ᠤᠯᠠᠭᠠᠨᠬᠤᠲᠠ ᠶᠢᠨ ᠭᠡᠷ ᠪᠠᠶᠢᠰᠢᠩ ᠲᠠᠲᠠᠪᠤᠷᠢᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2021/6/22
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠭᠡᠷ ᠪᠠᠶᠢᠰᠢᠩ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠡ ᠳᠤ ᠨᠠᠶᠢᠳᠠᠵᠤ ᠭᠡᠷ ᠪᠠᠶᠢᠰᠢᠩ ᠲᠠᠲᠠᠪᠤᠷᠢᠯᠠᠬᠤ ᠪᠠ ᠨᠥᠬᠦᠪᠥᠷᠢ ᠥᠭᠬᠦ ᠪᠣᠳᠠᠲᠠᠶ ᠠᠵᠢᠯ ᠢ ᠡᠭᠦᠷᠭᠡᠯᠡᠭᠦᠯᠬᠦ ᠶᠢᠨ ᠬᠠᠮᠲᠤ ᠨᠠᠶᠢᠳᠠᠵᠤ  ᠬᠡᠷᠡᠭᠵᠢᠬᠦᠯᠦᠭᠰᠡᠨ ᠭᠡᠷ ᠪᠠᠶᠢᠰᠢᠩ ᠲᠠᠲᠠᠪᠤᠷᠢᠯᠠᠬᠤ ᠪᠠ ᠨᠥᠬᠦᠪᠥᠷᠢ ᠥᠭᠬᠦ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃     ︵ᠬᠤᠶᠠᠷ︶ ᠲᠠᠲᠠᠪᠤᠷᠢᠯᠠᠬᠤ ᠨᠥᠬᠦᠪᠥᠷᠢ ᠶᠢᠨ ᠲᠥᠰᠦᠯ ᠢ ᠲᠤᠭᠤᠷᠪᠢᠨ ᠲᠣᠭᠲᠠᠭᠠᠬᠤ ᠪᠥᠭᠡᠳ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃     ︵ᠭᠤᠷᠪᠠ︶ ᠲᠠᠲᠠᠪᠤᠷᠢᠯᠠᠬᠤ ᠬᠡᠪᠴᠢᠶᠡᠨ ᠳᠠᠬᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ᠂ ᠣᠷᠣᠨ ᠪᠠᠶᠢᠷᠢ᠂ ᠬᠡᠷᠡᠭᠴᠡᠭᠡ᠂ ᠪᠠᠷᠢᠯᠭ᠎ᠠ ᠶᠢᠨ ᠲᠠᠯᠠᠪᠠᠢ ᠵᠡᠷᠭᠡ ᠪᠠᠶᠢᠳᠠᠯ ᠢ ᠪᠠᠶᠢᠴᠠᠭᠠᠨ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢ ᠨᠡᠶᠢᠲᠡᠯᠡᠨ᠎ᠡ᠃     ︵ᠲᠥᠷᠪᠡ︶ ᠭᠡᠷ ᠪᠠᠶᠢᠰᠢᠩ ᠲᠠᠲᠠᠪᠤᠷᠢᠯᠠᠬᠤ ᠬᠡᠪᠴᠢᠶᠡᠨ ᠳᠣᠲᠣᠷᠠᠬᠢ ᠭᠡᠷ ᠪᠠᠶᠢᠰᠢᠩ ᠰᠢᠨ᠎ᠡ ᠪᠠᠷ ᠪᠠᠶᠢᠭᠤᠯᠬᠤ ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠭᠡᠷ ᠪᠠᠶᠢᠰᠢᠩ ᠤᠨ ᠬᠡᠷᠡᠭᠴᠡᠭᠡ   ᠶᠢ ᠬᠤᠪᠢᠷᠠᠭᠤᠯᠬᠤ ᠵᠡᠷᠭᠡ ᠬᠠᠮᠢᠶ᠎ᠠ ᠪᠥᠬᠦᠢ ᠭᠠᠷᠳᠠᠮ ᠢ ᠭᠦᠢᠴᠡᠳᠬᠡᠬᠦ ᠪᠠᠨ ᠲᠥᠷ ᠵᠣᠭᠰᠣᠭᠠᠬᠤ ᠶᠢ ᠬᠠᠮᠢᠶ᠎ᠠ ᠪᠥᠬᠦᠢ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠳᠡᠨ᠎ᠡ᠃     ︵ᠲᠠᠪᠤ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠠᠲᠠᠪᠤᠷᠢᠯᠠᠬᠤ ᠲᠣᠭᠲᠠᠭᠠᠯ ᠭᠠᠷᠭᠠᠭᠰᠠᠨ ᠤ ᠲᠠᠷᠠᠭ᠎ᠠ᠂ ᠲᠠᠲᠠᠪᠤᠷᠢᠯᠠᠬᠤ ᠠᠯᠪᠠᠨ ᠵᠠᠷᠯᠠᠯ ᠢ ᠬᠠᠮᠵᠢᠨ ᠨᠡᠶᠢᠲᠡᠯᠡᠨ᠎ᠡ᠃     ︵ᠵᠢᠷᠭᠤᠭ᠎ᠠ︶ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠨᠢ ᠲᠠᠲᠠᠪᠤᠷᠢᠯᠠᠯᠲᠠ ᠶᠢᠨ ᠨᠥᠬᠦᠪᠥᠷᠢ ᠥᠭᠬᠦ ᠲᠥᠰᠦᠯ ᠳᠤ ᠲᠣᠭᠲᠠᠭᠠᠭᠰᠠᠨ ᠭᠡᠷ᠎ᠡ ᠲᠣᠭᠲᠠᠭᠰᠠᠨ ᠬᠤᠭᠤᠴᠠᠭᠠᠨ ᠳᠤ ᠨᠥᠬᠦᠪᠥᠷᠢ ᠥᠭᠬᠦ ᠬᠡᠯᠡᠯᠴᠡᠭᠡᠷ ᠲᠣᠭᠲᠠᠭᠠᠵᠤ ᠳᠡᠶᠢᠯᠬᠦ ᠦᠭᠡᠢ ᠪᠤᠶᠤ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ ᠨᠢ ᠲᠣᠳᠣᠷᠬᠠᠢ ᠦᠭᠡᠢ ᠪᠠᠶᠢᠪᠠᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠨᠥᠬᠦᠪᠥᠷᠢ ᠥᠭᠬᠦ ᠲᠣᠭᠲᠠᠭᠠᠯ ᠭᠠᠷᠭᠠᠯᠭᠠᠨ᠎ᠠ᠃     ︵ᠳᠣᠯᠤᠭ᠎ᠠ︶ ᠬᠡᠷ ᠪᠠᠶᠢᠰᠢᠩ ᠢ ᠲᠠᠲᠠᠪᠤᠷᠢᠯᠠᠭᠰᠠᠨ ᠨᠥᠬᠦᠪᠥᠷᠢ ᠶᠢᠨ ᠲᠠᠩᠰᠠ ᠡᠪᠬᠡᠮᠡᠯ ᠢ ᠬᠠᠤᠯᠢ ᠶᠣᠰᠣᠭᠠᠷ ᠪᠠᠶᠢᠭᠤᠯᠤᠨ᠎ᠠ᠃     ︵ᠨᠠᠢᠮᠠ︶ ᠬᠠᠤᠯᠢ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠵᠠᠰᠠᠭ ᠵᠠᠬᠢᠷᠭᠠᠨ ᠢᠶᠠᠷ ᠳᠠᠬᠢᠨ ᠶᠠᠷᠢᠯᠴᠠᠭᠤᠯᠬᠤ ᠪᠠᠷ ᠭᠤᠶᠤᠴᠢᠯᠠᠬᠤ ᠤᠢᠭᠡᠢ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠤᠢᠭᠡᠢ᠂ ᠨᠥᠬᠦᠪᠥᠷᠢ ᠥᠭᠬᠦ ᠲᠣᠭᠲᠠᠭᠠᠯ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠪᠠᠰᠠ ᠨᠡᠭᠦᠬᠦ ᠤᠢᠭᠡᠢ ᠪᠣᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠠᠯᠪᠡᠳᠡᠠ ᠭᠦᠢᠴᠡᠳᠬᠡᠭᠦᠯᠦᠨ᠎ᠡ᠃     ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃
 
ᠢᠷᠡᠯᠲᠡ᠄ ᠭᠡᠷ ᠪᠠᠶᠢᠰᠢᠩ ᠲᠠᠲᠠᠪᠤᠷᠢᠯᠠᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号