ᠤᠯᠠᠭᠠᠨᠬᠤᠲᠠ ᠶᠢᠨ ᠲᠥᠯᠥᠪᠵᠢᠭᠦᠯᠭᠡ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠤᠯ ᠠᠵᠢᠯ ᠤᠨ ᠴᠢᠳᠠᠪᠬᠢ᠄     ︵ᠨᠢᠭᠡ︶ ︽ᠬᠤᠳᠠ ᠶᠢᠨ ᠲᠥᠯᠥᠪᠵᠢᠭᠦᠯᠭᠡ ᠶᠢᠨ ᠬᠠᠤᠯᠢ︾ ᠪᠠ ᠬᠠᠷᠠᠭᠠᠯᠵᠠᠬᠰᠠᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ ᠬᠤᠳᠠ ᠶᠢᠨ ᠬᠥᠭᠵᠢᠯᠲᠡ ᠪᠦᠳᠦᠭᠡᠨ ᠪᠠᠶᠢᠭᠤᠯᠤᠯᠲᠠ ᠶᠢᠨ ᠲᠤᠬᠠᠶ ᠴᠢᠭᠯᠡᠯᠲᠡ ᠂ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠬᠤᠳᠠ ᠶᠢᠨ ᠶᠡᠷᠦᠩᠬᠡᠶ ᠲᠥᠯᠥᠪᠵᠢᠭᠦᠯᠭᠡ ᠵᠢᠴᠢ ᠲᠡᠭᠦᠨ ᠤ ᠬᠠᠮᠢᠶᠠᠷᠤᠯᠲᠠ ᠶᠢᠨ ᠠᠷᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃     ︵ᠬᠤᠶᠠᠷ︶ ᠬᠤᠳᠠ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ᠃ ᠬᠤᠲᠠ ᠶᠢᠨ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠭᠠᠵᠠᠷ ᠰᠣᠩᠭᠤᠬᠤ ᠳᠤ ᠲᠥᠯᠥᠪᠵᠢᠭᠦᠯᠭᠡ ᠬᠢᠬᠦ ᠶᠢ ᠬᠠᠷᠢᠭᠤᠴᠠᠵᠤ᠂ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ᠂ ᠲᠡᠤᠬᠡ ᠰᠣᠶᠣᠯ ᠤᠨ ᠥᠪ ᠲᠤ ᠬᠠᠮᠢᠶᠠᠷᠤᠯᠲᠠ ᠬᠢᠵᠦ᠂ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠳᠠᠭᠠᠭᠠᠴᠢᠯᠠᠯᠲᠠ ᠵᠠᠷᠯᠠᠵᠤ ᠦᠨ᠎ᠡ ᠬᠠᠶᠠᠵᠤ ᠬᠤᠳᠠᠯᠳᠤᠬᠤ ᠠᠵᠢᠯᠯᠠᠭ᠎ᠠ ᠶᠢ  ᠲᠦᠷᠢᠮᠵᠢᠬᠦᠯᠵᠦ᠂ ᠬᠤᠲᠠ ᠶᠢᠨ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢ ᠬᠤᠲᠠ ᠶᠢᠨ ᠲᠥᠯᠥᠪᠵᠢᠭᠦᠯᠭᠡ ᠶᠢᠨ ᠵᠠᠮ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ ᠬᠤᠳᠠ ᠶᠢᠨ ᠲᠥᠯᠥᠪᠵᠢᠭᠦᠯᠭᠡ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠶᠡᠷᠦᠩᠬᠡᠶᠢᠯᠡᠨ ᠰᠢᠯᠭᠠᠨ ᠠᠪᠬᠤ ᠠᠵᠢᠯ ᠳᠤ ᠣᠷᠤᠯᠴᠠᠨ᠎ᠠ᠃     ︵ᠭᠤᠷᠪᠠ︶ ᠪᠥᠬᠦ ᠬᠤᠳᠠ ᠶᠢᠨ ᠡᠯ᠎ᠡ ᠲᠡᠰ ᠳᠠᠪᠬᠤᠷᠭ᠎ᠠ ᠶᠢᠨ ᠬᠤᠳᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ  ᠲᠤᠭᠤᠷᠪᠢᠬᠤ ᠪᠠ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠬᠢᠨᠠᠨ ᠵᠥᠪᠰᠢᠶᠡᠷᠡᠵᠦ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠪᠠ ᠬᠤᠳᠠ ᠶᠢᠨ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠨ᠂ ᠡᠯ᠎ᠡ ᠲᠡᠰ ᠳᠠᠪᠬᠤᠷᠭ᠎ᠠ ᠡᠯ᠎ᠡ ᠲᠦᠷᠦᠯ ᠤᠨ ᠲᠤᠰᠬᠠᠶ ᠮᠡᠷᠭᠡᠵᠢᠯ ᠤᠨ ᠲᠥᠯᠥᠪᠵᠢᠭᠦᠯᠭᠡ᠂ ᠲᠤᠰᠬᠠᠶ ᠰᠡᠳᠦᠪᠲᠦ ᠲᠥᠯᠥᠪᠵᠢᠭᠦᠯᠭᠡ ᠪᠠ ᠨᠠᠷᠢᠨ ᠲᠥᠯᠥᠪᠵᠢᠭᠦᠯᠭᠡ ᠵᠡᠷᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ  ᠲᠤᠭᠤᠷᠪᠢᠵᠦ᠂ ᠬᠠᠮᠢᠶ᠎ᠠ ᠪᠦᠬᠦᠢ ᠠᠵᠢᠯ ᠲᠦᠷᠦᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠢ ᠵᠣᠬᠢᠴᠠᠭᠤᠯᠤᠨ ᠵᠢᠯᠣᠭᠤᠳᠬᠤ ᠶᠢᠨ ᠬᠠᠮᠲᠤ ᠬᠤᠳᠠ ᠶᠢᠨ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠬᠢᠨᠠᠨ ᠵᠥᠪᠰᠢᠶᠡᠷᠡᠬᠦ ᠪᠠ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠵᠤ᠂ ᠣᠨ ᠤ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠠᠰᠢᠭᠯᠠᠬᠤ ᠲᠥᠯᠥᠪᠯᠡᠭᠡ ᠶᠢ ᠨᠠᠶᠢᠷᠠᠭᠤᠯᠤᠨ  ᠲᠤᠭᠤᠷᠪᠢᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠲᠥᠷᠪᠡ︶ ᠬᠤᠳᠠ ᠶᠢᠨ ᠪᠥᠳᠥᠭᠡᠨ ᠪᠠᠶᠢᠭᠤᠯᠤᠯᠲᠠ ᠶᠢᠨ ᠳᠤᠮᠳᠠᠬᠢ ᠪᠠᠷᠢᠯᠭ᠎ᠠ ᠶᠢᠨ ᠲᠥᠰᠦᠯ ᠢ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ᠃ ᠬᠤᠳᠠ ᠶᠢᠨ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠶᠡᠷᠦᠩᠬᠡᠶ ᠬᠠᠪᠲᠠᠭᠠᠶ᠂ ᠡᠯ᠎ᠡ ᠲᠦᠷᠦᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠲᠥᠰᠦᠯ᠂ ᠪᠠᠷᠢᠯᠭ᠎ᠠ ᠶᠢᠨ ᠣᠬᠤᠷ ᠪᠦᠲᠦᠭᠡᠯ᠂ ᠬᠤᠳᠠ ᠶᠢᠨ ᠱᠤᠭᠤᠮᠠᠯ ᠤᠨ ᠵᠢᠷᠤᠭ ᠲᠥᠯᠥᠪᠯᠡᠭᠡᠨ ᠤ ᠲᠥᠰᠦᠯ ᠢ ᠬᠢᠨᠠᠨ ᠲᠣᠭᠲᠠᠭᠠᠨ᠎ᠠ᠃     ︵ᠲᠠᠪᠤ︶ ᠪᠥᠬᠦ ᠬᠤᠲᠠ ᠶᠢᠨ ᠲᠣᠰᠬᠤᠨ ᠪᠠᠯᠭᠠᠰᠤ ᠶᠢᠨ ᠲᠥᠯᠥᠪᠵᠢᠭᠦᠯᠭᠡ ᠶᠢᠨ ᠪᠠᠷᠢᠯᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ︽ᠠᠶᠢᠯ ᠲᠣᠰᠬᠤᠨ ᠪᠠ ᠴᠤᠭᠯᠠᠭ᠎ᠠ ᠪᠠᠯᠭᠠᠰᠤ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾ ᠪᠠ ︽ᠪᠠᠯᠭᠠᠰᠤ ᠪᠠᠶᠢᠭᠤᠯᠬᠤ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ ᠪᠥᠬᠦ ᠬᠤᠲᠠ ᠶᠢᠨ ᠲᠣᠰᠬᠤᠨ ᠪᠠᠯᠭᠠᠰᠤ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠵᠦ᠂ ᠲᠥᠯᠥᠪᠵᠢᠭᠦᠯᠭᠡ ᠶᠢᠨ ᠬᠠᠮᠢᠶᠠᠷᠤᠯᠲᠠ᠂ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠠᠮᠲᠤ ᠶᠢᠨ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠤᠨ ᠥᠮᠴᠢᠯᠡᠬᠦ ᠡᠷᠬᠡ ᠬᠥᠷᠥᠩᠭᠡ ᠶᠢᠨ ᠬᠠᠷᠢᠶ᠎ᠠ ᠶᠢᠨ ᠬᠠᠮᠢᠶᠠᠷᠤᠯᠲᠠ ᠪᠠ ᠲᠠᠷᠢᠶᠠᠯᠠᠩ ᠳᠤ ᠬᠡᠷᠡᠭᠯᠡᠬᠦ ᠦᠢᠯᠡᠳᠪᠦᠷᠢᠯᠡᠯ ᠤᠨ ᠲᠦᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃  
 
ᠢᠷᠡᠯᠲᠡ᠄ ᠲᠥᠯᠥᠪᠵᠢᠭᠦᠯᠭᠡ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号