ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ᠨᠢᠭᠡ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ᠂ ᠤᠯᠠᠭᠠᠨᠬᠤᠲᠠ ᠶᠢᠨ ᠠᠵᠤ ᠦᠢᠯᠡᠳᠪᠦᠷᠢ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃     ᠬᠤᠶᠠᠷ᠂ ᠤᠯᠠᠭᠠᠨᠬᠤᠲᠠ ᠶᠢᠨ ᠠᠵᠤ ᠦᠢᠯᠡᠳᠪᠦᠷᠢ᠂ ᠮᠡᠳᠡᠭᠡ ᠵᠠᠩᠭᠢ ᠶᠢᠨ ᠠᠵᠤ ᠦᠢᠯᠡᠰ ᠤᠨ ᠠᠵᠢᠯᠯᠠᠭᠠᠨ  ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠴᠤ᠂ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠦᠢᠯᠡᠳᠪᠦᠷᠢᠯᠡᠯ ᠤᠨ ᠬᠦᠴᠦᠨ ᠵᠦᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠠᠵᠢᠯ ᠲᠥᠷᠥᠯ ᠤᠨ ᠠᠵᠢᠯᠯᠠᠭᠠᠨ   ᠳᠠᠬᠢ ᠬᠤᠯᠪᠣᠭᠳᠠᠯ ᠪᠥᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃     ᠭᠤᠷᠪᠠ᠂ ᠠᠵᠤ ᠦᠢᠯᠡᠳᠪᠦᠷᠢ᠂ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ᠂ ᠤᠯᠠᠭᠠᠨᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠤᠨ᠎ᠠ᠃ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ᠲᠦᠷᠪᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠢ ᠬᠠᠮᠵᠢᠯᠴᠠᠨ ᠲᠣᠭᠲᠠᠴᠠ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠡᠭᠦᠯ   ᠢᠶᠠᠷ ᠬᠥᠭᠵᠢᠬᠦ ᠶᠢ ᠠᠬᠢᠭᠤᠯᠤᠨ᠎ᠠ᠃     ᠲᠠᠪᠤ᠂ ᠠᠵᠢᠯ ᠲᠦᠷᠤᠯ ᠤᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠧᠭᠨᠢᠭ ᠮᠡᠷᠭᠡᠵᠢᠯ ᠤᠨ ᠲᠠᠪᠰᠢᠯᠳᠡ ᠶᠢ ᠵᠢᠯᠣᠭᠤᠳᠴᠤ᠂ ᠤᠯᠠᠮᠵᠢᠯᠠᠯᠲᠤ ᠠᠵᠤ ᠦᠢᠯᠡᠰ ᠤᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠪᠠ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠯᠠᠭᠠᠨᠬᠤᠲᠠ ᠶᠢᠨ ᠳᠠᠪᠤᠰᠤᠨ ᠤ ᠦᠢᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠪᠦᠬᠦ ᠬᠤᠲᠠ ᠶᠢᠨ ᠠᠷᠠᠳ ᠤᠨ ᠬᠡᠷᠡᠭᠯᠡᠭᠡᠨ ᠤ ᠠᠮᠠᠷᠬᠠᠨ ᠨᠤᠴᠤᠵᠦ ᠳᠡᠯᠪᠡᠷᠡᠬᠦ ᠪᠣᠳᠠᠰ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃     ᠵᠢᠷᠭᠤᠭ᠎ᠠ᠂ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠦᠷᠦ ᠶᠢᠨ ᠪᠤᠳᠤᠯᠭ᠎ᠠ ᠵᠢᠴᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠢ ᠵᠢᠯᠣᠭᠤᠳᠴᠤ᠂ ᠬᠠᠮᠢᠶ᠎ᠠ ᠪᠥᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠪᠡᠯᠡᠳᠬᠡᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠵᠤ ᠦᠢᠯᠡᠳᠪᠦᠷᠢ ᠶᠢᠨ ᠡᠨᠧᠷᠬᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃     ᠲᠤᠯᠤᠭ᠎ᠠ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ᠂ ᠰᠤᠷᠤᠯᠴᠠᠬᠤ᠂ ᠰᠤᠳᠤᠯᠬᠤ᠂ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠥᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠡᠮᠳᠡᠭᠲᠦ ᠶᠢ ᠬᠥᠭᠵᠢᠭᠦᠯᠬᠦ ᠶᠢ ᠵᠢᠯᠤᠭᠤᠳᠤᠨ᠎ᠠ᠃     ᠨᠠᠢᠮᠠ᠂ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ  ᠶᠢᠨ ᠦᠢᠯᠡᠰ ᠢ ᠬᠥᠭᠵᠢᠭᠦᠯᠬᠦ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠵᠤ᠂ ᠭᠠᠳᠠᠭᠠᠳᠤ ᠠᠴᠠ ᠣᠷᠣᠭᠤᠯᠤᠭᠰᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠰᠢᠩᠭᠡᠭᠡᠵᠦ ᠰᠢᠨ᠎ᠡ ᠶᠢ ᠡᠭᠦᠳᠬᠦ ᠶᠢ ᠵᠢᠯᠣᠭᠤᠳᠤᠨ᠎ᠠ᠃ ᠬᠦᠡᠭᠭᠡᠨ ᠠᠵᠤ ᠦᠢᠯᠡᠳᠪᠦᠷᠢ᠂ ᠨᠡᠬᠡᠮᠡᠯ᠂ ᠢᠳᠡᠭᠡᠨ᠂ ᠡᠮ ᠡᠮᠨᠡᠯᠭᠡ ᠵᠡᠷᠭᠡ ᠬᠡᠷᠡᠭᠯᠡᠭᠡᠨ ᠤ  ᠵᠦᠢᠯᠡᠰ ᠤᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠵᠢᠯ ᠲᠦᠷᠦᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃     ᠶᠢᠰᠦ᠂ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠷᠢᠭᠤᠴᠠᠨ᠎ᠠ᠃     ᠠᠷᠪᠠ᠂ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯᠲᠦ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠵᠢᠯᠣᠭᠤᠳᠬᠤ᠂ ᠶᠡᠷᠦᠩᠬᠡᠶᠢᠯᠡᠨ ᠵᠣᠬᠢᠴᠠᠭᠤᠯᠬᠤ ᠪᠠ ᠲᠡᠭᠦᠨ ᠳᠤ ᠦᠢᠯᠡᠴᠢᠯᠡᠬᠦ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯᠲᠦ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃     ᠠᠷᠪᠠᠨ ᠨᠢᠭᠡ᠂ ᠤᠤᠯ ᠤᠨ ᠳᠠᠮᠫᠤᠷᠠᠭᠰᠠᠨ ᠠᠵᠤ ᠠᠬᠤᠶᠢᠯᠠᠯ ᠤᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠳᠠᠨ ᠠᠵᠢᠯᠴᠢᠨ ᠤ ᠶᠠᠪᠤᠳᠠᠯ ᠤᠨ ᠲᠠᠩᠰᠠ ᠡᠪᠬᠡᠮᠡᠯ ᠪᠠ ᠴᠠᠯᠢᠩ ᠤᠨ ᠬᠠᠷᠢᠴᠠᠭ᠎ᠠ ᠶᠢ ᠬᠠᠷᠢᠭᠤᠴᠠᠨ ᠬᠠᠮᠢᠶᠠᠷᠤᠨ᠎ᠠ᠃ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠨ᠎ᠡ᠃     ᠠᠷᠪᠠᠨ ᠬᠤᠶᠠᠷ᠂ ᠤᠯᠤᠰ ᠤᠨ ᠬᠠᠮᠢᠶ᠎ᠠ ᠪᠥᠬᠦᠢ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠬᠢᠭᠡᠳ ᠲᠥᠷᠥ ᠶᠢᠨ ᠪᠤᠳᠤᠯᠭ᠎ᠠ ᠶᠢ ᠤᠬᠠᠭᠤᠯᠬᠤ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠬᠤᠳᠠᠯᠳᠤᠭᠠᠴᠢᠨ ᠤᠷᠢᠬᠤ ᠲᠥᠷᠥᠯ ᠵᠦᠢᠯ ᠢ ᠲᠠᠨᠢᠯᠴᠠᠭᠤᠯᠬᠤ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠲᠥᠷᠥᠯ ᠵᠦᠢᠯ  ᠢ ᠬᠢᠨᠠᠨ ᠵᠥᠪᠰᠢᠶᠡᠷᠡᠬᠦ᠂ ᠮᠥᠷᠳᠡᠨ ᠦᠢᠯᠡᠴᠢᠯᠡᠬᠦ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃     ᠠᠷᠪᠠᠨ ᠭᠤᠷᠪᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ᠠᠷᠪᠠᠨ ᠳᠥᠷᠪᠡ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠯᠦᠭᠡ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ  ᠲᠠᠢ᠃ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠠᠨ ᠤ ᠬᠥᠭᠵᠢᠯᠲᠡ ᠶᠢ ᠠᠬᠢᠭᠤᠯᠤᠨ᠂ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢᠨ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠵᠢᠯᠣᠭᠤᠳᠤᠨ ᠵᠣᠬᠢᠴᠠᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠠᠴᠠ ᠪᠥᠬᠦ ᠬᠤᠲᠠ ᠶᠢᠨ ᠮᠡᠳᠡᠭᠡ ᠵᠠᠩᠭᠢᠵᠢᠯᠲᠡ ᠶᠢ ᠠᠬᠢᠭᠤᠯᠬᠤ ᠠᠵᠢᠯ ᠢ ᠬᠠᠷᠢᠭᠤᠴᠠᠨ᠎ᠠ᠃     ᠠᠷᠪᠠᠨ ᠲᠠᠪᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠯᠦᠭᠡ ᠶᠢᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠲᠠᠢ᠃ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠪᠥᠬᠦ ᠬᠤᠲᠠ ᠶᠢᠨ ᠴᠠᠬᠢᠯᠭᠠᠨ ᠬᠦᠴᠦᠨ ᠤ ᠠᠵᠢᠯᠯᠠᠭᠠᠨ ᠢ ᠬᠢᠨᠠᠨ ᠬᠡᠮᠵᠢᠬᠦ ᠶᠢ ᠬᠠᠷᠢᠭᠤᠴᠠᠵᠤ᠂ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠳᠣᠭᠢᠷᠠᠭᠤᠯᠤᠨ ᠡᠵᠡᠮᠳᠡᠬᠦ ᠬᠠᠷᠠᠯᠲᠠ ᠪᠠ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠤᠨ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠴᠠᠬᠢᠯᠭᠠᠨ ᠬᠦᠴᠦᠨ ᠤ ᠪᠤᠰᠤᠳ ᠡᠭᠦᠷᠭᠡ ᠴᠢᠳᠠᠪᠤᠷᠢ ᠶᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ᠎ᠠ᠃  
 
ᠢᠷᠡᠯᠲᠡ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号