ᠤᠯᠠᠭᠠᠨᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
          ᠪᠠᠶᠢᠭᠤᠯᠤᠮᠵᠢ ᠶᠢᠨ ᠡᠬᠦᠷᠭᠡ ᠴᠢᠳᠠᠪᠬᠢ᠄     ︵ᠨᠢᠭᠡ︶ ᠵᠠᠮ ᠲᠡᠭᠡᠭᠡᠪᠦᠷᠢ ᠶᠢᠨ ᠲᠤᠬᠠᠶ ᠤᠯᠤᠰ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠳᠠ ᠶᠢᠨ ᠵᠠᠮ ᠲᠡᠭᠡᠭᠡᠪᠦᠷᠢ ᠶᠢᠨ ᠠᠵᠢᠯ ᠤᠨ ᠲᠠᠯ᠎ᠠ ᠪᠠᠷ ᠬᠢ ᠲᠣᠭᠲᠠᠭᠠᠯ᠂ ᠪᠠᠷᠢᠮᠵᠢᠶ᠎ᠠ᠂ ᠨᠠᠷᠢᠨ ᠲᠦᠷᠢᠮ ᠢ ᠲᠤᠭᠤᠷᠪᠢᠨ ᠲᠣᠭᠲᠠᠭᠠᠨ᠎ᠠ᠃     ︵ᠬᠤᠶᠠᠷ︶ ᠪᠥᠬᠦ ᠬᠤᠳᠠ ᠶᠢᠨ ᠵᠠᠰᠠᠮᠠᠯ ᠵᠠᠮ ᠤᠰᠤᠨ ᠵᠠᠮ ᠤᠨ ᠪᠥᠳᠥᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠠᠮᠢᠶ᠎ᠠ ᠪᠥᠬᠦᠶ ᠲᠥᠷᠥᠯ ᠵᠦᠢᠯ᠂ ᠪᠠᠯᠠ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠠᠯᠠ ᠲᠣᠬᠢᠷᠠᠭᠤᠯᠭ᠎ᠠ ᠵᠡᠷᠭᠡ ᠲᠠᠯ᠎ᠠ ᠳᠤ ᠬᠤᠯᠪᠣᠭᠳᠠᠬᠤ ᠪᠤᠰᠤᠳ ᠰᠠᠨᠠᠭᠤᠯᠭ᠎ᠠ ᠶᠢ ᠳᠤᠷᠠᠳᠴᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠠᠮᠢᠶ᠎ᠠ ᠪᠥᠬᠦᠶ ᠲᠥᠷᠥᠯ ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ᠎ᠡ᠃ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠭᠤᠷᠪᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ᠂ ᠵᠠᠮ ᠳᠤ ᠬᠤᠯᠪᠣᠭᠳᠠᠬᠤ ᠪᠠᠷᠢᠯᠭ᠎ᠠ ᠶᠢᠨ ᠬᠠᠮᠢᠶ᠎ᠠ ᠪᠥᠬᠦᠢ ᠵᠦᠢᠯᠡᠰ ᠢ ᠬᠠᠮᠢᠶᠠᠷᠴᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠵᠠᠰᠠᠮᠠᠯ ᠵᠠᠮ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠮ ᠤᠨ ᠲᠣᠤᠷ ᠤᠨ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠳᠠᠭᠠᠭᠠᠨ ᠭᠦᠢᠴᠡᠳᠭᠡᠨ᠎ᠡ᠃     ︵ᠲᠥᠷᠪᠡ︶ ᠪᠥᠬᠦ ᠬᠤᠳᠠ ᠶᠢᠨ ᠵᠠᠰᠠᠮᠠᠯ ᠵᠠᠮ ᠤᠰᠤᠨ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ ᠦᠨ᠎ᠡ ᠶᠢᠨ ᠲᠣᠭᠲᠠᠭᠰᠠᠨ ᠲᠤᠭ᠎ᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠭᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠲᠤᠰᠢᠶᠠᠵᠤ ᠳᠠᠭᠤᠰᠤᠭᠰᠠᠨ ᠢ ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠲᠠᠪᠤ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠵᠢᠴᠢ ᠬᠠᠮᠢᠶ᠎ᠠ ᠪᠥᠬᠦᠶ ᠲᠦᠬᠦᠭᠡᠷᠦᠮᠵᠢ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ᠂ ᠮᠠᠰᠢᠨ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠯᠲᠡ ᠶᠢᠨ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠳᠠᠮᠵᠢ ᠶᠢ ᠪᠠᠶᠢᠴᠠᠭᠠᠨ ᠰᠢᠯᠭᠠᠬᠤ᠂ ᠮᠠᠰᠢᠨ ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠬᠤ᠂ ᠠᠵᠢᠯᠯᠠᠭᠰᠠᠳ ᠢ ᠬᠠᠮᠢᠶᠠᠷᠬᠤ᠂ ᠣᠩᠭᠤᠴᠠ ᠰᠠᠯ ᠢ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠴᠢᠨ ᠢ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃     ︵ᠵᠢᠷᠭᠤᠭ᠎ᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠮᠠᠯ ᠵᠠᠮ ᠤᠰᠤᠨ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠵᠠᠮ ᠤᠨ ᠲᠣᠤᠷ ᠤᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠯᠲᠠ ᠬᠢᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠭᠤᠣᠯᠳᠠᠯᠭ᠎ᠠ ᠲᠠᠢ ᠡᠳ᠋ ᠪᠣᠳᠠᠰ᠂ ᠠᠶᠠᠨᠴᠢᠳ ᠪᠠ ᠪᠠᠷᠠᠭᠠᠨ ᠤ ᠪᠠᠴᠢᠮ ᠲᠡᠭᠡᠭᠡᠪᠦᠷᠢ ᠶᠢ ᠲᠣᠬᠢᠷᠠᠭᠤᠯᠤᠨ ᠡᠵᠡᠮᠳᠡᠨ᠎ᠡ᠃     ︵ᠳᠣᠯᠤᠭ᠎ᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠰ ᠭᠠᠵᠠᠷ ᠣᠷᠣᠨ ᠤ ᠪᠠᠨ ᠬᠠᠷᠢᠶᠠᠯᠠᠯ ᠳᠠᠬᠢ ᠬᠡᠷᠡᠭ ᠢ ᠳᠠᠭᠠᠭᠠᠴᠢᠯᠠᠨ ᠭᠦᠢᠴᠡᠳᠭᠡᠨ᠎ᠡ᠃     ︵ᠨᠠᠢᠮᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠵᠤ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃     ︵ᠶᠢᠰᠦ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠠᠵᠢᠯ ᠢ ᠵᠢᠯᠣᠭᠤᠳᠤᠨ᠎ᠠ᠃     ︵ᠠᠷᠪᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃     ︵ᠠᠷᠪᠠᠨ ᠨᠢᠭᠡ︶ ᠵᠠᠰᠠᠮᠠᠯ ᠵᠠᠮ ᠤᠰᠤᠨ ᠵᠠᠮ ᠤᠨ ᠲᠡᠶᠢᠨ ᠤ ᠪᠡᠯᠡᠳᠬᠡᠯ ᠠᠵᠢᠯ ᠪᠠ ᠪᠠᠴᠢᠮ ᠪᠠᠶᠢᠳᠠᠯ ᠢ ᠠᠷᠭᠠᠴᠠᠭᠠᠬᠤ ᠲᠡᠭᠡᠭᠡᠪᠦᠷᠢ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠵᠠᠮ ᠬᠠᠷᠢᠯᠴᠠᠭᠠᠨ ᠤ ᠲᠡᠶᠢᠨ ᠤ ᠪᠡᠯᠡᠳᠬᠡᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃     ︵ᠠᠷᠪᠠᠨ ᠬᠤᠶᠠᠷ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠮ ᠬᠠᠷᠢᠯᠴᠠᠭᠠᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号