— ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ | ᠠᠶᠢᠮᠠᠭ ᠤᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠦᠢᠯᠡᠰ ᠤᠨ ᠬᠦᠭᠵᠢᠯᠳᠠ ᠶᠢ ᠲᠡᠮᠳᠡᠭᠯᠡᠪᠡ | ᠴᠡᠴᠡᠷᠯᠢᠭ ᠤᠨ ᠬᠡᠥᠬᠡᠳ ᠪᠤᠯ ᠤᠯᠤᠰ ᠪᠠ ᠦᠨᠳᠦᠰᠦᠳᠡᠨ ᠤ ᠢᠷᠡᠭᠡᠳᠤᠢ᠂ ᠴᠡᠴᠡᠷᠯᠢᠭ ᠤᠨ ᠬᠡᠥᠬᠡᠳ ᠢ | ᠰᠠᠶᠢᠳᠤᠷ ᠬᠦᠮᠦᠵᠢᠭᠦᠯᠬᠦ ᠪᠤᠯ ᠢᠷᠡᠭᠡᠳᠦᠢ ᠶᠢᠨ ᠲᠤᠯᠭᠠᠭᠤᠷᠢ ᠬᠦᠴᠦᠨ ᠢ ᠰᠠᠶᠢᠳᠤᠷ ᠬᠦᠮᠦᠵᠢᠭᠦᠯᠵᠦ ᠪᠠᠶᠢᠭ᠎ᠠ | ᠶᠠᠪᠤᠳᠡᠯ ᠪᠤᠯᠬᠤ ᠶᠤᠮ᠃ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢ᠂ ᠮᠠᠨ ᠤ ᠠᠶᠢᠮᠠᠭ ᠰᠤᠷᠬᠤ | ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠢ ᠪᠦᠬᠦ ᠬᠦᠴᠤᠨ ᠢᠶᠠᠷ ᠬᠦᠭᠵᠢᠬᠦᠯᠵᠤ᠂ ᠰᠤᠷᠬᠤ ᠨᠠᠰᠤᠨ ᠠᠴᠠ | ᠡᠮᠤᠨᠡᠬᠢ ᠬᠡᠥᠬᠡᠳ ᠲᠤ ᠰᠤᠷᠭᠠᠨ ᠬᠦᠮᠦᠵᠢᠯ ᠬᠦᠷᠳᠡᠭᠦ ᠤᠬᠢ ᠰᠠᠶᠢᠨ ᠤᠷᠴᠢᠨ ᠨᠦᠬᠦᠴᠡᠯ ᠬᠠᠩᠭᠠᠵᠦ᠂ ᠰᠢᠯᠢᠳᠡᠭ | ᠰᠠᠶᠢᠨ ᠵᠢᠭᠠᠨ ᠰᠤᠷᠭᠠᠯᠳᠠ ᠪᠠᠷ ᠰᠢᠨ᠎ᠠ ᠡᠷᠡᠨ ᠤ ᠬᠡᠤᠬᠡᠳ ᠢ ᠬᠦᠮᠦᠵᠢᠭᠦᠯᠬᠦ ᠵᠤᠷᠢᠯᠭ᠎ᠠ ᠳᠤ ᠪᠠᠨ ᠬᠦᠷᠦᠭᠰᠡᠨ ᠪᠠᠶᠢᠨ᠎ᠠ | ᠃ | ᠤᠳᠤᠬᠠᠨ ᠳᠤ᠂ ᠮᠠᠨ ᠤ ᠠᠶᠢᠮᠠᠭ ᠬᠤᠳᠠ ᠶᠢᠨ ᠬᠡᠥᠬᠡᠳ ᠤᠨ ᠴᠡᠴᠡᠷᠯᠢᠭ ᠪᠠ ᠰᠤᠮᠤ ᠰᠢᠶᠠᠩ ᠪᠠᠯᠭᠠᠰᠤᠡ ᠤ | ᠭᠤᠥᠯ ᠬᠡᠥᠬᠡᠳ ᠤᠨ ᠴᠡᠴᠡᠷᠯᠢᠭ ᠢᠶᠠᠷ ᠭᠤᠤᠯ ᠪᠤᠯᠭᠠᠵᠦ᠂ ᠭᠠᠴᠠᠭ᠎ᠠ ᠲᠤᠰᠬᠤᠨ ᠠᠴᠠ ᠡᠷᠬᠢᠯᠡᠭᠰᠡᠨ ᠬᠡᠥᠬᠡᠳ ᠤᠨ | ᠴᠡᠴᠡᠷᠯᠢᠭ ᠢᠶᠠᠷ ᠰᠠᠭᠤᠷᠢ ᠪᠤᠯᠭᠠᠭᠰᠠᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠭᠤᠷᠪᠠᠨ | ᠱᠠᠳᠤᠨ ᠤ ᠦᠢᠯᠡᠴᠢᠯᠡᠭᠡᠨ ᠤ ᠰᠢᠰᠲ᠋ᠧᠮ ᠢ ᠦᠨᠳᠤᠰᠤᠨ ᠳᠤ ᠪᠠᠨ ᠪᠦᠷᠢᠯᠳᠤᠬᠦᠯᠪᠡ᠃ ᠰᠤᠷᠬᠤ ᠨᠠᠰᠤᠨ ᠠᠴᠠ | ᠡᠮᠤᠨᠡᠬᠢ ᠬᠡᠤᠬᠡᠳ ᠤᠨ ᠴᠡᠴᠡᠷᠯᠢᠭ ᠲᠤ ᠤᠷᠤᠬᠰᠠᠨ ᠨᠤᠷᠮ᠎ᠠ 97.50% ᠳᠤ ᠬᠦᠷᠴᠦ᠂ ᠠᠯᠪᠠᠨ ᠠᠴᠠ | ᠡᠷᠬᠢᠯᠡᠭᠰᠡᠨ ᠬᠡᠥᠬᠡᠳ ᠤᠨ ᠴᠡᠴᠡᠷᠯᠢᠭ 50.52% ᠢ ᠡᠵᠡᠯᠡᠨ᠂ ᠲᠦᠭᠡᠮᠡᠯ ᠬᠠᠷᠠᠭᠠᠯᠵᠠᠯ ᠤᠨ ᠴᠢᠨᠡᠷ ᠲᠠᠢ | ᠬᠡᠥᠬᠡᠳ ᠤᠨ ᠴᠡᠴᠡᠷᠯᠢᠭ ᠤᠨ ᠪᠦᠷᠭᠦᠴᠡ ᠶᠢᠨ ᠨᠤᠷᠮ᠎ᠠ 83.93% ᠳᠤ ᠲᠤᠯᠵᠤ᠂ ᠤᠯᠤᠰ ᠪᠠ ᠦᠪᠡᠷᠳᠡᠭᠡᠨ | ᠵᠠᠰᠠᠬᠤ ᠤᠷᠤᠨ ᠠᠴᠠ ᠲᠤᠭᠳᠠᠭᠠᠭᠰᠠᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠦᠢᠯᠡᠰ ᠤᠨ | ᠬᠦᠭᠵᠢᠯᠳᠠ ᠳᠠᠬᠢ 2020 ᠤᠨ ᠤ ᠬᠠᠷᠠᠯᠳᠠ ᠡᠭᠦᠷᠭᠡ ᠶᠢ ᠴᠢᠨᠠᠷ ᠰᠠᠶᠢᠳᠠᠢ ᠪᠡᠶᠡᠯᠡᠬᠦᠯᠵᠠᠢ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠠᠶᠢᠮᠠᠭ | ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠤᠨ ᠪᠠᠶᠢᠭᠤᠯᠤᠯᠳᠠ ᠶᠢ ᠠᠬᠢᠭᠤᠯᠵᠦ᠂ ᠠᠯᠪᠠᠨ ᠠᠴᠠ | ᠡᠷᠬᠢᠯᠡᠭᠰᠡᠨ ᠬᠡᠥᠬᠡᠳ ᠤᠨ ᠴᠡᠴᠡᠷᠯᠢᠭ ᠤᠨ ᠡᠵᠡᠯᠡᠬᠦ ᠨᠤᠷᠮ᠎ᠠ ᠶᠢ ᠪᠠᠳᠤᠳᠠᠢ ᠲᠡᠭᠡᠭᠰᠢᠯᠡᠬᠦᠯᠤᠨ᠂ ︽ᠬᠢᠩᠭᠠᠨ | ᠠᠶᠢᠮᠠᠭ ᠤᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠭᠤᠷᠪᠠᠳᠤᠭᠠᠷ ᠬᠤᠭᠤᠴᠠᠭᠠᠨ ᠤ | ᠠᠵᠢᠯᠯᠠᠭᠠᠨ ᠤ ᠲᠦᠯᠤᠪᠵᠢᠬᠦᠯᠭᠡ ︵2017 — 2020 ᠤᠨ︶︾ ᠳᠠᠬᠢ ᠬᠡᠥᠬᠡᠳ ᠤᠨ ᠴᠡᠴᠡᠷᠯᠢᠭ | ᠪᠠᠶᠢᠭᠤᠯᠬᠤ ᠲᠦᠷᠤᠯ ᠵᠦᠢᠯ ᠢ ᠲᠤᠭᠳᠠᠭᠰᠠᠨ ᠬᠤᠭᠤᠴᠠᠭᠠᠨ ᠳᠤ ᠲᠠᠭᠤᠰᠬᠠᠪᠠ︔ ᠭᠤᠤᠯ ᠪᠠᠷᠢᠯᠭ᠎ᠠ ᠶᠢ | ᠲᠠᠭᠤᠰᠬᠠᠭᠰᠠᠨ ᠲᠦᠴᠢᠤᠸᠠᠨ ᠰᠢᠶᠠᠨ ᠤ ᠲᠠᠪᠤᠳᠤᠭᠠᠷ ᠬᠡᠥᠬᠡᠳ ᠤᠨ ᠴᠡᠴᠡᠷᠯᠢᠭ᠂ ᠵᠠᠯᠠᠶᠢᠳ ᠬᠤᠰᠢᠭᠤᠨ ᠤ | ᠭᠤᠷᠪᠠᠳᠤᠭᠠᠷ ᠬᠡᠥᠬᠡᠳ ᠤᠨ ᠴᠡᠴᠡᠷᠯᠢᠭ ᠵᠡᠷᠭᠡ ᠬᠤᠳᠠ ᠪᠠᠯᠭᠠᠰᠤᠡ ᠤ 4 ᠰᠠᠭᠤᠷᠢ ᠬᠡᠥᠬᠡᠳ ᠤᠨ ᠴᠡᠴᠡᠷᠯᠢᠭ ᠤᠨ | ᠲᠠᠭᠠᠯᠳᠤᠭᠰᠠᠨ ᠲᠤᠨᠤᠭ ᠲᠦᠬᠦᠭᠡᠷᠤᠮᠵᠢ ᠶᠢ ᠲᠡᠭᠦᠯᠳᠡᠷᠵᠢᠭᠦᠯᠵᠦ᠂ ᠪᠠᠭᠰᠢ ᠶᠢ ᠰᠠᠶᠢᠳᠤᠷ ᠲᠤᠬᠢᠷᠠᠭᠤᠯᠤᠨ᠂ ᠨᠢᠭᠡᠨᠳᠠ | ᠠᠰᠢᠭᠯᠠᠯᠳᠠ ᠳᠤ ᠤᠷᠤᠭᠤᠯᠪᠠ︔ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠤᠨ ᠦᠢᠯᠡᠴᠢᠯᠡᠭᠡᠨ ᠤ | ᠶᠠᠰᠤ ᠴᠢᠨᠠᠷ ᠢ ᠲᠡᠭᠡᠭᠰᠢᠯᠡᠬᠦᠯᠵᠤ᠂ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠪᠠ ᠭᠤᠥᠯ ᠬᠡᠥᠬᠡᠳ ᠤᠨ | ᠴᠡᠴᠡᠷᠯᠢᠭ ᠤᠨ ᠰᠤᠷᠤᠭᠴᠢ ᠡᠯᠰᠡᠬᠦ ᠶᠢ ᠪᠦᠷᠢᠨ ᠲᠤᠭ᠎ᠠ ᠪᠠᠷ ᠬᠦᠢᠴᠡᠳ ᠪᠡᠶᠡᠯᠡᠬᠦᠯᠥᠭᠰᠡᠨ ᠪᠠᠶᠢᠨ᠎ᠠ᠃ | ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠪᠡᠯᠡ ᠤᠷᠤᠭᠤᠯᠤᠯᠳᠠ ᠶᠢ ᠨᠡᠮᠡᠭᠳᠡᠬᠦᠯᠵᠤ᠂ ᠰᠤᠷᠬᠤ | ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠲᠦᠭᠡᠮᠡᠯ ᠬᠠᠷᠠᠭᠠᠯᠵᠠᠯ ᠤᠨ ᠴᠢᠨᠠᠷ ᠲᠠᠢ ᠵᠠᠷᠤᠳᠠᠯ ᠤᠨ | ᠪᠠᠳᠤᠯᠠᠭ᠎ᠠ ᠶᠢᠨ ᠲᠤᠭᠳᠠᠴᠠ ᠶᠢ ᠪᠠᠶᠢᠭᠤᠯᠵᠠᠢ᠃ 2016 ᠤᠨ ᠠᠴᠠ 2020 ᠤᠨ ᠪᠤᠯᠳᠠᠯ᠎ᠠ᠂ ᠮᠠᠨ ᠤ ᠠᠶᠢᠮᠠᠭ | ᠬᠦᠳᠡᠭᠡ ᠲᠤᠰᠬᠤᠨ ᠤ ᠠᠷᠠᠳ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠪᠠ ᠠᠯᠪᠠᠨ ᠠᠴᠠ ᠡᠷᠭᠢᠯᠡᠭᠰᠡᠨ | ᠬᠡᠥᠬᠡᠳ ᠤᠨ ᠴᠡᠴᠡᠷᠯᠢᠭ ᠲᠤ ᠪᠡᠯᠡ ᠤᠷᠤᠭᠤᠯᠵᠦ ᠬᠠᠪᠰᠤᠷᠤᠨ ᠲᠡᠳᠬᠦᠬᠦ ᠬᠦᠴᠤᠯᠡᠴᠠ ᠪᠠᠨ ᠦᠷᠬᠦᠯᠵᠢᠯᠡᠨ | ᠴᠢᠩᠭᠠᠷᠠᠭᠤᠯᠵᠤ᠂ ᠴᠡᠴᠡᠷᠯᠢᠭ ᠤᠨ ᠬᠦᠷᠢᠶ᠎ᠠ ᠪᠠ ᠪᠠᠶᠢᠷᠢ ᠶᠢᠨ ᠭᠡᠷ ᠨᠢ ᠪᠠᠷᠢᠮᠵᠢᠶ᠎ᠠ ᠳᠤ ᠬᠦᠷᠦᠭᠰᠡᠨ᠂ ᠬᠡᠪᠴᠢᠶ᠎ᠠ ᠪᠠᠷ | ᠶᠡᠭᠡ᠂ ᠰᠦᠢᠳᠭᠡᠯ ᠢᠶᠠᠷ ᠦᠨᠳᠤᠷ ᠠᠷᠠᠳ ᠠᠴᠠ ᠡᠷᠬᠢᠯᠡᠭᠰᠡᠨ ᠨᠢᠭᠡ ᠪᠦᠯᠥᠭ ᠬᠡᠥᠬᠡᠳ ᠤᠨ ᠴᠡᠴᠡᠷᠯᠢᠭ ᠢ ᠲᠦᠭᠡᠮᠡᠯ | ᠬᠠᠷᠠᠭᠠᠯᠵᠠᠯ ᠤᠨ ᠴᠢᠨᠠᠷ ᠲᠠᠢ ᠠᠷᠠᠳ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠤᠨ ᠡᠩᠨᠡᠭᠡᠨ ᠳᠤ ᠤᠷᠤᠭᠤᠯᠵᠤ᠂ | ᠤᠳᠤᠬᠠᠨ ᠪᠤᠯᠳᠠᠯ᠎ᠠ 1011.96 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠠᠷᠠᠳ ᠠᠴᠠ ᠡᠷᠬᠢᠯᠡᠭᠰᠡᠨ | ᠬᠡᠥᠬᠡᠳ ᠤᠨ ᠴᠡᠴᠡᠷᠯᠢᠭ ᠤᠨ ᠦᠷᠬᠦᠯᠵᠢᠯᠡᠬᠦ᠋ᠢᠴᠠ ᠬᠦᠭᠵᠢᠯᠳᠠ ᠪᠠ ᠴᠡᠴᠡᠷᠯᠢᠭ ᠤᠨ ᠶᠠᠰᠤ ᠴᠢᠨᠠᠷ ᠤᠨ | ᠲᠡᠭᠡᠭᠰᠢᠯᠡᠯᠳᠡ ᠶᠢ ᠠᠬᠢᠭᠤᠯᠵᠦ ᠴᠢᠳᠠᠪᠠ᠃ ᠤᠳᠤᠬᠠᠨ ᠳᠤ᠂ ᠪᠦᠬᠦ ᠠᠶᠢᠮᠠᠭ ᠲᠤ ᠲᠦᠭᠡᠮᠡᠯ ᠬᠠᠷᠠᠭᠠᠯᠵᠠᠯ ᠤᠨ | ᠴᠢᠨᠡᠷ ᠲᠠᠢ ᠠᠷᠠᠳ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠨᠡᠶᠢᠳᠠ 137 ᠪᠠᠶᠢᠵᠤ᠂ 2016 | ᠤᠨ ᠤ ᠬᠢ ᠠᠴᠠ 61 ᠨᠡᠮᠡᠭᠳᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ | ᠬᠤᠭᠤᠴᠠᠭᠠᠨ ᠳᠤ᠂ ᠮᠠᠨ ᠤ ᠠᠶᠢᠮᠠᠭ ᠪᠠᠭᠰᠢ ᠶᠢᠨ ᠡᠩᠨᠡᠭᠡ ᠶᠢ ᠤᠯᠠᠨ ᠠᠷᠭ᠎ᠠ ᠠᠪᠴᠠᠯ ᠢᠶᠠᠷ ᠰᠢᠯᠢᠳᠡᠭᠵᠢᠭᠦᠯᠵᠦ᠂ | ᠪᠠᠭᠰᠢ ᠠᠵᠢᠯᠳᠠᠨ ᠤ ᠴᠠᠯᠢᠩ ᠤᠯᠭᠤᠮᠵᠢ ᠶᠢ ᠲᠡᠭᠡᠭᠰᠢᠯᠡᠬᠦᠯᠵᠤ᠂ ᠡᠯ᠎ᠠ ᠬᠤᠰᠢᠭᠤ ᠰᠢᠶᠠᠨ ᠬᠤᠳᠠ ᠶᠢᠨ ᠬᠡᠥᠬᠡᠳ ᠤᠨ | ᠴᠡᠴᠡᠷᠯᠢᠭ ᠲᠤ ᠪᠠᠭᠰᠢ ᠶᠢᠨ ᠤᠷᠤᠨ ᠲᠤᠭ᠎ᠠ ᠶᠢ 45 ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠠᠴᠠ | ᠪᠠᠭᠰᠢ ᠶᠢᠨ ᠤᠷᠤᠨ ᠲᠤᠭ᠎ᠠ ᠶᠢ 669 ᠨᠠᠶᠢᠳᠠᠪᠤᠷᠢᠵᠢᠭᠤᠯᠵᠦ᠂ ᠬᠡᠥᠬᠡᠳ ᠤᠨ ᠴᠡᠴᠡᠷᠯᠢᠭ ᠤᠨ ᠪᠠᠭᠰᠢ ᠲᠤᠳᠠᠭᠳᠠᠵᠤ | ᠪᠠᠶᠢᠭ᠎ᠠ ᠠᠰᠠᠭᠤᠳᠠᠯ ᠢ ᠲᠤᠬᠢᠷᠠᠮᠵᠢᠳᠠᠢ ᠰᠢᠢᠳᠪᠤᠷᠢᠯᠡᠵᠠᠢ᠃ ᠡᠬᠦᠨ ᠤ ᠬᠠᠮᠳᠤ᠂ ᠤᠯᠤᠰ ᠤᠨ ᠲᠡᠰ ᠤᠨ | ᠪᠤᠯᠪᠠᠰᠤᠷᠠᠯ ᠤᠨ ᠲᠦᠯᠤᠪᠵᠢᠬᠦᠯᠭᠡ᠂ ᠤᠷᠤᠨ ᠤ ᠲᠡᠰ ᠤᠨ ᠲᠦᠯᠤᠪᠵᠢᠬᠦᠯᠬᠡ᠂ ᠠᠶᠢᠮᠠᠭ ᠤᠨ ᠲᠠᠰ ᠤᠨ ᠪᠤᠯᠪᠠᠰᠤᠷᠠᠯ | ᠵᠢᠴᠢ ᠪᠡᠭᠡᠵᠢᠩ ᠦᠪᠤᠷ ᠮᠤᠩᠭᠤᠯ ᠢ ᠬᠠᠪᠰᠤᠷᠤᠨ ᠲᠡᠳᠬᠦᠬᠦ ᠳᠠᠬᠢ ᠲᠦᠯᠤᠪᠵᠢᠬᠦᠯᠭᠡ ᠶᠢ ᠰᠠᠶᠢᠳᠤᠷ ᠬᠡᠷᠡᠭᠵᠢᠭᠦᠯᠵᠦ᠂ | ᠪᠠᠭᠰᠢ ᠨᠠᠷ ᠲᠤ ᠤᠯᠠᠨ ᠵᠦᠢᠯ ᠤᠨ ᠬᠡᠯᠪᠡᠷᠢ ᠪᠠᠷ ᠪᠤᠯᠪᠠᠰᠤᠷᠠᠯ ᠬᠦᠷᠳᠡᠭᠡᠨ᠂ ᠪᠦᠬᠦ ᠠᠶᠢᠮᠠᠭ ᠤᠨ ᠡᠯ᠎ᠠ ᠱᠠᠳᠤᠨ ᠤ | ᠡᠯ᠎ᠠ ᠲᠦᠷᠤᠯ ᠤᠨ ᠬᠡᠥᠬᠡᠳ ᠤᠨ ᠴᠡᠴᠡᠷᠯᠢᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠪᠤᠯᠪᠠᠰᠤᠷᠠᠯ ᠪᠠ ᠤᠨᠤᠯ ᠤᠨ | ᠮᠡᠳᠡᠯᠭᠡ ᠶᠢ ᠪᠦᠳᠤᠮᠵᠢᠳᠠᠢ ᠲᠡᠭᠡᠭᠰᠢᠯᠡᠬᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠠᠶᠢᠮᠠᠭ ᠬᠢᠴᠢᠶᠡᠯᠯᠡᠭᠡ ᠶᠢ ᠦᠭᠡᠷᠡᠴᠢᠯᠡᠵᠦ᠂ ᠬᠡᠥᠬᠡᠳ ᠤᠨ | ᠴᠡᠴᠡᠷᠯᠢᠭ ᠤᠨ ᠬᠡᠤᠬᠡᠳ ᠲᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ ᠦᠵᠡᠭᠳᠡᠯ ᠢ ᠲᠤᠰᠬᠠᠢᠢᠯᠠᠨ | ᠴᠡᠭᠴᠡᠯᠡᠨ ᠵᠠᠰᠠᠵᠦ᠂ ᠬᠡᠥᠬᠡᠳ ᠤᠨ ᠴᠡᠴᠡᠷᠯᠢᠭ ᠤᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠵᠠᠢ᠃ | 2017 ᠤᠨ ᠤ ᠡᠬᠢᠨ ᠳᠤ᠂ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ ᠠ ︽ᠬᠢᠩᠭᠠᠨ ᠠᠶᠢᠮᠠᠭ ᠤᠨ | ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠬᠠᠮᠢᠶᠠᠷᠤᠯᠳᠠ ᠶᠢᠨ ᠶᠠᠰᠤ ᠴᠢᠨᠠᠷ ᠤᠨ ᠲᠡᠭᠡᠭᠰᠢᠯᠡᠯᠳᠠ ᠶᠢᠨ | ᠵᠢᠯ ᠤᠨ ᠠᠵᠢᠯᠯᠠᠭ᠎ᠠ ᠶᠢ ᠬᠡᠷᠡᠭᠵᠢᠬᠦᠯᠬᠦ ᠲᠦᠰᠥᠪ︾ ᠢ ᠲᠤᠭᠳᠠᠭᠠᠨ ᠬᠡᠷᠡᠭᠵᠢᠭᠦᠯᠵᠦ᠂ ᠪᠦᠬᠦ ᠠᠶᠢᠮᠠᠭ ᠤᠨ | ᠬᠡᠥᠬᠡᠳ ᠤᠨ ᠴᠡᠴᠡᠷᠯᠢᠭ ᠤᠨ ᠪᠠᠭᠰᠢ ᠶᠢᠨ ᠬᠡᠪ ᠴᠢᠨᠠᠷ ᠪᠠ ᠵᠢᠭᠠᠨ ᠰᠤᠷᠭᠠᠯᠳᠠ ᠶᠢᠨ ᠬᠢᠷᠢ ᠲᠦᠪᠰᠢᠨ ᠢ | ᠲᠡᠭᠡᠭᠰᠢᠯᠡᠭᠦᠯᠵᠦ ᠴᠢᠳᠠᠭᠰᠠᠨ ᠪᠠᠶᠢᠨ᠎ᠠ᠃ 2018 ᠤᠨ ᠳᠤ᠂ ᠰᠤᠷᠭᠠᠨ ᠬᠦᠮᠤᠵᠢᠯ ᠤᠨ ᠶᠠᠮᠤᠨ ᠪᠠ ᠦᠪᠠᠷᠳᠡᠭᠡᠨ | ᠵᠠᠰᠠᠬᠤ ᠤᠷᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤ ᠪᠠᠷ᠂ ᠪᠦᠬᠦ ᠠᠶᠢᠮᠠᠭ ᠤᠨ ᠬᠡᠥᠬᠡᠳ ᠤᠨ ᠴᠡᠴᠡᠷᠯᠢᠭ ᠤᠨ | ᠬᠡᠤᠬᠡᠳ ᠲᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ ᠠᠵᠢᠯᠯᠠᠭ᠎ᠠ ᠶᠢ ᠲᠤᠰᠬᠠᠢᠢᠯᠠᠨ ᠴᠡᠭᠴᠡᠯᠡᠨ | ᠵᠠᠰᠠᠪᠠ᠃ 2019 ᠤᠨ ᠳᠤ᠂ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ ︽ᠬᠡᠥᠬᠡᠳ ᠤᠨ | ᠴᠡᠴᠡᠷᠯᠢᠭ ᠤᠨ ᠬᠡᠤᠬᠡᠳ ᠲᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ ᠠᠵᠢᠯᠯᠠᠭ᠎ᠠ ᠶᠢ ᠲᠤᠰᠬᠠᠢᠢᠯᠠᠨ | ᠴᠡᠭᠴᠡᠯᠡᠨ ᠵᠠᠰᠠᠬᠤ ᠲᠤᠬᠠᠢ ᠮᠡᠳᠡᠭᠳᠡᠯ︾ ᠪᠠ ︽ᠬᠢᠩᠭᠠᠨ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ ᠶᠢᠨ | ᠪᠦᠬᠦ ᠠᠶᠢᠮᠠᠭ ᠤᠨ ᠬᠡᠥᠬᠡᠳ ᠤᠨ ᠴᠡᠴᠡᠷᠯᠢᠭ ᠤᠨ ᠭᠡᠷ ᠤᠨ ᠠᠬᠠᠮᠠᠳ ᠲᠤ ᠦᠭᠬᠦᠭᠰᠡᠨ ᠨᠢᠭᠡ ᠬᠤᠪᠢ ᠵᠠᠬᠢᠳᠠᠯ︾ ︽ | ᠬᠢᠩᠭᠠᠨ ᠠᠶᠢᠮᠠᠭ ᠤᠨ ᠬᠡᠥᠬᠡᠳ ᠤᠨ ᠴᠡᠴᠡᠷᠯᠢᠭ ᠤᠨ ᠬᠡᠤᠬᠡᠳ ᠲᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ | ᠪᠠᠶᠢᠭ᠎ᠠ ᠠᠵᠢᠯᠯᠠᠭ᠎ᠠ ᠶᠢᠨ ᠲᠠᠩᠰᠠ︾ ᠶᠢ ᠲᠠᠷᠤᠮᠡᠯᠯᠡᠨ ᠲᠠᠷᠬᠠᠭᠠᠵᠤ᠂ ᠪᠦᠬᠦ ᠠᠶᠢᠮᠠᠭ ᠤᠨ ᠡᠯ᠎ᠠ ᠬᠤᠰᠢᠭᠤ ᠰᠢᠶᠠᠨ | ᠬᠤᠳᠠ ᠶᠢᠨ ᠬᠡᠥᠬᠡᠳ ᠤᠨ ᠴᠡᠴᠡᠷᠯᠢᠭ ᠤᠨ ᠬᠡᠤᠬᠡᠳ ᠲᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ | ᠠᠵᠢᠯᠯᠠᠭ᠎ᠠ ᠶᠢ ᠲᠤᠰᠬᠠᠢ ᠲᠦᠷᠤᠯ ᠢᠶᠠᠷ ᠬᠢᠨᠠᠨ ᠪᠠᠶᠢᠴᠠᠭᠠᠵᠦ᠂ ᠪᠠᠶᠢᠴᠠᠭᠠᠯᠳᠠ ᠪᠠᠷ ᠲᠠᠮᠵᠢᠨ ᠢᠯᠡᠷᠡᠬᠦᠯᠥᠭᠰᠡᠨ | ᠠᠰᠠᠭᠤᠳᠠᠯ ᠢ ᠢᠯᠡᠴᠢᠯᠡᠨ ᠮᠡᠳᠡᠬᠦᠯᠵᠤ᠂ ᠲᠦᠭᠡᠮᠡᠯ ᠬᠠᠷᠠᠭᠠᠯᠵᠠᠯ ᠤᠨ ᠴᠢᠨᠠᠷ ᠲᠠᠢ ᠬᠡᠥᠬᠡᠳ ᠤᠨ ᠴᠡᠴᠡᠷᠯᠢᠭ ᠤᠨ ᠬᠢᠷᠢ | ᠭᠡᠮ ᠢ ᠨᠢ ᠬᠠᠰᠤᠬᠤ ᠵᠡᠷᠭᠡ ᠲᠤᠷᠭᠠᠭᠤᠯᠢ ᠦᠭᠴᠤ᠂ ᠪᠦᠬᠦ ᠠᠶᠢᠮᠠᠭ ᠤᠨ ᠬᠡᠥᠬᠡᠳ ᠤᠨ ᠴᠡᠴᠡᠷᠯᠢᠭ ᠤᠨ | ᠬᠦᠮᠤᠵᠢᠯ ᠳᠤ ᠪᠠᠭ᠎ᠠ ᠰᠤᠷᠭᠠᠭᠤᠯᠢ ᠶᠢᠨ ᠬᠢᠴᠢᠶᠡᠯᠯᠡᠭᠡ ᠬᠢᠵᠦ ᠪᠠᠶᠢᠭ᠎ᠠ ᠦᠵᠡᠭᠳᠡᠯ ᠢ ᠪᠦᠷᠢᠮᠦᠰᠦᠨ ᠬᠤᠷᠢᠬᠯᠠᠵᠦ | ᠴᠢᠳᠠᠪᠠ᠃ ᠮᠠᠨ ᠤ ᠠᠶᠢᠮᠠᠭ ᠪᠠᠰᠠ ᠬᠡᠥᠬᠡᠳ ᠤᠨ ᠴᠡᠴᠡᠷᠯᠢᠭ ᠤᠨ ᠬᠢᠴᠢᠶᠡᠯᠯᠡᠭᠡ ᠶᠢᠨ ᠦᠭᠡᠷᠡᠴᠢᠯᠡᠯᠳᠠ ᠶᠢ | ᠠᠬᠢᠭᠤᠯᠬᠤ ᠰᠢᠷᠢᠰ ᠠᠵᠢᠯᠯᠠᠭ᠎ᠠ ᠦᠷᠨᠢᠬᠦᠯᠵᠤ᠂ ᠪᠦᠬᠦ ᠠᠶᠢᠮᠠᠭ ᠤᠨ 500 ᠭᠠᠷᠤᠢ ᠬᠡᠥᠬᠡᠳ ᠤᠨ ᠴᠡᠴᠡᠷᠯᠢᠭ ᠤᠨ | ᠲᠠᠷᠤᠭ᠎ᠠ ᠪᠠ ᠪᠠᠭᠰᠢ ᠶᠢ ᠬᠢᠴᠢᠶᠡᠯᠯᠡᠭᠡ ᠶᠢᠨ ᠦᠭᠡᠷᠡᠴᠢᠯᠡᠯᠳᠠ ᠶᠢᠨ ᠪᠤᠯᠪᠠᠰᠤᠷᠠᠯ ᠳᠤ ᠤᠷᠤᠯᠴᠠᠭᠤᠯᠵᠤ᠂ ᠡᠯ᠎ᠠ | ᠬᠤᠰᠢᠭᠤ ᠰᠢᠶᠠᠨ ᠬᠤᠳᠠ ᠶᠢᠨ ᠠᠯᠪᠠᠨ ᠠᠴᠠ ᠡᠷᠬᠢᠯᠡᠭᠰᠡᠨ 22 ᠰᠠᠭᠤᠷᠢ ᠬᠡᠥᠬᠡᠳ ᠤᠨ ᠴᠡᠴᠡᠷᠯᠢᠭ ᠬᠠᠷᠢᠯᠴᠠᠨ | ᠰᠤᠷᠤᠯᠴᠠᠬᠤ᠂ ᠬᠠᠷᠢᠯᠴᠠᠨ ᠦᠨᠡᠯᠡᠬᠦ᠂ ᠬᠠᠷᠢᠯᠴᠠᠨ ᠠᠳᠠᠯᠢᠳᠬᠠᠬᠤ ᠠᠵᠢᠯᠯᠠᠭ᠎ᠠ ᠦᠷᠨᠢᠬᠦᠯᠵᠦ᠂ ᠰᠤᠷᠬᠤ ᠨᠠᠰᠤ ᠠᠴᠠ | ᠡᠮᠤᠨᠡᠬᠢ ᠰᠤᠷᠭᠠᠨ ᠬᠦᠮᠤᠵᠢᠯ ᠤᠨ ᠲᠦᠯᠤᠭᠡᠯᠡᠭᠴᠢ ᠶᠢ ᠵᠤᠬᠢᠶᠠᠨ ᠪᠠᠶᠢᠭᠤᠯᠤᠨ ᠬᠦᠢᠵᠸᠥ ᠮᠤᠵᠢ ᠳᠤ ᠬᠦᠷᠴᠤ ︽ | ᠪᠡᠶ᠎ᠠ ᠪᠠᠨ ᠲᠠᠭᠠᠭᠠᠭᠰᠠᠨ ᠲᠤᠭᠯᠠᠭᠠᠮ ᠢ ᠦᠨᠳᠤᠰᠤᠳᠠᠨ ᠤ ᠭᠠᠵᠠᠷ ᠤᠷᠤᠨ ᠤ ᠬᠡᠥᠬᠡᠳ ᠤᠨ ᠴᠡᠴᠡᠷᠯᠢᠭ ᠲᠤ | ᠤᠷᠤᠭᠤᠯᠬᠤ ᠠᠷᠭ᠎ᠠ︾ ᠭᠡᠬᠦ ᠭᠤᠤᠯ ᠰᠡᠳᠦᠪᠳᠤ ᠲᠤᠷᠰᠢᠯᠭ᠎ᠠ ᠰᠤᠯᠢᠯᠴᠠᠬᠤ ᠠᠵᠢᠯᠯᠠᠭ᠎ᠠ ᠦᠷᠨᠢᠬᠦᠯᠵᠦ᠂ ᠪᠠᠭᠰᠢ ᠨᠠᠷ | ᠬᠦᠨᠵᠡᠭᠡᠢ ᠰᠤᠷᠤᠯᠴᠠᠬᠤ ᠪᠠ ᠲᠤᠰᠬᠠᠢ ᠮᠡᠷᠭᠡᠵᠢᠯ ᠢᠶᠠᠷ ᠲᠠᠪᠳᠠᠨ ᠪᠤᠯᠪᠠᠰᠤᠷᠠᠬᠤ ᠪᠠᠷ ᠲᠠᠮᠵᠢᠨ ᠴᠡᠴᠡᠷᠯᠢᠭ ᠤᠨ ᠵᠢᠭᠠᠨ | ᠰᠤᠷᠭᠠᠯᠳᠠ ᠶᠢᠨ ᠶᠠᠰᠤ ᠴᠢᠨᠠᠷ ᠢ ᠦᠨᠡᠨ ᠬᠦ ᠲᠡᠭᠡᠭᠰᠢᠯᠡᠬᠦᠯᠵᠤ ᠴᠢᠳᠠᠭᠰᠠᠨ ᠪᠠᠶᠢᠨ᠎ᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ | ᠠᠶᠢᠮᠠᠭ ᠤᠨ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠲᠦᠯᠤᠪᠯᠡᠭᠰᠡᠨ ᠬᠠᠷᠠᠯᠳᠠ ᠡᠭᠦᠷᠭᠡ ᠪᠠᠨ | ᠠᠮᠵᠢᠯᠳᠠ ᠲᠠᠢ ᠪᠡᠶᠡᠯᠡᠬᠦᠯᠥᠭᠰᠡᠨ ᠢᠶᠠᠷ ᠪᠠᠷᠠᠬᠤ ᠦᠭᠡᠢ ᠨᠡᠩ ᠤᠯᠠᠨ ᠰᠢᠯᠢᠳᠡᠭ ᠬᠡᠥᠬᠡᠳ ᠢ ᠬᠦᠮᠦᠵᠢᠬᠦᠯᠵᠦ ᠤᠯᠤᠰ | ᠦᠨᠳᠦᠰᠦᠳᠡᠨ ᠳᠤ ᠪᠠᠨ ᠨᠡᠮᠡᠷᠢ ᠬᠠᠨᠳᠢᠪ ᠡᠷᠭᠦᠵᠦ ᠪᠤᠢ᠃ · ᠴᠤᠯᠮᠤᠨ · |