ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶᠠᠨ ᠤ ᠤᠯᠠᠭᠠᠨᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/13
      ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃     ︵ᠬᠤᠶᠠᠷ︶ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠠᠮᠢᠶ᠎ᠠ ᠪᠥᠬᠦᠢ ᠭᠠᠶᠢᠯᠢ  ᠶᠢᠨ ᠪᠤᠰᠤ ᠣᠷᠣᠯᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠪᠣᠯᠤᠨ  ᠲᠦᠷᠢᠮᠵᠢᠯ  ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠣᠳᠠᠲᠠᠶ ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠨ᠎ᠠ᠃ ᠤᠯᠤᠰ ᠠᠴᠠ ᠲᠣᠭᠲᠠᠭᠠᠭᠰᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃     ︵ᠭᠤᠷᠪᠠ︶ ᠲᠤᠰ ᠨᠢᠭᠡᠴᠡ ᠶᠢᠨ ᠢᠶᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠠᠮᠢᠶ᠎ᠠ ᠪᠥᠬᠦᠢ ᠭᠠᠶᠢᠯᠢ ᠶᠢᠨ ᠪᠤᠰᠤ ᠣᠷᠣᠯᠭ᠎ᠠ ᠶᠢᠨ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢ ᠬᠠᠷᠢᠭᠤᠴᠠᠨ ᠰᠤᠳᠤᠯᠤᠨ ᠲᠣᠭᠲᠠᠭᠠᠵᠤ᠂ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠠᠮᠢᠶ᠎ᠠ ᠪᠥᠬᠦᠢ ᠭᠠᠶᠢᠯᠢ ᠶᠢᠨ ᠪᠤᠰᠤ ᠣᠷᠣᠯᠭ᠎ᠠ ᠶᠢᠨ ᠲᠥᠰᠦᠪ ᠤᠨ ᠬᠠᠷᠠᠯᠲᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠰ ᠨᠢᠭᠡᠴᠡ ᠶᠢᠨ ᠢᠶᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠠᠮᠢᠶ᠎ᠠ ᠪᠥᠬᠦᠶ ᠭᠠᠶᠢᠯᠢ ᠶᠢᠨ ᠪᠤᠰᠤ ᠣᠷᠣᠯᠭ᠎ᠠ ᠶᠢᠨ ᠨᠢᠭᠡᠳᠦᠯᠲᠡᠶ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠣᠷᠣᠯᠭ᠎ᠠ ᠶᠢᠨ ᠵᠠᠳᠠᠯᠤᠯᠲᠠ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠳᠥᠷᠪᠡ︶ ᠭᠠᠶᠢᠯᠢ ᠲᠠᠲᠠᠪᠤᠷᠢ ᠶᠢᠨ ᠠᠵᠤ ᠠᠬᠤᠶ ᠶᠢᠨ ᠵᠠᠳᠠᠯᠤᠯᠲᠠ ᠪᠠ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠤᠨ ᠵᠠᠳᠠᠯᠤᠯᠲᠠ ᠬᠢᠬᠦ ᠶᠢ ᠬᠠᠷᠢᠭᠤᠴᠠᠨ ᠥᠷᠨᠢᠭᠦᠯᠵᠦ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶᠠᠨ ᠤ ᠬᠢᠩᠭᠠᠨ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ  ᠳᠤ ᠯᠠᠪᠯᠠᠯᠲᠠ ᠬᠠᠩᠭᠠᠨ᠎ᠠ᠃     ︵ᠲᠠᠪᠤ︶ ᠬᠠᠷᠢᠶ᠎ᠠ ᠣᠷᠣᠨ ᠤ ᠳᠣᠲᠣᠷᠠᠬᠢ ᠡᠯ᠎ᠡ ᠵᠦᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠬᠠᠮᠢᠶ᠎ᠠ ᠪᠥᠬᠦᠶ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ ᠬᠠᠮᠢᠶᠠᠷᠤᠯᠲᠠ ᠶᠢ ᠬᠠᠷᠢᠭᠤᠴᠠᠨ᠎ᠠ᠃ ᠭᠠᠶᠢᠯᠢ ︵ᠰᠦᠢᠳᠬᠡᠯ︶ ᠶᠢᠨ ᠢᠷᠡᠯᠳᠡ ᠶᠢ ᠬᠢᠨᠠᠨ ᠡᠵᠡᠮᠳᠡᠬᠦ ᠪᠠ ᠲᠦᠭᠰᠢᠭᠦᠷᠢ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠮᠤ ᠠᠵᠤ ᠠᠬᠤᠶᠢᠯᠠᠯ ᠪᠠ ᠪᠠᠶᠢᠭᠠᠯᠢ ᠬᠥᠮᠦᠨ ᠤ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃     ︵ᠵᠢᠷᠭᠤᠭ᠎ᠠ︶ ᠲᠣᠰ ᠨᠢᠭᠡᠴᠡ ᠶᠢᠨ ᠢᠶᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠬᠠᠮᠢᠶ᠎ᠠ ᠪᠥᠬᠦᠶ ᠭᠠᠶᠢᠯᠢ ᠶᠢᠨ ᠪᠤᠰᠤ ᠣᠷᠣᠯᠭ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠭᠠᠶᠢᠯᠢ ᠲᠤᠰᠢᠶᠠᠬᠤ ᠦᠢᠯᠡᠴᠢᠯᠡᠭᠡ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠠ ᠬᠠᠮᠢᠶ᠎ᠠ ᠪᠥᠬᠦᠶ ᠭᠠᠶᠢᠯᠢ ᠶᠢᠨ ᠪᠤᠰᠤ ᠣᠷᠣᠯᠭ᠎ᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠰᠢᠳᠬᠡᠯ ᠤᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠶᠢᠨ ᠵᠦᠢᠯᠡᠰ ᠢ ᠡᠭᠦᠷᠭᠡᠯᠡᠨ᠎ᠡ᠃     ︵ᠲᠤᠯᠤᠭ᠎ᠠ︶ ᠬᠠᠷᠢᠶ᠎ᠠ ᠣᠷᠣᠨ ᠤ ᠪᠠᠨ ᠳᠣᠲᠣᠷᠠᠬᠢ ᠤᠯᠤᠰ ᠤᠨ ᠬᠤᠭᠤᠷᠣᠨᠳᠣᠬᠢ ᠭᠠᠶᠢᠯᠢ ᠲᠠᠲᠠᠪᠤᠷᠢ ᠪᠣᠯᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠪᠠᠶᠢᠴᠠᠭᠠᠯᠲᠠ ᠪᠣᠯᠤᠨ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠶᠠᠪᠤᠳᠠᠯ ᠢ ᠭᠦᠢᠴᠡᠳᠬᠡᠬᠦ ᠶᠢ ᠵᠣᠬᠢᠶᠠᠨ ᠪᠠᠶᠢᠭᠤᠯᠤᠨ᠎ᠠ᠃     ︵ᠨᠠᠢᠮᠠ︶ ᠥᠷᠳᠡᠭ ᠤᠨ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ᠂ ᠡᠩ ᠤᠨ ᠪᠠᠷᠢᠮᠲᠠ ᠪᠣᠯᠤᠨ ᠪᠤᠰᠤᠳ ᠡᠯ᠎ᠡ ᠲᠥᠷᠥᠯ ᠤᠨ ᠪᠠᠷᠢᠮᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠪᠠᠷᠢᠮᠲᠠ ᠲᠡᠮᠳᠡᠭ ᠤᠨ ᠬᠠᠮᠢᠶᠠᠷᠤᠯᠲᠠ ᠶᠢ ᠬᠠᠷᠢᠭᠤᠴᠠᠨ᠎ᠠ᠃     ︵ᠶᠢᠰᠦ︶ ᠲᠣᠰ ᠨᠢᠭᠡᠴᠡ ᠶᠢᠨ ᠢᠶᠠᠨ ᠡᠯ᠎ᠡ ᠵᠦᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠬᠠᠮᠢᠶ᠎ᠠ ᠪᠥᠬᠦᠶ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠲᠤᠭ᠎ᠠ ᠪᠠᠷᠢᠮᠲᠠ ᠶᠢᠨ ᠵᠠᠰᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃     ︵ᠠᠷᠪᠠ︶ ᠲᠣᠰ ᠨᠢᠭᠡᠴᠡ ᠶᠢᠨ ᠢᠶᠠᠨ ᠳᠣᠲᠣᠭᠠᠳᠤ ᠶᠢᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠲᠣᠰ ᠨᠢᠭᠡᠴᠡ ᠶᠢᠨ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠵᠢᠴᠢ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ  ᠱᠠᠯᠠᠪᠳᠠᠭᠤᠯᠤᠨ ᠭᠦᠢᠴᠡᠳᠬᠡᠬᠦ ᠶᠢ ᠥᠷᠨᠢᠭᠦᠯᠵᠦ᠂ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠶᠢ ᠱᠠᠯᠠᠪᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠠᠷᠪᠠᠨ ᠨᠢᠭᠡ︶ ᠲᠣᠰ ᠨᠢᠭᠡᠴᠡ ᠶᠢᠨ ᠢᠶᠠᠨ ᠦᠨᠳᠦᠰᠦᠨ ᠱᠠᠲᠤᠨ ᠤ ᠪᠠᠶᠢᠭᠤᠯᠤᠯᠲᠠ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠤᠳᠤᠷᠢᠳᠬᠤ ᠪᠠᠭ ᠪᠠ ᠪᠡᠯᠡᠳᠬᠡᠯ ᠺᠠᠳ᠋ᠷ ᠤᠨ ᠡᠩᠨᠡᠭᠡᠨ  ᠤ ᠪᠠᠶᠢᠭᠤᠯᠤᠯᠲᠠ ᠶᠢ ᠴᠢᠩᠭᠠᠳᠬᠠᠨ᠂ ᠭᠠᠶᠢᠯᠢ ᠶᠢᠨ ᠶᠠᠪᠤᠳᠠᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠡᠭᠦᠷᠭᠡᠯᠡᠨ᠎ᠡ᠃ ᠲᠣᠰ ᠨᠢᠭᠡᠴᠡ ᠶᠢᠨ ᠢᠶᠠᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃     ︵ᠠᠷᠪᠠᠨ ᠬᠤᠶᠠᠷ︶ ᠲᠣᠰ ᠨᠢᠭᠡᠴᠡ ᠶᠢᠨ ᠢᠶᠠᠨ ᠪᠠᠶᠢᠭᠤᠯᠤᠮᠵᠢ᠂ ᠣᠷᠣᠨ ᠲᠤᠭ᠎ᠠ᠂ ᠵᠠᠷᠤᠳᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠠᠷᠪᠠᠨ ᠭᠤᠷᠪᠠ︶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶᠠᠨ ᠤ ᠬᠢᠩᠭᠠᠨ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠤᠨ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃  
 
ᠢᠷᠡᠯᠲᠡ᠄ ᠤᠯᠠᠭᠠᠨᠬᠤᠲᠠ ᠶᠢᠨ ᠬᠠᠮᠢᠶᠠᠷᠤᠭᠴᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号