ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ᠄     ︵ᠨᠢᠭᠡ︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠦᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃     ︵ᠬᠤᠶᠠᠷ︶ ᠪᠦᠬᠦ ᠬᠤᠳᠠ ᠶᠢᠨ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ᠂ ᠨᠢᠯᠬ᠎ᠠ ᠬᠡᠦᠬᠡᠳ ᠤᠨ ᠰᠤᠷᠭᠠᠨ ᠬᠥᠮᠦᠵᠢᠯ ᠢ ᠬᠠᠮᠢᠶᠠᠷᠤᠨ᠎ᠠ᠃ ᠪᠦᠬᠦ ᠬᠤᠲᠠ ᠶᠢᠨ ᠰᠤᠷᠭᠠᠨ ᠬᠥᠮᠦᠵᠢᠯ ᠤᠨ ᠪᠦᠲᠦᠴᠡ ᠪᠠ ᠬᠠᠷᠢᠴᠠᠯ ᠢ ᠬᠤᠷᠸ᠎ᠠ ᠲᠠᠯ᠎ᠠ ᠪᠠᠷ ᠲᠣᠬᠢᠷᠠᠭᠤᠯᠤᠨ ᠡᠵᠡᠮᠳᠡᠨ᠎ᠡ᠃ ᠡᠯ᠎ᠡ ᠲᠥᠷᠥᠯ ᠤᠨ ᠰᠤᠷᠭᠠᠨ ᠬᠥᠮᠦᠵᠢᠯ ᠢ ᠬᠢᠨᠠᠨ ᠵᠢᠯᠣᠭᠤᠳᠴᠤ ᠦᠨᠡᠯᠡᠨ ᠵᠢᠱᠢᠯᠲᠡ ᠬᠢᠨ᠎ᠠ᠃     ︵ᠭᠤᠷᠪᠠ︶ ᠪᠦᠬᠦ ᠬᠤᠳᠠ ᠶᠢᠨ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ ᠤᠨ ᠤᠬᠠᠭᠤᠯᠭ᠎ᠠ᠂ ᠰᠤᠷᠭᠠᠨ ᠬᠥᠮᠦᠵᠢᠯ ᠤᠨ ᠮᠡᠳᠡᠭᠡ ᠵᠠᠩᠭᠢ᠂ ᠰᠤᠷᠭᠠᠨ ᠬᠥᠮᠦᠵᠢᠯ ᠤᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠤᠪᠢ ᠬᠥᠮᠦᠨ ᠤ ᠰᠤᠷᠭᠠᠭᠤᠯᠢ ᠡᠷᠭᠢᠯᠡᠵᠦ ᠪᠠᠶᠢᠭ᠎ᠠ ᠪᠠᠶᠢᠳᠠᠯ ᠢ ᠪᠠᠶᠢᠴᠠᠭᠠᠨ ᠵᠢᠯᠣᠭᠤᠳᠴᠤ᠂ ᠲᠡᠭᠦᠨ ᠳᠤ ᠬᠢᠨᠠᠯᠲᠠ ᠲᠠᠯᠪᠢᠵᠤ᠂ ᠠᠵᠤ ᠠᠬᠤᠶᠢᠯᠠᠯ ᠪᠤᠶᠤ ᠪᠤᠰᠤᠳ ᠠᠵᠢᠯ ᠲᠥᠷᠥᠯ ᠤᠨ ᠰᠤᠷᠭᠠᠭᠤᠯᠢ ᠡᠷᠭᠢᠯᠡᠵᠦ ᠪᠠᠶᠢᠭ᠎ᠠ ᠪᠠᠶᠢᠳᠠᠯ ᠢ ᠵᠢᠯᠣᠭᠤᠳᠤᠨ᠎ᠠ᠃ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠨ ᠵᠢᠯᠣᠭᠤᠳᠴᠤ  ᠬᠠᠮᠢᠶᠠᠷᠤᠨ᠎ᠠ᠃     ︵ᠳᠥᠷᠪᠡ︶ ᠪᠥᠬᠦ ᠬᠤᠲᠠ ᠶᠢᠨ ᠤᠯᠤᠰ ᠠᠴᠠ ᠡᠷᠭᠢᠯᠡᠭᠰᠡᠨ ᠪᠠᠭᠰᠢ ᠶᠢᠨ ᠡᠩᠨᠡᠭᠡ ᠶᠢ ᠬᠠᠮᠢᠶᠠᠷᠤᠨ᠎ᠠ᠃ ᠰᠤᠷᠭᠠᠨ ᠬᠥᠮᠦᠵᠢᠯ ᠤᠨ ᠡᠩᠨᠡᠭᠡ ᠶᠢ ᠲᠣᠬᠢᠷᠠᠭᠤᠯᠬᠤ᠂ ᠪᠣᠯᠪᠠᠰᠤᠷᠠᠭᠤᠯᠵᠤ ᠬᠢᠨᠠᠨ ᠰᠢᠯᠭᠠᠬᠤ᠂ ᠬᠥᠳᠡᠯᠮᠦᠷᠢ ᠶᠢᠨ ᠴᠠᠯᠢᠩ ᠢ ᠱᠠᠩᠨᠠᠵᠤ ᠲᠣᠷᠭᠠᠬᠤ᠂ ᠲᠤᠰᠬᠠᠶ ᠮᠡᠷᠭᠡᠵᠢᠯ ᠤᠨ ᠲᠤᠰᠢᠶᠠᠯ ᠢ ᠲᠣᠭᠲᠠᠭᠠᠵᠤ ᠤᠷᠢᠬᠤ ᠵᠢᠴᠢ ᠪᠠᠭᠰᠢ ᠶᠢᠨ ᠲᠦᠷᠦᠯ ᠤᠨ ᠰᠤᠷᠭᠠᠭᠤᠯᠢ ᠲᠡᠭᠦᠰᠦᠭᠰᠡᠨ ᠰᠤᠷᠤᠭᠴᠢᠳ ᠢ ᠬᠤᠪᠢᠶᠠᠷᠢᠯᠠᠬᠤ ᠠᠵᠢᠯ ᠵᠡᠷᠭᠡ ᠶᠢ ᠬᠠᠷᠢᠭᠤᠴᠠᠨ᠎ᠠ᠃     ︵ᠲᠠᠪᠤ︶ ᠰᠤᠷᠭᠠᠨ ᠬᠥᠮᠦᠵᠢᠯ ᠤᠨ ᠦᠢᠯᠡᠰ ᠤᠨ ᠵᠠᠷᠤᠳᠠᠯ ᠢ ᠬᠠᠮᠢᠶᠠᠷᠴᠤ᠂ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ᠂ ᠵᠠᠷᠤᠳᠠᠯ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠬᠠᠷᠢᠭᠤᠴᠠᠨ᠎ᠠ᠃ ᠠᠵᠢᠯᠴᠢ ᠠᠷᠪᠢᠴᠢ ᠪᠠᠷ ᠰᠤᠷᠤᠯᠴᠠᠬᠤ ᠠᠵᠢᠯ ᠢ ᠬᠠᠮᠢᠶᠠᠷᠴᠤ ᠵᠢᠯᠣᠭᠤᠳᠤᠨ᠎ᠠ᠃     ︵ᠵᠢᠷᠭᠤᠭ᠎ᠠ︶ ᠰᠤᠷᠭᠠᠨ ᠬᠥᠮᠦᠵᠢᠭᠦᠯᠵᠦ ᠬᠢᠨᠠᠨ ᠵᠢᠯᠣᠭᠤᠳᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠠᠯᠠᠭᠤ ᠢᠳᠡᠷᠴᠦᠳ ᠤᠨ  ᠪᠢᠴᠢᠭ  ᠤᠨ ᠪᠠᠯᠠᠢ ᠶᠢ ᠠᠷᠢᠯᠭᠠᠬᠤ᠂ ᠠᠵᠢᠯᠳᠠᠨ ᠠᠵᠢᠯᠴᠢᠨ ᠤ ᠠᠵᠢᠯ ᠤᠨ ᠪᠠᠶᠢᠷᠢ ᠶᠢᠨ ᠪᠣᠯᠪᠠᠰᠤᠷᠠᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠥᠷᠨᠢᠭᠦᠯᠦᠨ᠎ᠡ᠃     ︵ᠳᠣᠯᠤᠭ᠎ᠠ︶ ᠬᠤᠲᠠ ᠶᠢᠨ ᠰᠣᠷᠣᠭᠴᠢ ᠡᠯᠰᠡᠬᠦ ᠵᠥᠪᠯᠡᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠂ ᠡᠭᠦᠨ ᠳᠤ ᠡᠯ᠎ᠡ ᠲᠥᠷᠥᠯ ᠤᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠵᠡᠷᠭᠡ ᠪᠠᠭᠲᠠᠨ᠎ᠠ᠃ ᠪᠥᠬᠦ ᠬᠤᠲᠠ ᠶᠢᠨ ᠬᠢᠲᠠᠳ ᠦᠭᠡ ᠬᠡᠯᠡ ᠥᠰᠥᠭ ᠪᠢᠴᠢᠭ ᠤᠨ ᠳᠦᠷᠢᠮᠵᠢᠯ ᠪᠠ ᠪᠠᠷᠢᠮᠵᠢᠶ᠎ᠠ ᠶᠢᠨ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃     ︵ᠨᠠᠢᠮᠠ︶ ᠳᠡᠭᠡᠳᠦ ᠱᠠᠲᠤᠨ ᠤ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠲᠠᠢ ᠬᠠᠮᠵᠢᠯᠴᠠᠨ ᠣᠯᠠᠨ ᠵᠦᠢᠯ ᠤᠨ ᠬᠡᠯᠪᠡᠷᠢ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃     ︵ᠶᠢᠰᠦ︶ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠠᠰᠢᠭᠲᠠᠶ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠠᠭᠰᠢ ᠠᠵᠢᠯᠳᠠᠨ ᠠᠵᠢᠯᠴᠢᠨ ᠤ ᠦᠵᠡᠯ ᠰᠠᠨᠠᠭ᠎ᠠ ᠪᠠ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠪᠠᠭᠰᠢ ᠠᠵᠢᠯᠳᠠᠨ ᠠᠵᠢᠯᠴᠢᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠬᠥᠭᠵᠢᠭᠡᠨ ᠲᠠᠢ ᠪᠣᠯᠭᠠᠨ᠎ᠠ᠃     ︵ᠠᠷᠪᠠ︶ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠠᠷᠪᠠᠨ ᠨᠢᠭᠡ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠣᠶᠣᠯ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠤᠨ ᠠᠵᠢᠯ ᠢ ᠵᠢᠯᠣᠭᠤᠳᠤᠨ᠎ᠠ᠃     ︵ᠠᠷᠪᠠᠨ ᠬᠤᠶᠠᠷ︶ ᠪᠠᠶᠢᠭᠤᠯᠭ᠎ᠠ ᠵᠢᠴᠢ ᠰᠢᠭᠤᠳ ᠬᠠᠷᠢᠶ᠎ᠠ ᠨᠢᠭᠡᠴᠡ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵ᠠᠷᠪᠠᠨ ᠭᠤᠷᠪᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号