ᠤᠯᠠᠭᠠᠨᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ
ᠨᠡᠶᠢᠲᠡᠯᠡᠭᠰᠡᠨ ᠴᠠᠭ᠄
2021/6/22
    ᠪᠠᠶᠢᠭᠤᠯᠤᠮᠵᠢ ᠶᠢᠨ ᠡᠭᠦᠷᠭᠡ  ᠴᠢᠳᠠᠪᠬᠢ᠄     ︵ᠨᠢᠭᠡ︶ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠣᠷᠣᠨ ᠨᠤᠲᠤᠭ ᠤᠨ ᠴᠢᠨᠠᠷᠲᠠᠶ ᠲᠦᠷᠢᠮ ᠲᠣᠭᠲᠠᠭᠠᠯ ᠤᠨ ᠲᠥᠰᠦᠯ᠂ ᠲᠥᠯᠥᠪᠵᠢᠭᠦᠯᠭᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠬᠤᠶᠠᠷ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ ᠰᠤᠳᠤᠯᠤᠯ ᠢ ᠥᠷᠨᠢᠭᠦᠯᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠲᠣᠭᠲᠠᠭᠠᠨ᠎ᠠ᠃     ︵ᠭᠤᠷᠪᠠ︶ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠴᠤ᠂ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠳᠤᠮᠳᠠᠬᠢ ᠴᠢᠬᠤᠯᠠ  ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃     ︵ᠳᠥᠷᠪᠡ︶ ᠪᠥᠬᠦ ᠬᠤᠲᠠ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠺᠠᠷᠲ ᠪᠠᠶᠢᠭᠤᠯᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃     ︵ᠲᠠᠪᠤ︶ ᠶᠠᠳᠠᠭᠤ ᠶᠢ ᠲᠡᠳᠬᠦᠬᠦ ᠲᠥᠷᠥᠯ ᠵᠦᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠬᠥᠭᠵᠢᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠰᠠᠶᠢᠲᠤᠷ ᠬᠢᠨ᠎ᠠ᠃     ︵ᠵᠢᠷᠭᠤᠭ᠎ᠠ︶ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤ ᠣᠷᠣᠯᠴᠠᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ ᠵᠣᠬᠢᠴᠠᠭᠤᠯᠵᠤ᠂ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ ᠬᠢ ᠰᠣᠯᠢᠯᠴᠠᠭ᠎ᠠ ᠬᠢᠭᠡᠳ  ᠬᠠᠮᠵᠢᠯᠴᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃     ︵ᠳᠣᠯᠤᠭ᠎ᠠ︶ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠵᠣᠬᠢᠴᠠᠭᠤᠯᠤᠨ ᠬᠠᠷᠢᠯᠴᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠬᠢᠶᠠᠨ ᠪᠠᠶᠢᠭᠤᠯᠤᠨ᠎ᠠ᠃     ︵ᠨᠠᠢᠮᠠ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠡ᠃     ︵ᠶᠢᠰᠦ︶ ᠤᠯᠠᠭᠠᠨᠬᠤᠲᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠣᠭᠤᠳᠬᠤ ᠠᠵᠢᠯ ᠢ ᠡᠭᠦᠷᠭᠡᠯᠡᠨ᠎ᠡ᠃     ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠶᠠᠳᠠᠭᠤ ᠶᠢ ᠲᠡᠳᠬᠦᠬᠦ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号