠭ᠂ ᠬᠠᠮᠵᠢᠯᠴᠠᠨ ᠬᠠᠮᠲᠤ ᠪᠠᠷ ᠡᠳ᠋ᠯᠡᠬᠦ ᠬᠤᠳᠠ ᠬᠥᠳᠡᠭᠡ ᠶᠢᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ  ᠦᠢᠯᠡᠴᠢᠯᠡᠭᠡᠨ ᠤ ᠲᠥᠪ᠂ ᠪᠣᠯᠪᠠᠰᠤᠷᠠᠯ ᠤᠨ ᠲᠥᠪ᠂ ᠰᠢᠨ᠎ᠡ ᠶᠢ ᠡᠭᠦᠳᠦᠭᠴᠢ ᠶᠢᠨ ᠣᠷᠣᠨ ᠵᠠᠶ ᠶᠢ ᠪᠠᠶᠢᠭᠤᠯᠵᠤ᠂ ᠴᠢᠨᠠᠷ ᠰᠠᠶᠢᠲᠠᠶ ᠭᠠᠵᠠᠷ ᠬᠥᠷᠥᠩᠭᠡ ᠶᠢᠨ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠪᠠ ᠤᠨᠴᠠᠯᠢᠬᠳᠤ ᠰᠣᠶᠣᠯ ᠤᠨ ᠰᠢᠨ᠎ᠡ ᠶᠢ ᠡᠭᠦᠳᠬᠦ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠵᠤ᠂ ᠪᠠᠷᠠᠭ᠎ᠠ ᠬᠤᠳᠠᠯᠳᠤᠬᠤ ᠴᠢᠳᠠᠪᠤᠷᠢᠲᠠᠨ ᠢ ᠬᠥᠮᠦᠵᠢᠭᠦᠯᠦᠨ᠂ ᠰᠦᠯᠵᠢᠶᠡᠨ ᠳᠡᠭᠡᠷ᠎ᠡ ᠪᠣᠷᠤᠯᠠᠭᠤᠯᠭ᠎ᠠ ᠰᠠᠶᠢᠲᠠᠢ ᠪᠠᠷᠠᠭ᠎ᠠ ᠶᠢ ᠪᠣᠢ ᠪᠣᠯᠭᠠᠵᠤ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ 15 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠵᠢᠩ ᠳ᠋ᠦᠩ᠂ ᠱᠦᠨ  ᠹᠧᠩ ᠵᠡᠷᠭᠡ ᠨᠠᠷᠠᠲᠤ ᠲᠡᠮᠳᠡᠭᠲᠦ ᠪᠠᠷᠠᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠳᠤ ᠲᠦᠰᠢᠭᠯᠡᠨ᠂ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠣᠶᠤᠨᠴᠢ ᠳᠡᠭᠡᠭᠰᠢ ᠨᠡᠪᠲᠡᠷᠡᠬᠦ ᠬᠥᠮᠥᠷᠭᠡ ᠶᠢ ᠪᠠᠶᠢᠭᠤᠯᠵᠤ᠂ ᠳᠡᠭᠡᠭᠰᠢ ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠵᠦ᠂ ᠲᠠᠷᠢᠶᠠᠴᠢᠳ ᠲᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠠᠰᠢᠭ ᠲᠤᠰᠠ ᠶᠢ ᠡᠳ᠋ᠯᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠶᠢᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠢᠶᠠᠷ ᠠᠴᠢᠶᠠᠯᠠᠪᠤᠷᠢ ᠪᠣᠯᠭᠠᠵᠤ᠂ ᠠᠦ᠋ᠲ᠋ᠣᠴᠢᠯᠠᠭᠰᠠᠨ ᠲᠦᠷᠭᠡᠨ ᠲᠡᠭᠡᠭᠡᠪᠦᠷᠢ᠂ ᠲᠦᠷᠭᠡᠨ ᠬᠦᠷᠭᠡᠯᠲᠡ ᠶᠢᠨ ᠠᠮᠤᠷ ᠲᠦᠪᠰᠢᠨ ᠤ ᠪᠠᠶᠢᠴᠠᠭᠠᠯᠲᠠ᠂ ᠣᠶᠤᠨᠴᠢ ᠪᠠᠷ ᠰᠢᠷᠪᠢᠵᠦ ᠢᠯᠭᠠᠬᠤ ᠵᠡᠷᠭᠡ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠢᠵᠢ ᠪᠥᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠢ ᠨᠥᠯᠥᠭᠡᠯᠡᠭᠰᠡᠨ ᠤᠶᠤᠨᠲᠤ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠲᠥᠪ ᠢ ᠪᠠᠶᠢᠭᠤᠯᠤᠨ᠎ᠠ᠃     ᠪᠦᠬᠦ ᠣᠷᠣᠨ ᠪᠦᠰᠡ ᠶᠢᠨ ᠵᠤᠭᠠᠴᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠤᠯᠤᠰ ᠤᠨ ᠪᠥᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠵᠤᠭᠠᠴᠠᠯ ᠤᠨ ᠪᠥᠬᠦ ᠬᠦᠴᠦᠨ ᠵᠦᠢᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠲᠦᠷᠭᠡᠳᠬᠡᠵᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠡᠯᠪᠡᠭ ᠪᠠᠶᠠᠯᠢᠭ᠂ ᠠᠭᠤᠰᠤᠯᠴᠠᠨ ᠬᠥᠭᠵᠢᠭᠰᠡᠨ ᠪᠥᠬᠦ ᠣᠷᠣᠨ ᠪᠦᠰᠡ ᠶᠢᠨ ᠵᠤᠭᠠᠴᠠᠯ᠂ ᠳᠥᠷᠪᠡᠨ ᠤᠯᠠᠷᠢᠯ ᠤᠨ ᠵᠤᠭᠠᠴᠠᠯ ᠤᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠵᠤᠭᠠᠴᠠᠯ ᠤᠨ ᠲᠠᠸᠠᠷ ᠤᠨ ᠨᠡᠭᠡᠭᠡᠨ ᠬᠥᠭᠵᠢᠭᠦᠯᠦᠯᠲᠡ᠂ ᠰᠡᠯᠡᠭᠦᠴᠡᠯ ᠵᠤᠭ᠎ᠠ ᠴᠡᠩᠭᠡᠯ ᠤᠨ ᠲᠥᠷᠥᠯ ᠵᠦᠢᠯ᠂ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠤ ᠰᠠᠭᠤᠷᠢᠨ ᠭᠠᠵᠠᠷ᠂ ᠬᠤᠭᠤᠯᠠ ᠤᠮᠳᠠ ᠬᠤᠨᠤᠭ ᠪᠠᠭᠤᠳᠠᠯ ᠪᠠᠷᠠᠭ᠎ᠠ ᠬᠤᠳᠠᠯᠳᠤᠨ ᠠᠪᠬᠤ ᠵᠡᠷᠭᠡ ᠭᠤᠤᠯᠳᠠᠯᠭ᠎ᠠ ᠲᠠᠢ ᠬᠡᠰᠡᠭ ᠤᠨ ᠲᠣᠭᠤᠷᠢᠨ ᠳᠤ᠂ ᠲᠡᠭᠷᠢᠯᠢᠭ ᠬᠥᠪᠡᠭᠦᠨ ᠲᠡᠭᠷᠢ  ᠶᠢᠨ ᠬᠥᠯᠦᠭ D ᠲᠣᠭᠤᠷᠢᠭ᠂ ᠱᠧᠨ ᠵᠢᠶᠦ᠋ᠨ ᠸᠠᠨ ᠬᠤᠶᠠᠳᠤᠭᠠᠷ ᠬᠤᠭᠤᠴᠠᠭ᠎ᠠ ᠪᠠ ᠣᠯᠠᠨ ᠤᠯᠤᠰ ᠤᠨ ᠮᠣᠷᠢᠨ ᠤᠷᠤᠯᠳᠤᠭᠠᠨ ᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠶᠡᠭᠡ ᠬᠢᠩᠭᠠᠨ ᠳᠠᠪᠠᠭᠠᠨ ᠤ ᠠᠮᠢ ᠠᠬᠤᠶ ᠶᠢᠨ ᠰᠣᠶᠣᠯ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠵᠤᠭᠠᠴᠠᠭᠰᠠᠳ ᠢ ᠦᠨᠡᠨ ᠬᠦ ᠰᠠᠶᠢᠬᠠᠨ ᠨᠠᠭᠠᠳᠴᠤ᠂ ᠦᠯᠡᠳᠡᠭᠡᠵᠦ᠂ ᠠᠪᠴᠤ ᠶᠠᠪᠤᠵᠤ ᠳᠡᠶᠢᠯᠬᠦ ᠪᠣᠯᠭᠠᠨ᠎ᠠ᠃ ᠴᠢᠩᠭᠢᠰ ᠬᠠᠭᠠᠨ ᠰᠣᠶᠣᠯ ᠤᠨ ᠬᠦᠷᠢᠶᠡᠯᠡᠩ ᠤᠨ ᠲᠥᠷᠥᠯ ᠵᠦᠢᠯ ᠢ ᠡᠬᠢᠯᠡᠭᠦᠯᠵᠦ᠂ ᠤᠶᠤᠨᠲᠤ ᠦᠵᠡᠮᠵᠢ ᠶᠢᠨ ᠣᠷᠣᠨ᠂ ᠵᠤᠭᠠᠴᠠᠭᠰᠠᠳ ᠤᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ 5A ᠲᠠᠰ ᠤᠨ ᠦᠵᠡᠮᠵᠢ ᠶᠢᠨ ᠣᠷᠣᠨ ᠢ ᠴᠢᠷᠮᠠᠶᠢᠨ ᠡᠭᠦᠳᠬᠦ ᠳᠤ ᠬᠦᠴᠦᠨ ᠴᠢᠳᠠᠯ ᠢᠶᠠᠨ ᠬᠤᠷᠠᠮᠳᠤᠭᠤᠯᠤᠨ ᠬᠦᠴᠦ ᠨᠡᠮᠡᠨ᠎ᠡ᠃ ︽ᠵᠠᠭᠤᠨ ᠭᠠᠵᠠᠷ ᠤᠨ ᠬᠢᠩᠭᠠᠨ ᠲᠤᠲᠤᠷᠭ᠎ᠠ ᠶᠢᠨ ᠲᠡᠯᠡᠶ︾ ᠳᠤ ᠲᠦᠰᠢᠭᠯᠡᠨ᠂ ᠨᠢᠭᠡ ᠪᠦᠯᠦᠭ ᠤᠨᠴᠠᠯᠢᠬᠳᠤ ᠰᠣᠳᠣᠨ ᠠᠷᠠᠳ ᠤᠨ ᠣᠷᠣᠨ ᠰᠠᠭᠤᠴᠠ᠂ ᠲᠠᠷᠢᠶᠠᠴᠢᠨ ᠠᠶᠢᠯ ᠤᠨ ᠵᠤᠭᠠᠴᠠᠯ ᠢ ᠲᠡᠳᠬᠦᠨ ᠳᠡᠮᠵᠢᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠪᠥᠬᠦ ᠠᠶᠢᠮᠠᠭ ᠴᠢᠨᠠᠭᠰᠢᠯᠠᠪᠠᠯ ᠪᠥᠬᠦ ᠣᠷᠣᠨ ᠤ ᠲᠡᠷᠢᠭᠦᠨ ᠤ ᠲᠠᠷᠢᠶᠠᠯᠠᠩ ᠵᠤᠭᠠᠴᠠᠯ ᠠᠭᠤᠰᠤᠯᠴᠠᠭᠰᠠᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠰᠣᠶᠣᠯ ᠵᠤᠭᠠᠴᠠᠯ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠵᠤᠭᠠᠴᠠᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠵᠤ᠂ ᠵᠤᠭᠠᠴᠠᠯ ᠤᠨ ᠡᠬᠢ ᠪᠠᠶᠠᠯᠢᠭ ᠢ  ᠨᠡᠶᠢᠯᠡᠭᠦᠯᠵᠦ᠂ ᠨᠡᠶᠢᠭᠡᠮ ᠤᠨ ᠴᠢᠨᠠᠷ ᠰᠠᠶᠢᠲᠠᠶ ᠬᠥᠷᠥᠩᠭᠡ ᠶᠢ ᠣᠷᠣᠭᠤᠯᠤᠨ ᠠᠪᠴᠢᠷᠠᠵᠤ᠂ ᠵᠤᠭᠠᠴᠠᠯ ᠤᠨ ᠦᠢᠯᠡᠰ ᠤᠨ ᠵᠠᠬ᠎ᠠ ᠳᠡᠯᠭᠡᠭᠦᠷᠴᠢᠯᠡᠬᠦ᠂ ᠣᠨᠴᠠᠯᠢᠬᠵᠢᠭᠤᠯᠬᠤ᠂ ᠨᠠᠷᠠᠲᠤ ᠲᠥᠷᠥᠯ ᠲᠡᠮᠳᠡᠭᠵᠢᠭᠦᠯᠬᠦ ᠬᠥᠭᠵᠢᠯᠲᠡ ᠶᠢ ᠠᠬᠢᠭᠤᠯᠤᠨ᠎ᠠ᠃ ᠵᠡᠭᠦᠨ ᠬᠤᠶᠢᠲᠤ ᠶᠢᠨ ᠭᠤᠷᠪᠠᠨ ᠮᠤᠵᠢ᠂ ᠪᠡᠭᠡᠵᠢᠩ ᠲᠢᠶᠠᠨᠵᠢᠨ ᠾᠧᠪᠸᠢ ᠵᠢᠴᠢ ᠠᠶᠠᠯᠠᠯ ᠨᠡᠪᠲᠡᠷᠡᠬᠦ ᠬᠤᠲᠠ ᠶᠢᠨ ᠬᠠᠷᠠᠯᠲᠠᠲᠤ ᠬᠥᠮᠦᠰ ᠢ ᠴᠢᠩᠭ᠎ᠠ ᠠᠩᠬᠠᠷᠴᠤ᠂ ︽ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾ ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠤᠭᠴᠠᠵᠢᠭᠤᠯᠤᠨ ᠡᠵᠡᠩᠨᠡᠨ ᠪᠣᠷᠣᠯᠠᠭᠤᠯᠬᠤ ᠶᠢ ᠬᠡᠷᠡᠭᠵᠢᠭᠦᠯᠵᠦ᠂ ᠵᠤᠭᠠᠴᠠᠯ ᠤᠨ ᠬᠥᠮᠦᠨ ᠤ ᠲᠤᠭ᠎ᠠ ᠪᠠ ᠶᠡᠷᠦᠩᠬᠡᠶᠢᠯᠡᠭᠰᠡᠨ ᠣᠷᠣᠯᠭ᠎ᠠ ᠶᠢ ᠲᠣᠰ ᠲᠣᠰ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠵᠢᠷᠭᠤᠭ᠎ᠠ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠤᠶᠠᠨ ᠵᠢᠷᠭᠠᠯ ᠢ ᠨᠡᠮᠡᠭᠳᠡᠭᠦᠯᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ     ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠨᠡᠩ ᠤᠯᠠᠨ ᠨᠡᠩ ᠰᠠᠶᠢᠨ ᠬᠦᠷᠲᠡᠭᠡᠬᠦ ᠪᠠᠷ ᠴᠢᠷᠮᠠᠶᠢᠨ᠎ᠠ     ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠡᠮᠦᠷ ᠵᠠᠮ ᠤᠨ ᠪᠠᠷᠠᠭᠤᠨᠳᠡᠬᠢ ᠨᠢᠭᠡᠳᠦᠭᠡᠷ ᠪᠠᠭ᠎ᠠ ᠰᠤᠷᠭᠠᠭᠤᠯᠢ᠂ ᠡᠮᠦᠨ᠎ᠡ ᠲᠡᠭᠦᠷᠭᠡ ᠶᠢᠨ ᠦᠨᠳᠦᠰᠦᠲᠡᠨ ᠤ ᠬᠡᠦᠬᠡᠳ ᠤᠨ ᠴᠡᠴᠡᠷᠯᠢᠭ ᠢ ᠡᠬᠢᠯᠡᠨ ᠬᠡᠷᠡᠭᠯᠡᠵᠦ᠂ ᠬᠤᠩ ᠶᠦᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂  ᠪᠠᠢ ᠯᠤ᠋ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠰᠤᠷᠭᠠᠭᠤᠯᠢ ᠶᠢᠨ ᠵᠠᠬᠢᠷᠤᠯ ᠵᠢᠴᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠰᠤᠷᠲᠠᠬᠤᠨ ᠢ ᠪᠣᠶ ᠪᠣᠯᠭᠠᠨ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠢ ᠰᠠᠶᠢᠲᠤᠷ ᠳᠠᠭᠠᠭᠠᠨ ᠡᠷᠭᠢᠯᠡᠵᠦ᠂ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ ᠶᠢ ᠲᠦᠷᠭᠡᠳᠬᠡᠨ ᠪᠡᠶᠡᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠦᠷᠭᠦᠯᠵᠢᠯᠡᠨ ᠰᠠᠶᠢᠲᠤᠷ ᠡᠷᠭᠢᠯᠡᠨ᠎ᠡ᠃ ᠵᠠᠯᠠᠭᠤᠴᠤᠳ ᠤᠨ ᠪᠣᠯᠪᠠᠰᠤᠷᠠᠯ ᠤᠨ ᠲᠥᠪ ᠬᠢᠭᠡᠳ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠦᠲᠦᠮᠵᠢᠲᠡᠶ ᠵᠣᠯᠭᠠᠯᠴᠠᠭ᠎ᠠ ᠶᠢ ᠠᠬᠢᠭᠤᠯᠵᠤ᠂ ᠬᠥᠯ ᠪᠥᠮᠪᠦᠭᠡ ᠶᠢᠨ ᠵᠢᠭᠠᠨ ᠰᠤᠷᠭᠠᠯᠲᠠ᠂ ᠰᠤᠷᠭᠠᠭᠤᠯᠢ ᠶᠢᠨ ᠬᠤᠭᠤᠷᠣᠨᠳᠣᠬᠢ ᠬᠤᠯᠪᠣᠭᠠᠲᠤ ᠤᠷᠤᠯᠳᠤᠭᠠᠨ ᠤ ᠥᠷᠨᠢᠩᠭᠦᠶ ᠶᠠᠪᠤᠭᠳᠠᠬᠤ ᠶᠢ ᠳᠠᠶᠢᠴᠢᠯᠠᠨ᠎ᠠ᠃ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠢᠨ ᠲᠣᠭᠤᠷᠢᠨ ᠳᠤ᠂ ᠤᠯᠠᠭᠠᠠᠬᠤᠲᠠ ᠶᠢᠨ ᠰᠣᠶᠣᠯ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ᠂ ᠠᠯᠪᠠᠨ ᠵᠠᠷᠤᠴᠠ ᠬᠤᠨᠳᠠᠭᠠᠲᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ᠂ ᠡᠭᠦᠳᠡᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠴᠢᠨᠠᠷ ᠰᠠᠶᠢᠲᠠᠶ ᠰᠠᠶᠢᠲᠤᠷ ᠡᠷᠭᠢᠯᠡᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠴᠢᠩᠭᠢᠰ ᠤᠨ ᠰᠦᠮ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠠᠯᠪᠠᠯᠠᠬᠤ ᠭᠠᠵᠠᠷ ᠵᠡᠷᠭᠡ ᠰᠣᠶᠣᠯ ᠤᠨ ᠬᠠᠮᠠᠭᠠᠯᠠᠯᠲᠠ ᠶᠢᠨ ᠨᠢᠭᠡᠴᠡ ᠶᠢᠨ ᠰᠡᠯᠪᠢᠨ ᠵᠠᠰᠠᠬᠤ ᠲᠦᠷᠦᠯ ᠵᠦᠢᠯ ᠢ ᠭᠤᠶᠤᠴᠢᠯᠠᠨ ᠮᠡᠳᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠪᠠᠲᠤᠯᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠲᠠ ᠶᠢᠨ ᠡᠮᠨᠡᠯᠭᠡ ᠶᠢᠨ ᠬᠤᠷᠢᠶᠠᠨ ᠤ ᠳᠡᠭᠡᠳᠦ ᠨᠠᠷᠢᠯᠢᠭ ᠣᠷᠦ᠋ᠢᠯᠠᠭᠰᠠᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠳᠠᠪᠠᠭᠤᠯᠢᠭ ᠲᠤᠰᠬᠠᠶ ᠰᠠᠯᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠤ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠠᠠᠳᠣ ᠣᠨᠣᠰᠢᠯᠠᠨ ᠡᠮᠴᠢᠯᠡᠬᠦ ᠲᠥᠷᠥᠯ ᠵᠦᠢᠯ ᠢ ᠬᠥᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠠᠩᠬ᠎ᠠ ᠣᠨᠣᠰᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠨᠠᠩ ᠰᠢᠯᠢᠳᠡᠭ ᠪᠥᠭᠡᠳ ᠳᠥᠭᠦᠮ ᠳᠥᠲᠡ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠬᠦᠷᠲᠡᠭᠡᠨ᠎ᠡ᠃ ᠨᠡᠶᠢᠲᠡ ᠶᠢᠨ ᠮᠠᠰᠢᠨ ᠲᠡᠷᠭᠡ ᠶᠢ ᠰᠢᠨ᠎ᠡ ᠡᠨᠧᠷᠭᠢᠵᠢᠭᠦᠯᠬᠦ ᠠᠬᠢᠴᠠ ᠶᠢ ᠲᠦᠷᠭᠡᠳᠬᠡᠵᠦ᠂ ᠣᠶᠤᠨᠴᠢ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠯᠠᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃ ᠬᠥᠮᠦᠨ ᠤ ᠬᠦᠴᠦᠨ ᠢᠶᠠᠷ ᠰᠡᠷᠭᠡᠶᠢᠯᠡᠬᠦ᠂ ᠪᠣᠳᠠᠰ ᠤᠨ ᠬᠦᠴᠦᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠭᠠᠳᠠᠨ᠎ᠠ ᠠᠴᠠ ᠣᠷᠤᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠠᠶᠢᠩᠭᠤᠵᠢᠭᠤᠯᠤᠨ ᠪᠣᠳᠠᠲᠠᠶ ᠪᠠᠷ ᠠᠳᠬᠤᠵᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠠᠬᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠪᠠᠲᠤᠯᠠᠨ᠎ᠠ᠃     ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢᠨ ᠨᠡᠩ ᠢᠳᠡᠪᠬᠢᠲᠡᠶ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ︽ᠬᠥᠯᠥᠰᠥᠨ ᠠᠵᠢᠯ ᠬᠢᠬᠦ ᠳᠤ ᠰᠢᠭᠤᠳ ᠨᠡᠪᠲᠡᠷᠡᠬᠦ ᠲᠡᠷᠭᠡ︾᠂ ︽ᠡᠳᠦᠷ ᠤᠨ ᠬᠦᠴᠦ ᠶᠠᠪᠤᠭᠴᠢ ᠶᠢᠨ ᠬᠦᠲᠦᠴᠢ︾ ᠵᠡᠷᠭᠡ ᠲᠠᠪᠴᠠᠩ ᠳᠤ ᠲᠦᠰᠢᠭᠯᠡᠨ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠬᠥᠯᠥᠰᠥᠨ ᠠᠵᠢᠯᠴᠢᠨ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠬᠥᠮᠦᠰ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠨᠡᠩ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠲᠦᠯᠬᠢᠨ ᠠᠬᠢᠭᠤᠯᠵᠤ᠂ ᠨᠠᠰᠤᠵᠢᠯ ᠤᠨ ᠦᠨᠳᠦᠰᠦᠨ ᠠᠰᠠᠷᠠᠮᠵᠢ᠂ ᠡᠮ ᠡᠮᠨᠡᠯᠭᠡ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ᠂ ᠠᠵᠢᠯ ᠠᠯᠳᠠᠯᠲᠠ ᠶᠢᠨ ᠳᠠᠭᠠᠳᠬᠠᠯ ᠵᠡᠷᠭᠡ ᠠᠷᠠᠳ ᠲᠤ ᠠᠰᠢᠭᠲᠠᠶ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠤ ᠲᠠᠪᠤᠨ ᠪᠠᠲᠤᠯᠠᠭ᠎ᠠ ᠵᠡᠷᠭᠡ ᠪᠠᠲᠤᠯᠠᠭ᠎ᠠ ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠦᠷ ᠴᠠᠭ ᠤᠨ ᠠᠪᠤᠷᠠᠨ ᠲᠤᠰᠠᠯᠠᠯᠲᠠ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠨᠠᠷᠢᠯᠢᠭ ᠣᠨᠣᠴᠠᠲᠠᠶ ᠪᠠᠷ ᠠᠪᠤᠷᠠᠨ ᠲᠤᠰᠠᠯᠠᠵᠤ᠂ ᠬᠠᠮᠤᠷᠬᠤ ᠬᠡᠪᠴᠢᠶ᠎ᠡ ᠪᠠᠷ ᠨᠡᠩ ᠥᠷᠭᠡᠨ᠂ ᠶᠠᠰᠤ ᠴᠢᠨᠠᠷ ᠢᠶᠠᠷ ᠨᠡᠩ ᠥᠨᠳᠥᠷ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠶᠢ ᠲᠡᠳᠬᠦᠨ ᠳᠡᠮᠵᠢᠵᠦ᠂ ᠪᠥᠬᠦ ᠤᠯᠤᠰ ᠤᠨ ᠵᠢᠱᠢᠶ᠎ᠡ ᠦᠵᠡᠭᠦᠯᠬᠦ ᠮᠠᠶ᠋ᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ ᠪᠦᠬᠦ ᠬᠦᠴᠦᠨ ᠢᠶᠠᠷ ᠡᠭᠦᠳᠦᠨ ᠪᠠᠶᠢᠭᠤᠯᠤᠨ᠎ᠠ᠃ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠠᠯᠢᠩ ᠥᠷᠢᠲᠦᠬᠦ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠥᠯᠥᠰᠥᠨ ᠠᠵᠢᠯᠴᠢᠨ ᠤ ᠴᠠᠯᠢᠩ ᠥᠷᠢᠲᠦᠬᠦ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠨ᠎ᠡ᠃     ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠴᠢᠯᠡᠭᠡᠨ ᠤ ᠬᠠᠮᠤᠷᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽ᠬᠠᠷ᠎ᠠ ᠪᠦᠯᠦᠭᠲᠡᠨ ᠢ ᠠᠷᠢᠯᠭᠠᠨ ᠬᠠᠷᠭᠢᠰ ᠬᠦᠴᠦᠨ ᠢ  ᠤᠰᠠᠳᠬᠠᠬᠤ︾ ᠤᠷᠳᠤ ᠬᠤᠭᠤᠴᠠᠭᠠᠨ ᠤ ᠪᠦᠲᠦᠮᠵᠢᠲᠡᠶ ᠪᠠᠶᠢᠩᠭᠤ ᠶᠢᠨ ᠵᠠᠰᠠᠯᠲᠠ ᠶᠢ ᠲᠦᠯᠬᠢᠨ ᠠᠬᠢᠭᠤᠯᠵᠤ᠂ ᠱᠠᠯᠢᠭ ᠵᠠᠪᠬᠠᠶ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ᠂ ᠬᠤᠯᠠᠭᠠᠶᠢᠯᠠᠬᠤ ᠪᠤᠯᠢᠶᠠᠬᠤ ᠮᠡᠬᠡᠯᠡᠬᠦ᠂ ᠰᠦᠯᠵᠢᠶ᠎ᠡ ᠪᠠᠷ ᠶᠠᠯ᠎ᠠ ᠬᠢᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ ᠨᠡᠶᠢᠭᠡᠮ ᠤᠨ ᠵᠠᠰᠠᠯᠲᠠ ᠶᠢᠨ ᠵᠢᠯᠣᠭᠤᠳᠬᠤ ᠦᠢᠯᠡᠴᠢᠯᠡᠭᠡᠨ ᠤ ᠲᠥᠪ ᠲᠤ ᠲᠦᠰᠢᠭᠯᠡᠨ᠂ ︽ᠤᠯᠤᠰ ᠲᠦᠷᠦ ᠪᠠᠷ ᠵᠠᠰᠠᠬᠤ ᠥᠪᠡᠰᠦᠪᠡᠨ ᠵᠠᠰᠠᠬᠤ ᠬᠠᠤᠯᠢ ᠪᠠᠷ ᠵᠠᠰᠬᠠᠤ ᠮᠣᠷᠠᠯ   ᠢᠶᠠᠷ ᠵᠠᠰᠠᠬᠤ ᠤᠶᠤᠨ ᠢᠶᠠᠷ ᠵᠠᠰᠠᠬᠤ︾ ᠬᠠᠮᠵᠢᠯᠴᠠᠬᠤ ᠰᠢᠰᠲ᠋ᠧᠮ ᠢ ᠭᠦᠨᠵᠡᠭᠡᠶᠢᠷᠡᠭᠦᠯᠵᠦ᠂ ᠲᠤᠰᠬᠠᠶ ᠪᠠ ᠲᠤᠰᠢᠶᠠᠯ ᠬᠠᠪᠰᠤᠷᠭᠠᠭᠰᠠᠨ ᠰᠦᠯᠵᠢᠶᠡᠨ ᠤ ᠠᠵᠢᠯᠲᠠᠨ ᠤ ᠡᠩᠨᠡᠭᠡ ᠶᠢᠨ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ︽ᠭᠤᠷᠪᠠ ᠶᠢ ᠰᠤᠷᠪᠤᠯᠵᠢᠯᠠᠵᠤ ᠨᠢᠭᠡ ᠶᠢ ᠳᠠᠭᠠᠭᠠᠴᠢᠯᠠᠬᠤ︾᠂ ︽ᠬᠠᠷᠢᠭᠤᠴᠠᠯᠭ᠎ᠠ ᠶᠢᠨ ᠨᠠᠷᠢᠨ ᠳᠠᠩᠰᠠ︾ ᠵᠡᠷᠭᠡ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠦᠷᠭᠡᠪᠴᠢᠯᠡᠨ ᠰᠢᠢᠳᠪᠦᠷᠢᠯᠡᠵᠦ᠂ ᠤᠯᠠᠨ ᠲᠦᠮᠡᠨ ᠤ ᠵᠦᠢ ᠶᠣᠰᠣᠨ ᠤ ᠪᠠ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠲᠣᠬᠢᠲᠠᠶ ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠲᠥᠯᠬᠢᠨ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠥᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠨᠡᠯᠢᠶᠡᠳ ᠶᠡᠭᠡ ᠠᠴᠠ ᠳᠡᠭᠡᠭᠰᠢᠬᠢ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃     ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ     ᠲᠥᠯᠥᠭᠡᠯᠡᠭᠴᠢᠳ ᠡ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠬᠠᠷᠢᠭᠤᠴᠠᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠣᠯᠭᠠᠬᠤ ᠪᠣᠯ ᠵᠠᠰᠠᠭ ᠤᠨ ᠣᠷᠳᠣᠨ ᠤ ᠢᠮᠠᠭᠲᠠ ᠶᠢᠨ ᠠᠵᠢᠯ ᠤᠨ ᠴᠢᠭᠯᠡᠯ ᠪᠠ ᠲᠡᠮᠡᠴᠡᠯ ᠤᠨ ᠬᠠᠷᠠᠯᠲᠠ ᠮᠥᠨ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠤᠯᠤᠰ ᠤᠨ ᠶᠡᠭᠡ ᠬᠥᠮᠦᠰ︾ ᠢ ᠰᠡᠳᠬᠢᠯ ᠳᠡᠭᠡᠨ ᠪᠤᠳᠤᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃     ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠭᠤᠣᠯᠯᠠᠭᠴᠢ ᠶᠢ ᠬᠠᠮᠠᠭᠠᠯᠠᠵᠤ᠂ ᠢᠮᠠᠭᠲᠠ ᠦᠨᠡᠨᠴᠢ ᠰᠢᠳᠤᠷᠭᠤ ᠡᠷᠡᠰ ᠪᠠᠲᠤ ᠤᠯᠤᠰ ᠲᠦᠷᠦ ᠶᠢᠨ ᠴᠢᠭᠯᠡᠯ ᠢ ᠪᠠᠷᠢᠮᠲᠠᠯᠠᠨ᠎ᠠ᠃ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ︽ᠤᠯᠤᠰ ᠲᠦᠷᠦ ᠶᠢᠨ ᠭᠤᠷᠪᠠᠨ ᠬᠦᠴᠦᠨ︾ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ ᠶᠢ ᠪᠠᠲᠤᠯᠠᠨ᠎ᠠ᠃     ᠵᠣᠷᠢᠭᠲᠠᠢ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠠᠵᠢᠯ ᠤᠨ ᠰᠤᠷᠲᠠᠯ ᠢ ᠢᠮᠠᠭᠲᠠ ᠪᠠᠷᠢᠮᠲᠠᠯᠠᠨ᠎ᠠ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠨᠢᠭᠡ ᠪᠦᠯᠦᠭ ᠤᠯᠠᠨ ᠲᠦᠮᠡᠨ ᠤ ᠪᠤᠬᠢᠨᠢᠳᠤᠯ ᠲᠠᠢ ᠶᠠᠪᠤᠳᠠᠯ᠂ ᠰᠡᠳᠬᠢᠯ ᠢ ᠦᠢᠮᠡᠭᠦᠯᠬᠦ ᠶᠠᠪᠤᠳᠠᠯ᠂ ᠰᠡᠳᠬᠢᠯ ᠢ ᠵᠣᠪᠠᠭᠠᠬᠤ ᠶᠠᠪᠤᠳᠠᠯ ᠢ ᠬᠦᠴᠦᠯᠡᠨ ᠰᠢᠢᠳᠪᠦᠷᠢᠯᠡᠬᠦ ᠪᠠᠷ ᠴᠢᠷᠮᠠᠶᠢᠨ᠎ᠠ᠃ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ︽ᠠᠷᠠᠳ ᠲᠦᠮᠡᠨ ᠳᠤ ᠪᠦᠬᠦ ᠬᠦᠴᠦᠨ ᠢᠶᠠᠷ ᠦᠢᠯᠡᠴᠢᠯᠡᠬᠦ᠂ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ᠂ ᠰᠢᠷᠭᠠᠭᠤ ᠬᠠᠲᠠᠭᠤᠵᠢᠯᠲᠠᠶ ᠲᠡᠮᠡᠴᠡᠬᠦ︾ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠴᠢᠷᠮᠠᠶᠢᠨ ᠠᠵᠢᠯᠯᠠᠬᠤ ᠠᠵᠢᠯ ᠤᠨ ᠪᠠᠶᠢᠳᠠᠯ ᠢ ᠢᠮᠠᠭᠲᠠ ᠪᠠᠲᠤᠯᠠᠨ᠎ᠠ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠰᠢᠪᠠᠳᠠᠬᠤ ᠬᠤᠶᠠᠷ ᠲᠠᠯ᠎ᠠ ᠪᠠᠷ ᠬᠦᠴᠦᠯᠡᠬᠦ ᠶᠢ ᠠᠬᠢᠭᠤᠯᠵᠤ᠂ ᠠᠵᠢᠯ ᠬᠢᠬᠦ ᠰᠠᠨᠠᠭ᠎ᠠ ᠲᠠᠢ ᠬᠥᠮᠦᠰ ᠨᠢ ᠠᠵᠠ ᠲᠣᠬᠢᠶᠠᠯ ᠲᠠᠢ᠂ ᠠᠵᠢᠯ ᠬᠢᠵᠦ ᠳᠡᠶᠢᠯᠬᠦ ᠬᠥᠮᠦᠰ ᠨᠢ ᠲᠠᠪᠴᠠᠩ ᠲᠠᠢ᠂ ᠠᠵᠢᠯ ᠶᠠᠪᠤᠳᠠᠯ ᠪᠦᠲᠦᠭᠡᠭᠰᠡᠨ ᠬᠥᠮᠦᠰ ᠢ ᠨᠢ ᠬᠥᠬᠢᠭᠦᠯᠦᠨ ᠱᠠᠩᠨᠠᠨ᠎ᠠ᠃     ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠵᠤ᠂ ᠵᠢᠷᠤᠮ ᠢ ᠵᠢᠷᠤᠮᠵᠢᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠦᠨᠳᠦᠰᠦᠨ ᠪᠠᠷᠢᠮᠵᠢᠶ᠎ᠠ ᠶᠢ ᠢᠮᠠᠭᠲᠠ ᠬᠢᠴᠢᠶᠡᠩᠭᠦ᠋ᠢᠯᠡᠨ ᠵᠢᠷᠤᠮᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠭᠦᠢᠴᠡᠳᠬᠡᠵᠦ᠂ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ ᠪᠠ ᠬᠠᠤᠯᠢᠵᠢᠭᠤᠯᠤᠯᠲᠠ ᠶᠢ ᠲᠦᠯᠬᠢᠨ ᠠᠬᠢᠭᠤᠯᠵᠤ ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠠᠷᠠᠳ ᠤᠨ ᠰᠠᠨᠠᠭᠠᠨ ᠳᠤ ᠨᠡᠩ ᠣᠶᠢᠷᠠᠲᠤᠭᠤᠯᠵᠤ᠂ ᠠᠷᠠᠳ ᠤᠨ ᠰᠠᠨᠠᠭᠠᠨ ᠳᠤ ᠨᠡᠩ ᠨᠡᠶᠢᠴᠡᠭᠦᠯᠦᠨ᠎ᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠴᠢᠬᠤᠯᠠ ᠤᠴᠢᠷ ᠶᠠᠪᠤᠳᠠᠯ ᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠲᠥᠯᠥᠭᠡᠯᠡᠭᠴᠢᠳ ᠤᠨ ᠰᠠᠨᠠᠭᠤᠯᠭ᠎ᠠ᠂ ᠭᠡᠰᠢᠭᠦᠳ ᠤᠨ ᠰᠠᠨᠠᠯ ᠢ ᠭᠦᠢᠴᠡᠳᠭᠡᠬᠦ ᠶᠠᠰᠤ ᠴᠢᠨᠠᠷ ᠢ ᠣᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠦᠢᠯᠡᠳᠦᠯ ᠢ ᠳᠣᠪᠤᠶᠢᠯᠭᠠᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠶᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠶ ᠪᠠᠷ ᠠᠵᠢᠯ ᠶᠠᠪᠤᠳᠠᠯ ᠭᠦᠢᠴᠡᠳᠬᠡᠬᠦ᠂ ᠦᠨᠡᠨᠴᠢ ᠢᠲᠡᠭᠡᠮᠵᠢᠲᠡᠶ ᠪᠠᠷ ᠦᠢᠯᠡᠴᠢᠯᠡᠬᠦ ᠪᠠᠷ ᠠᠷᠠᠳ ᠤᠨ ᠢᠲᠡᠭᠡᠯ ᠢ ᠤᠯᠤᠨ᠎ᠠ᠃     ᠡᠷᠡᠰ ᠰᠢᠭᠤᠷᠬᠠᠶ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠠᠷᠠᠯ ᠢ ᠡᠰᠡᠷᠭᠦᠴᠡᠨ ᠭᠡᠮ ᠰᠣᠭᠤᠭ ᠢ ᠠᠷᠢᠯᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠠᠰᠠᠭ ᠪᠠᠷᠢᠬᠤ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠢᠮᠠᠭᠲᠠ ᠪᠠᠲᠤ ᠰᠠᠬᠢᠨ᠎ᠠ᠃ ᠰᠠᠬᠢᠯᠭ᠎ᠠ ᠪᠠᠲᠤ ᠶᠣᠰᠣ ᠲᠦᠷᠢᠮ ᠢ ᠴᠠᠭ ᠢᠮᠠᠭᠲᠠ ᠲᠡᠷᠢᠭᠦᠨ ᠳᠤ ᠲᠠᠯᠪᠢᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠰᠢᠨᠲᠠᠷᠠᠰᠢ ᠦᠭᠡᠢ ᠴᠢᠷᠮᠠᠶᠢᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠠᠷᠠᠳ ᠲᠤ ᠠᠰᠢᠭ ᠬᠦᠷᠲᠡᠭᠡᠬᠦ ᠪᠠᠯᠠ ᠮᠥᠩᠭᠦ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠯᠪᠠᠨ ᠲᠤᠰᠢᠶᠠᠯᠲᠠᠨ ᠤ ᠤᠯᠠᠨ ᠲᠦᠮᠡᠨ ᠤ ᠠᠰᠢᠭ ᠲᠤᠰᠠ ᠳᠤ ᠬᠠᠯᠳᠠᠭᠰᠠᠨ ᠪᠠ ᠢᠯᠵᠠᠷᠠᠯ ᠢ ᠦᠯᠦ ᠬᠠᠶᠢᠬᠤᠷᠤᠭᠰᠠᠨ ᠠᠰᠠᠭᠤᠳᠠᠯ ᠢ ᠴᠢᠩᠭ᠎ᠠ ᠵᠠᠯᠬᠠᠭᠠᠨ ᠰᠢᠳᠬᠡᠨ᠎ᠡ᠃ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠦᠷᠢᠮ ᠳᠤ ᠲᠦᠰᠢᠭᠯᠡᠨ ᠡᠷᠬᠡ ᠶᠢ ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ᠂ ᠬᠥᠮᠦᠨ ᠢ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠠᠷᠢᠭᠤᠨ ᠴᠢᠬᠡᠴᠢ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ ᠰᠠᠭᠤᠷᠢ ᠥᠩᠭᠡ ᠪᠣᠯᠭᠠᠨ᠎ᠠ᠃     ᠲᠥᠯᠥᠭᠡᠯᠡᠭᠴᠢᠳ ᠡ᠂ ᠡᠨᠡ ᠵᠢᠯ ᠪᠢᠳᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ︽ᠣᠯᠠᠨ ᠲᠦᠮᠡᠨ ᠳᠤᠷᠠᠳᠴᠤ᠂ ᠲᠥᠯᠥᠭᠡᠯᠡᠭᠴᠢ ᠲᠣᠭᠲᠠᠭᠠᠵᠤ᠂ ᠵᠠᠰᠠᠭ ᠤᠨ ᠣᠷᠳᠣᠨ ᠭᠦᠢᠴᠡᠳᠬᠡᠬᠦ︾ ᠣᠶᠢᠯᠠᠭᠠᠭᠳᠠᠬᠤᠨ ᠶᠣᠰᠤᠭᠠᠷ ᠂ ᠥᠷᠭᠡᠨ ᠢᠶᠠᠷ ᠡᠯᠰᠡᠨ ᠴᠤᠭᠯᠠᠭᠤᠯᠬᠤ ᠪᠠ ᠭᠦᠢᠴᠡᠳ ᠶᠠᠷᠢᠯᠴᠠᠬᠤ ᠪᠠᠷ ᠳᠡᠮᠵᠢᠨ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠰᠠᠷ ᠤᠨ ᠪᠥᠲᠥᠭᠡᠨ ᠪᠠᠶᠢᠭᠤᠯᠤᠯᠲᠠ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠳᠡᠪᠰᠢᠭᠦᠯᠦᠨ ᠥᠭᠡᠷᠡᠴᠢᠯᠡᠬᠦ ᠵᠡᠷᠭᠡ ᠠᠷᠠᠳ ᠤᠨ ᠠᠮᠢᠳᠤᠷᠠᠯ ᠤᠨ 6 ᠵᠦᠢᠯ ᠤᠨ ᠪᠣᠳᠠᠲᠤ ᠶᠠᠪᠤᠳᠠᠯ ᠢ ᠵᠢᠱᠢᠭᠳᠡᠭᠴᠢ ᠶᠢᠨ ᠵᠦᠢᠯᠡᠰ  ᠢᠶᠠᠷ ᠡᠮᠬᠢᠯᠡᠨ ᠳᠢᠭᠯᠡᠵᠦ᠂ ᠲᠥᠯᠥᠭᠡᠯᠡᠭᠴᠢᠳ ᠲᠤ ᠪᠢᠯᠧᠲ ᠥᠭᠴᠦ ᠰᠢᠢᠳᠪᠦᠷᠢᠯᠡᠭᠦᠯᠬᠦ ᠪᠠᠷ ᠳᠡᠪᠰᠢᠭᠦᠯᠵᠡᠢ᠃ ᠪᠢᠳᠡ ᠲᠥᠯᠥᠭᠡᠯᠡᠭᠴᠢᠳ ᠤᠨ ᠪᠢᠯᠧᠲ ᠢᠶᠠᠷ ᠲᠠᠰᠤᠯᠤᠭᠰᠠᠨ ᠦᠷ᠎ᠡ ᠳ᠋ᠦᠩ ᠢ ᠦᠨᠳᠦᠰᠦᠯᠡᠨ᠂ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠨ᠎ᠠ᠃     ᠲᠥᠯᠥᠭᠡᠯᠡᠭᠴᠢᠳ ᠡ︕ ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠳᠠᠭᠠᠭᠠᠯᠭᠠᠵᠤ᠂ ᠰᠢᠨ᠎ᠡ ᠬᠠᠷᠠᠯᠲᠠ ᠰᠢᠨ᠎ᠡ ᠠᠶᠠᠨ ᠢ ᠡᠬᠢᠯᠡᠭᠦᠯᠵᠠᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠪᠣᠳᠠᠲᠠᠶ ᠠᠵᠢᠯᠯᠠᠬᠤ ᠶᠢ ᠴᠢᠬᠤᠯᠠᠴᠢᠯᠠᠵᠤ᠂ ᠴᠢᠩᠭ᠎ᠠ ᠬᠡᠷᠡᠭᠵᠢᠭᠦᠯᠦᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠶᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠵᠠᠭᠠᠶ᠎ᠠ︕        ︽ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ︾ ᠶᠢᠨ ᠨᠡᠷ᠎ᠡ ᠦᠭᠡ᠂ ᠲᠣᠪᠴᠢᠯᠠᠭᠰᠠᠨ ᠦᠭᠡ ᠶᠢᠨ ᠲᠠᠶᠢᠯᠪᠤᠷᠢᠯᠠᠯᠲᠠ     1. ᠨᠢᠭᠡ ᠴᠣᠭᠴᠠᠲᠤ ᠬᠤᠶᠠᠷ ᠵᠢᠭᠦᠷ᠄ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠳᠤᠷᠠᠳᠤᠭᠰᠠᠨ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠢᠶᠠᠷ ᠭᠤᠤᠯ ᠴᠣᠭᠴᠠ ᠪᠣᠯᠭᠠᠵᠤ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠢᠶᠠᠷ ᠬᠤᠶᠠᠷ ᠵᠢᠭᠦᠷ ᠪᠣᠯᠭᠠᠭᠰᠠᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠵᠢᠭᠠᠵᠤ ᠪᠣᠶ᠃     2. ᠲᠠᠪᠤᠨ ᠶᠡᠭᠡ ᠠᠵᠢᠯᠯᠠᠭ᠎ᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠠᠶ ᠱᠠᠭᠠᠷᠳᠠᠯᠭ᠎ᠠ ᠶᠢᠨ ᠲᠣᠭᠤᠷᠢᠨ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠰᠠᠭᠤᠷᠢ ᠶᠢ ᠥᠭᠡᠷᠡᠴᠢᠯᠡᠬᠦ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ ᠶᠢ ᠠᠬᠢᠭᠤᠯᠬᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠤᠶᠢᠵᠢᠭᠤᠯᠬᠤ ᠵᠡᠷᠭᠡ ᠪᠣᠳᠠᠲᠠᠶ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ ᠶᠢ ᠵᠢᠭᠠᠵᠤ ᠪᠣᠶ᠃     3. ︽ᠬᠤᠶᠠᠷ ᠬᠠᠷᠢᠭᠤᠴᠠᠯᠭ᠎ᠠ︾ ᠶᠢᠨ ᠬᠢᠨᠠᠨ ᠪᠤᠳᠤᠯᠳᠠ᠄ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠠᠴᠠ ᠡᠯ᠎ᠡ ᠬᠤᠰᠢᠭᠤ ᠰᠢᠶᠠᠨ ᠬᠤᠳᠠ ᠲᠣᠭᠤᠷᠢᠭ ᠤᠨ ᠨᠠᠮ ᠵᠠᠰᠠᠭ ᠤᠨ ᠭᠤᠣᠯ ᠤᠳᠤᠷᠢᠳᠬᠤ ᠺᠠᠳ᠋ᠷ ᠲᠤ ᠥᠷᠨᠢᠭᠦᠯᠦᠭᠰᠡᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠪᠠ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠵᠢᠭᠠᠵᠤ ᠪᠤᠢ᠃     4. ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ︽ᠳᠥᠷᠪᠡᠨ  ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠄ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠤ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠴᠢᠯᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃     5. ᠭᠤᠷᠪᠠᠨᠲᠠ ᠤᠷᠢᠵᠤ ᠭᠤᠷᠪᠠᠨᠲᠠ ᠬᠠᠷᠢᠭᠤᠯᠬᠤ᠄ ᠨᠤᠲᠤᠭ ᠤᠨ ᠨᠥᠬᠦᠳ ᠢ ᠤᠷᠢᠵᠤ ᠨᠤᠲᠤᠭ ᠲᠤᠨᠢ ᠬᠠᠷᠢᠭᠤᠯᠬᠤ᠂ ᠰᠤᠷᠭᠠᠭᠤᠯᠢ ᠶᠢᠨ ᠨᠠᠶᠢᠵᠠ ᠶᠢ ᠤᠷᠢᠵᠤ ᠡᠭᠡ ᠰᠤᠷᠭᠠᠭᠤᠯᠢ ᠳᠤᠨᠢ ᠬᠠᠷᠢᠭᠤᠯᠬᠤ᠂ ᠲᠠᠶᠢᠴᠢᠨ ᠨᠥᠬᠦᠳ ᠢ ᠤᠷᠢᠵᠤ ᠰᠠᠭᠤᠭ᠎ᠠ ᠭᠠᠵᠠᠷ ᠲᠤ ᠨᠢ ᠬᠠᠷᠢᠭᠤᠯᠬᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠡᠪ ᠵᠠᠭᠪᠤᠷ ᠢ ᠬᠡᠯᠡᠵᠦ ᠪᠠᠶᠢᠨ᠎ᠠ᠃     6. ︽ᠳᠥᠷᠪᠡᠨ ᠬᠠᠮᠤᠭ ᠤᠨ︾ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠄ ᠬᠢᠨᠠᠨ ᠵᠥᠪᠰᠢᠶᠡᠷᠡᠬᠦ ᠵᠦᠢᠯᠡᠰ ᠢᠶᠠᠷ ᠬᠠᠮᠤᠭ ᠤᠨ ᠴᠥᠭᠡᠨ᠂ ᠠᠵᠢᠯ ᠤᠨ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠢᠶᠠᠷ ᠬᠠᠮᠤᠭ ᠤᠨ ᠰᠢᠯᠢᠳᠡᠭ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ ᠢᠶᠠᠷ ᠬᠠᠮᠤᠭ ᠤᠨ ᠴᠢᠩᠭ᠎ᠠ᠃     7. ︽ᠬᠤᠶᠠᠷ ᠬᠠᠯᠬᠠᠪᠴᠢ︾, ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠄ ᠰᠢ ᠶᠢᠨ ᠫᠢᠩ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠲᠡᠷᠢᠭᠦᠨ ᠳᠤ ᠲᠠᠯᠪᠢᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃     8. ᠪᠤᠭᠤᠷᠤᠯᠴᠤᠳ ᠤᠨ ᠠᠵᠤ ᠠᠬᠤᠶ᠄ ᠪᠠᠰᠠ ᠨᠠᠰᠤᠲᠠᠶᠢᠴᠤᠳ ᠤᠨ ᠠᠵᠤ ᠦᠢᠯᠡᠰ᠂  ᠦᠲᠡᠭᠦᠰ ᠤᠨ ᠠᠵᠤ ᠦᠢᠯᠡᠰ ᠭᠡᠳᠡᠭ᠂ ᠲᠡᠷᠡ ᠨᠢ ᠨᠡᠶᠢᠭᠡᠮ ᠤᠨ ᠨᠠᠰᠤᠵᠢᠯᠲᠠ ᠶᠢ ᠳᠠᠭᠠᠯᠳᠤᠨ ᠪᠤᠢ ᠪᠣᠯᠤᠭᠰᠠᠨ ᠲᠤᠰᠬᠠᠶᠢᠯᠠᠨ ᠨᠠᠰᠤᠲᠠᠶᠢᠴᠤᠳ ᠤᠨ ᠬᠡᠷᠡᠭᠯᠡᠭᠡ ᠳᠤ ᠦᠢᠯᠡᠴᠢᠯᠡᠬᠦ ᠠᠵᠤ ᠦᠢᠯᠡᠰ ᠢ ᠵᠢᠭᠠᠵᠤ ᠪᠠᠶᠢᠨ᠎ᠠ᠃     9. ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ︽ᠭᠤᠷᠪᠠᠨ ᠵᠤᠷᠪᠤᠰ ᠤᠯᠠᠭᠠᠨ ᠱᠤᠭᠤᠮ︾᠄ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠤᠰᠤ ᠬᠡᠷᠡᠭᠯᠡᠬᠦ ᠦᠷ᠎ᠡ ᠪᠦᠲᠦᠮᠵᠢ᠂ ᠤᠰᠤᠨ ᠤ ᠴᠢᠳᠠᠮᠵᠢ ᠶᠢᠨ ᠬᠢᠵᠠᠭᠠᠷᠯᠠᠯ ᠤᠨ ᠪᠣᠬᠢᠷᠲᠤᠯ ᠢ ᠬᠤᠷᠢᠶᠠᠬᠤ ᠶᠢ ᠡᠵᠡᠮᠳᠡᠬᠦ ᠤᠯᠠᠭᠠᠨ ᠱᠤᠭᠤᠮ ᠢ ᠵᠢᠭᠠᠵᠤ ᠪᠣᠶ᠃ 10. ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠳᠤᠷ᠎ᠠ ᠪᠠᠷ ᠢᠶᠠᠨ ᠪᠠᠶᠢᠬᠤ ᠶᠢ ᠠᠷᠢᠯᠭᠠᠬᠤ︾ ᠠᠵᠢᠯᠯᠠᠭ᠎ᠠ᠄ ᠤᠰᠤᠨ ᠠᠰᠢᠭᠯᠠᠯᠲᠠ ᠶᠢᠨ ᠶᠠᠮᠤᠨ ᠠᠴᠠ ᠪᠠᠶᠢᠷᠢᠯᠠᠭᠤᠯᠵᠤ᠂ ᠪᠦᠬᠦ ᠤᠯᠤᠰ ᠤᠨ ᠬᠡᠪᠴᠢᠶᠡᠨ ᠳᠤ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠳᠤᠪᠤᠶᠢᠮ᠎ᠠ ᠠᠰᠠᠭᠤᠳᠠᠯ ᠳᠤ ᠲᠤᠰᠬᠠᠶ ᠵᠦᠢᠯ ᠢᠶᠠᠷ ᠢᠯᠭᠠᠷᠠᠭᠤᠯᠤᠨ ᠴᠡᠭᠴᠡᠯᠡᠬᠦ ᠠᠵᠢᠯᠯᠠᠭ᠎ᠠ ᠥᠷᠨᠢᠭᠦᠯᠬᠦ ᠶᠢ ᠵᠢᠭᠠᠵᠤ ᠪᠠᠶᠢᠨ᠎ᠠ᠃     11. EPC ︵ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ︶᠄ ᠺᠣᠮᠫᠠᠨᠢ ᠨᠢ ᠥᠮᠴᠢᠲᠡᠨ ᠤ ᠨᠠᠶᠢᠳᠠᠯᠭ᠎ᠠ ᠪᠠᠷ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠵᠢᠷᠤᠵᠤ ᠲᠥᠯᠥᠪᠯᠡᠬᠦ᠂ ᠬᠤᠳᠠᠯᠳᠤᠨ ᠠᠪᠬᠤ᠂ ᠪᠠᠷᠢᠯᠭ᠎ᠠ ᠪᠠᠷᠢᠬᠤ᠂ ᠲᠤᠷᠰᠢᠨ ᠠᠵᠢᠯᠯᠠᠭᠤᠯᠬᠤ ᠵᠡᠷᠭᠡ ᠳᠤ ᠪᠦᠬᠦ ᠶᠠᠪᠤᠴᠠ ᠪᠤᠶᠤ ᠡᠳᠦᠶ ᠲᠡᠳᠦᠶ ᠱᠠᠳᠤ ᠦᠶ᠎ᠡ ᠪᠠᠷ ᠳᠠᠭᠠᠭᠠᠴᠢᠯᠠᠬᠤ ᠶᠢ ᠵᠢᠭᠠᠵᠤ ᠪᠠᠶᠢᠨ᠎ᠠ᠃     12. ᠡᠯᠧᠺᠲᠷᠣᠨ ᠬᠤᠳᠠᠯᠳᠤᠭᠠᠨ ᠤ ᠲᠠᠪᠤᠨ ᠶᠡᠭᠡ ᠰᠢᠰᠲ᠋ᠧᠮ ᠤᠨ ᠪᠥᠲᠥᠭᠡᠨ ᠪᠠᠶᠢᠭᠤᠯᠤᠯᠲᠠ᠄ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠰᠤᠳᠤᠯᠤᠨ ᠲᠣᠭᠲᠠᠭᠠᠭᠰᠠᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠤᠨ ᠬᠥᠮᠦᠵᠢᠭᠦᠯᠬᠦ ᠰᠢᠰᠲ᠋ᠧᠮ ᠪᠣᠯᠤᠨ᠎ᠠ᠂ ᠬᠤᠲᠠ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠪᠠᠷᠠᠭ᠎ᠠ ᠶᠢᠨ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮ᠂ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠭᠠᠳᠤ ᠶᠢᠨ ᠣᠷᠴᠢᠯ ᠦᠢᠯᠡᠴᠢᠯᠡᠭᠡᠨ ᠤ ᠰᠢᠰᠲ᠋ᠧᠮ᠂ ᠠᠵᠤ ᠦᠢᠯᠡᠳᠪᠦᠷᠢ ᠶᠢᠨ ᠦᠢᠯᠡᠳᠬᠦᠨ ᠤ ᠭᠠᠳᠠᠭᠰᠢ ᠶᠠᠪᠤᠬᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠵᠡᠷᠭᠡ ︽ᠲᠠᠪᠤᠨ ᠶᠡᠭᠡ ᠰᠢᠰᠲ᠋ᠧᠮ︾ ᠢ ᠵᠢᠭᠠᠵᠤ ᠪᠣᠶ᠃  
 
ᠢᠷᠡᠯᠲᠡ᠄ ᠤᠯᠠᠭᠠᠨᠬᠤᠲᠠ ᠶᠢᠨ ᠬᠠᠮᠢᠶᠠᠷᠤᠭᠴᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号