ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠤᠯᠤᠰ ᠤᠨ ᠬᠠᠮᠢᠶ᠎ᠠ ᠪᠦᠬᠦᠢ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠵᠢᠯᠣᠭᠤᠳᠴᠤ᠂ ᠬᠢᠨᠠᠵᠤ᠂ ᠪᠠᠶᠢᠴᠠᠭᠠᠨ᠎ᠠ᠃     ︵ᠬᠤᠶᠠᠷ︶ ᠲᠣᠭᠲᠠᠭᠤᠨ ᠪᠠᠶᠢᠳᠠᠯ ᠢ ᠨᠥᠯᠥᠭᠡᠯᠡᠬᠦ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠᠶᠢᠳᠠᠯ ᠢ ᠡᠵᠡᠮᠰᠢᠵᠦ᠂ ᠪᠠᠶᠢᠳᠠᠯ ᠢ ᠵᠠᠳᠠᠯᠤᠨ ᠂ ᠠᠷᠭᠠᠴᠠᠭᠠᠬᠤ ᠪᠤᠳᠤᠯᠭ᠎ᠠ ᠲᠣᠭᠲᠠᠭᠠᠨ᠎ᠠ᠃     ︵ᠭᠤᠷᠪᠠ︶ ᠬᠡᠷᠡᠭ ᠢ ᠲᠠᠩᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠬᠦᠨᠳᠦ ᠶᠡᠭᠡ ᠬᠡᠷᠡᠭ ︵ᠶᠠᠪᠤᠳᠠᠯ︶᠂ ᠠᠮᠤᠷ ᠲᠦᠪᠰᠢᠨ ᠤ ᠡ᠊ᠡᠳᠡᠯ ᠪᠠ ᠦᠢᠮᠡᠭᠡᠨ ᠲᠤᠶᠢᠪᠡᠬᠡᠨ ᠢ ᠵᠣᠬᠢᠴᠠᠭᠤᠯᠤᠨ ᠰᠢᠢᠳᠪᠦᠷᠢᠯᠡᠨ᠎ᠡ     ︵ᠲᠦᠷᠪᠡ︶ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠡᠷᠦᠭᠡ ᠠᠮᠠ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠤᠤ ᠵᠡᠪᠰᠡᠭ ᠰᠤᠮᠤ ᠲᠠᠷᠢ᠂ ᠠᠶᠤᠯᠲᠠᠢ ᠳᠡᠯᠪᠡᠷᠡᠬᠦ ᠪᠣᠳᠠᠰ᠂ ᠣᠨᠴᠠ ᠲᠦᠷᠦᠯ ᠤᠨ ᠠᠵᠢᠯ ᠲᠦᠷᠦᠯ ᠪᠠ ᠤᠯᠠᠨ ᠨᠡᠶᠢᠲᠡ ᠶᠢᠨ ᠲᠠᠯᠠᠪᠤᠷ ᠵᠡᠷᠭᠡ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃     ︵ᠲᠠᠪᠤ︶ ᠪᠥᠬᠦ ᠬᠤᠲᠠ ᠶᠢᠨ ᠬᠢᠯᠢ ᠪᠠᠷ ᠣᠷᠣᠵᠤ ᠭᠠᠷᠬᠤ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠭᠠᠯ ᠰᠡᠷᠬᠡᠶᠢᠯᠡᠨ ᠤᠨᠲᠠᠷᠠᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃     ︵ᠵᠢᠷᠭᠤᠭ᠎ᠠ︶ ᠪᠦᠬᠦ ᠬᠤᠳᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠤᠯᠢ ᠶᠣᠰᠣᠭᠠᠷ ᠬᠠᠮᠢᠶᠠᠷᠴᠤ ᠂ ᠤᠰᠤ ᠬᠠᠭᠤᠷᠠᠶ ᠶᠢᠨ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠨ᠎ᠠ᠃     ︵ᠲᠤᠯᠤᠭ᠎ᠠ︶ ᠲᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠭᠤᠣᠯᠳᠠᠯᠭ᠎ᠠ ᠲᠠᠢ ᠪᠠᠷᠢᠯᠭ᠎ᠠ ᠶᠢᠨ ᠠᠮᠤᠷ ᠢ ᠬᠠᠮᠠᠭᠠᠯᠠᠬᠤ ᠪᠠ  ᠪᠦᠯᠬᠦᠮ ᠤᠨ ᠴᠢᠨᠠᠷᠲᠠᠶ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠨ᠎ᠠ᠃     ︵ᠨᠠᠢᠮᠠ︶ ᠪᠥᠬᠦ ᠬᠤᠲᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠤᠷ ᠰᠦᠯᠵᠢᠶᠡᠨ ᠤ ᠬᠠᠮᠢᠶᠠᠷᠤᠯᠲᠠ ᠪᠠ ᠠᠮᠤᠷ ᠲᠦᠪᠰᠢᠨ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃     ︵ᠶᠢᠰᠦ︶ ᠬᠠᠷᠢᠶᠠᠨ ᠳᠠᠬᠢ ᠰᠠᠬᠢᠨ ᠬᠤᠷᠢᠬᠤ ᠭᠠᠵᠠᠷ᠂ ᠲᠦᠷ ᠬᠤᠷᠢᠬᠤ ᠭᠠᠵᠠᠷ᠂ ᠬᠤᠷᠢᠶᠠᠮᠵᠢᠯᠠᠨ  ᠲᠦᠪᠯᠡᠷᠡᠬᠦᠯᠵᠦ ᠬᠥᠮᠦᠵᠢᠭᠦᠯᠬᠦ ᠭᠠᠵᠠᠷ᠂ ᠬᠤᠣᠷ ᠲᠠᠲᠠᠬᠤ ᠶᠢ ᠵᠣᠭᠰᠣᠭᠠᠬᠤ ᠭᠠᠵᠠᠷ ᠪᠠ ᠰᠤᠮᠤ ᠰᠢᠶᠠᠩ ᠪᠠᠯᠭᠠᠰᠤᠨ ᠤ ᠲᠤᠳᠤᠭᠠᠳᠤ ᠶᠢ ᠬᠠᠮᠠᠭᠠᠯᠠᠬᠤ ᠰᠠᠯᠪᠤᠷᠢ  ᠪᠤᠯᠤᠨ ᠤᠢ ᠰᠢᠭᠤᠶ ᠶᠢᠨ ᠳᠤᠲᠤᠭᠠᠳᠤ ᠶᠢ ᠬᠠᠮᠠᠭᠠᠯᠠᠬᠤ ᠰᠠᠯᠪᠤᠷᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠷᠢᠶᠠᠮᠵᠢᠯᠠᠨ ᠲᠦᠪᠯᠡᠷᠡᠬᠦᠯᠵᠦ ᠬᠥᠮᠦᠵᠢᠭᠦᠯᠬᠦ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃     ︵ᠠᠷᠪᠠ︶ ᠪᠥᠬᠦ ᠬᠤᠲᠠ ᠶᠢᠨ ᠡᠯ᠎ᠡ ᠲᠥᠷᠥᠯ ᠤᠨ ᠴᠢᠬᠤᠯᠠ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ᠂ ᠬᠤᠤᠷᠲᠤ ᠡᠳ᠋ ᠢ ᠴᠠᠭᠠᠵᠠᠯᠠᠬᠤ᠂ ᠬᠤᠤᠷᠲᠤ ᠡᠳ᠋  ᠰᠠᠷᠢᠯᠭᠠᠬᠴᠢ ᠶᠢ ᠪᠠᠷᠢᠪᠴᠢᠯᠠᠬᠤ ᠪᠠ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠮᠡᠷᠭᠡᠵᠢᠯ᠂ ᠡᠷᠡᠭᠦᠦ ᠶᠢᠨ ᠬᠡᠷᠡᠭ ᠤᠨ ᠮᠡᠷᠭᠡᠵᠢᠯ ᠪᠠ ᠠᠵᠢᠯᠯᠠᠭᠠᠨ ᠤ ᠮᠡᠷᠭᠡᠵᠢᠯ ᠵᠡᠷᠭᠡ ᠶᠢᠨ ᠪᠠᠶᠢᠭᠤᠯᠤᠯᠲᠠ ᠶᠢ ᠲᠥᠯᠥᠪᠵᠢᠭᠦᠯᠦᠨ᠎ᠡ᠃     ︵ᠠᠷᠪᠠᠨ ᠨᠢᠭᠡ︶ ᠵᠡᠪᠰᠡᠭᠲᠦ ᠴᠠᠭᠳᠠᠭ᠎ᠠ᠂ ᠭᠠᠯ ᠰᠡᠷᠭᠡᠶᠢᠯᠡᠨ ᠤᠨᠲᠠᠷᠠᠭᠠᠬᠤ ᠴᠡᠷᠢᠭ ᠠᠩᠬᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠡᠪᠰᠡᠭᠲᠦ ᠴᠠᠭᠳᠠᠭᠠᠨ ᠤ ᠳᠣᠲᠣᠭᠠᠳᠤ ᠶᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠳᠤ ᠤᠳᠤᠷᠢᠳᠤᠯᠭ᠎ᠠ ᠪᠠ ᠵᠢᠯᠤᠭᠤᠳᠤᠯᠭ᠎ᠠ ᠶᠠᠪᠤᠭᠤᠯᠤᠨ᠎ᠠ᠃     ︵ᠠᠷᠪᠠᠨ ᠬᠤᠶᠠᠷ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭᠠᠨ ᠤ ᠴᠠᠭᠳᠠᠭ᠎ᠠ ᠶᠢᠨ ᠴᠣᠯᠠ᠂ ᠱᠠᠩᠨᠠᠯ ᠲᠣᠷᠭᠠᠭᠤᠯᠢ᠂ ᠬᠠᠷᠠᠭᠠᠯᠵᠠᠯ ᠪᠠ ᠬᠥᠮᠦᠵᠢᠯ ᠪᠣᠯᠪᠠᠰᠤᠷᠠᠯ ᠢ ᠬᠠᠮᠢᠶᠠᠷᠴᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠨᠤᠭ ᠲᠥᠬᠦᠭᠡᠷᠦᠮᠵᠢ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃     ︵ᠠᠷᠪᠠᠨ ᠭᠤᠷᠪᠠ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠴᠤ᠂ ᠬᠢᠨᠠᠵᠤ᠂ ᠪᠠᠶᠢᠴᠠᠭᠠᠨ᠎ᠠ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠤᠶᠤ ᠱᠠᠯᠠᠪᠳᠠᠭᠤᠯᠤᠨ ᠰᠢᠢᠳᠪᠦᠷᠢᠯᠡᠭᠦᠯᠦᠨ᠎ᠡ᠃     ︵ᠠᠷᠪᠠᠨ ᠳᠥᠷᠪᠡ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃
 
ᠢᠷᠡᠯᠲᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号