ᠤᠯᠠᠭᠠᠨᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠣᠶ ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠵᠠᠰᠠᠨ ᠰᠡᠷᠭᠦᠭᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠤᠢ ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠶ ᠶᠢᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠪᠠ ᠵᠠᠰᠠᠨ ᠰᠡᠷᠭᠦᠭᠡᠬᠦ ᠳᠦᠷᠦ ᠶᠢᠨ ᠪᠤᠳᠤᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠨ᠎ᠡ᠃ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯᠡᠰᠦᠨ ᠴᠥᠯ ᠪᠠ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠬᠤᠶᠠᠷ︶ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠰᠡᠷᠭᠦᠭᠡᠬᠦ ᠪᠠ ᠣᠶᠢᠵᠢᠭᠤᠯᠵᠤ ᠡᠪᠡᠰᠦ ᠳᠠᠷᠢᠵᠤ ᠨᠣᠭᠤᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠨ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠣᠶ᠂ ᠲᠠᠸᠠᠷ ᠤᠨ ᠣᠶ ᠶᠢ ᠬᠥᠭᠵᠢᠭᠦᠯᠦᠨ ᠡᠵᠡᠩᠨᠡᠬᠦ ᠶᠢ ᠵᠢᠯᠣᠭᠤᠳᠴᠤ᠂ ᠪᠥᠬᠦ ᠠᠷᠠᠳ ᠤᠨ ᠠᠯᠪᠠᠨ ᠵᠢᠷᠤᠮ ᠤᠨ ᠡᠪᠡᠰᠦ ᠮᠣᠳᠣ ᠳᠠᠷᠢᠬᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠪᠠ ᠣᠶ ᠰᠢᠭᠤᠶᠢᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠢ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃     ︵ᠭᠤᠷᠪᠠ︶ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠳᠠ ᠶᠢᠨ ᠤᠢ  ᠮᠤᠳᠤ ᠶᠢ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠢᠭᠤᠶᠢᠲᠤ ᠭᠠᠵᠠᠷ ᠤᠨ ᠬᠠᠮᠢᠶᠠᠷᠤᠯᠲᠠ ᠶᠢ ᠬᠠᠷᠢᠭᠤᠴᠠᠵᠤ᠂ ᠰᠢᠭᠤᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠤᠢ ᠶᠢ ᠵᠠᠭᠠᠭᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠨᠤᠲᠤᠭ ᠪᠡᠯᠴᠢᠭᠡᠷ ᠲᠤ ᠮᠠᠯ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ᠪᠠ ᠬᠠᠮᠢᠶ᠎ᠠ ᠪᠥᠬᠦᠶ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠨᠤᠭᠤ ᠭᠠᠵᠠᠷ ᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃     ︵ᠳᠥᠷᠪᠡ︶ ᠴᠦᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠡᠯᠡᠰᠦᠨ ᠴᠦᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠡᠯᠡᠰᠦᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠭᠰᠡᠨ ᠬᠤᠷᠢᠭᠠᠲᠠᠶ ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠴᠦᠯᠡᠷᠬᠡᠭᠵᠢᠭᠰᠡᠨ ᠪᠠ ᠡᠯᠡᠰᠦᠵᠢᠭᠰᠡᠨ ᠭᠠᠵᠠᠷ ᠰᠢᠷᠣᠶ ᠶᠢᠨ ᠨᠡᠭᠡᠭᠡᠨ ᠠᠰᠢᠭᠯᠠᠯᠲᠠ ᠶᠢ ᠬᠢᠨᠠᠵᠤ ᠬᠠᠮᠢᠶᠠᠷᠤᠨ᠎ᠠ᠃     ︵ᠲᠠᠪᠤ︶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠳᠠ ᠶᠢᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠡᠭᠡ ᠬᠠᠭᠤᠷᠠᠶ ᠶᠢᠨ ᠬᠡᠭᠡᠷ᠎ᠡ ᠶᠢᠨ ᠠᠮᠢᠳᠠᠨ᠂ ᠤᠷᠭᠤᠮᠠᠯ ᠤᠨ ᠨᠡᠷᠡᠰ ᠤᠨ ᠵᠢᠭᠰᠠᠭᠠᠯᠲᠠ ᠶᠢ ᠲᠤᠭᠤᠷᠪᠢᠨ ᠲᠣᠭᠲᠠᠭᠠᠬᠤ ᠪᠠ ᠲᠣᠬᠢᠷᠠᠭᠤᠯᠵᠤ᠂ ᠡᠭᠡ ᠬᠠᠭᠤᠷᠠᠶ ᠶᠢᠨ ᠬᠡᠭᠡᠷ᠎ᠡ ᠶᠢᠨ ᠠᠮᠢᠳᠠᠨ ᠤᠷᠭᠤᠮᠠᠯ ᠢ ᠠᠪᠤᠷᠠᠵᠤ ᠦᠷᠡᠵᠢᠭᠦᠯᠦᠨ ᠪᠤᠶᠢᠵᠢᠭᠤᠯᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠡᠭᠦᠰᠦᠯ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠢᠯᠣᠭᠤᠳᠴᠤ᠂ ᠡᠭᠡ ᠬᠠᠭᠤᠷᠠᠶ ᠶᠢᠨ ᠬᠡᠭᠡᠷ᠎ᠡ ᠶᠢᠨ ᠠᠮᠢᠳᠠᠨ ᠤᠷᠭᠤᠮᠠᠯ ᠢ ᠠᠩᠨᠠᠬᠤ ᠪᠤᠶᠤ ᠴᠤᠭᠯᠠᠭᠤᠯᠬᠤ᠂ ᠲᠡᠵᠢᠭᠡᠵᠦ ᠦᠷᠡᠵᠢᠭᠦᠯᠬᠦ ᠪᠤᠶᠤ ᠪᠤᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠴᠤ᠂ ᠠᠵᠢᠯ ᠤᠨ ᠬᠤᠪᠢᠶᠠᠷᠢᠯᠠᠯ ᠶᠣᠰᠣᠭᠠᠷ ᠬᠡᠭᠡᠷ᠎ᠡ ᠶᠢᠨ ᠠᠮᠢᠳᠠᠨ ᠤᠷᠭᠤᠮᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠢᠨᠠᠨ ᠬᠠᠮᠢᠶᠠᠷᠤᠨ᠎ᠠ᠃     ︵ᠵᠢᠷᠭᠤᠭ᠎ᠠ︶ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠷᠢᠭᠤᠴᠠᠨ ᠬᠢᠨᠠᠵᠤ ᠬᠠᠮᠢᠶᠠᠷᠤᠨ᠎ᠠ᠃ ᠪᠦᠬᠦ ᠬᠤᠳᠠ ᠶᠢᠨ ᠡᠯ᠎ᠡ ᠵᠦᠢᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠥᠯᠥᠪᠵᠢᠭᠦᠯᠭᠡ ᠪᠠ ᠬᠤᠯᠪᠣᠭᠳᠠᠯ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠡᠯ᠎ᠡ ᠲᠥᠷᠥᠯ ᠤᠨ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠠᠶᠢᠮᠠᠭ ᠤᠨ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠤᠯᠤᠰ ᠤᠨ ᠭᠠᠵᠠᠷ ᠰᠢᠷᠣᠶ ᠶᠢᠨ ᠡᠯ᠎ᠡ ᠲᠥᠷᠥᠯ ᠤᠨ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠠ ᠠᠶᠢᠮᠠᠭ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠳᠣᠭᠢᠷᠠᠭᠤᠯᠬᠤ ᠶᠢ ᠬᠢᠨᠠᠨ ᠬᠠᠷᠭᠤᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠠᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠪᠠᠶᠢᠭᠠᠯᠢ ᠶᠢᠨ ᠥᠪ ᠬᠥᠷᠥᠩᠭᠡ ᠶᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠪᠠᠶᠢᠭᠠᠯᠢ ᠶᠢᠨ ᠪᠠ ᠰᠣᠶᠣᠯ ᠤᠨ ᠳᠠᠪᠬᠤᠷ ᠥᠪ ᠬᠥᠷᠥᠩᠭᠡ ᠶᠢ ᠭᠤᠶᠤᠴᠢᠯᠠᠨ ᠮᠡᠳᠡᠭᠦᠯᠬᠦ ᠶᠢ ᠬᠢᠨᠠᠨ ᠬᠠᠷᠭᠤᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤ ᠶᠢᠨ ᠬᠠᠮᠠᠭᠠᠯᠠᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃     ︵ᠲᠤᠯᠤᠭ᠎ᠠ︶ ᠤᠯᠤᠰ ᠤᠨ ᠥᠮᠴᠢᠯᠡᠯᠳᠤ ᠤᠢ ᠰᠢᠭᠤᠶ ᠶᠢᠨ ᠲᠠᠯᠠᠪᠠᠢ ᠶᠢᠨ ᠴᠢᠬᠢ ᠮᠣᠳᠣᠨ ᠤ ᠬᠦᠷᠢᠶᠡᠯᠡᠩ  ᠤᠨ ᠪᠥᠳᠥᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠵᠢᠯᠣᠭᠤᠳᠴᠤ᠂ ᠤᠢ ᠮᠣᠳᠣᠨ ᠤ ᠦᠷ᠎ᠡ ᠪᠣᠯᠤᠨ ᠡᠪᠡᠰᠦᠨ  ᠤ ᠵᠦᠢᠯ ᠤᠨ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠵᠣᠬᠢᠶᠠᠨ ᠪᠠᠶᠢᠭᠤᠯᠵᠤ᠂ ᠰᠠᠶᠢᠨ ᠡᠭᠦᠯᠳᠡᠷ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠵᠤ᠂ ᠤᠢ ᠮᠣᠳᠣᠨ ᠤ ᠦᠷ᠎ᠡ ᠶᠢᠨ ᠴᠢᠬᠢ᠂ ᠡᠪᠡᠰᠦᠨ ᠤ ᠦᠷ᠎ᠡ ᠦᠢᠯᠡᠳᠪᠦᠷᠢᠯᠡᠵᠦ ᠡᠵᠡᠩᠨᠡᠬᠦ ᠥᠢᠯᠡ ᠠᠵᠢᠯᠯᠠᠭ᠎ᠠ ᠶᠢ ᠬᠠᠮᠢᠶᠠᠷᠴᠤ᠂ ᠤᠢ ᠮᠣᠳᠣᠨ ᠤ ᠦᠷ᠎ᠡ ᠶᠢᠨ ᠴᠢᠬᠢ᠂ ᠡᠪᠡᠰᠦᠨ ᠤ ᠦᠷ᠎ᠡ ᠶᠢᠨ ᠶᠠᠰᠤ ᠴᠢᠨᠠᠷ ᠢ ᠬᠢᠨᠠᠨ ᠬᠠᠮᠢᠶᠠᠷᠤᠨ᠎ᠠ ᠃ ᠤᠢ ᠰᠢᠭᠤᠶ ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠡᠭᠦᠯᠳᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃     ︵ᠨᠠᠢᠮᠠ︶ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠥᠬᠦᠶ ᠣᠶ ᠰᠢᠭᠤᠶ ᠡᠪᠡᠰᠦᠨ ᠤ ᠠᠵᠤ ᠦᠢᠯᠡᠰ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠶ ᠡᠪᠡᠰᠦᠨ ᠤ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠠᠮᠢ ᠠᠬᠤᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃     ︵ᠶᠢᠰᠦ︶ ᠪᠥᠬᠦ ᠬᠤᠲᠠ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠯᠲᠠ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠱᠠᠯᠠᠪᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠴᠢᠬᠤᠯᠠᠲᠠᠶ ᠦᠶ᠎ᠡ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠳᠡᠪᠰᠢᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠥᠬᠦᠶ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃     ︵ᠠᠷᠪᠠ︶ ᠪᠥᠬᠦ ᠬᠤᠲᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠵᠢᠯᠣᠭᠤᠳᠴᠤ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠬᠢᠨᠠᠨ ᠬᠠᠮᠢᠶᠠᠷᠴᠤ᠂ ᠪᠥᠬᠦ ᠬᠤᠲᠠ ᠶᠢᠨ ᠣᠶ ᠰᠢᠭᠤᠶ ᠶᠢᠨ ᠦᠢᠯᠡᠰ ᠤᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃ ᠪᠥᠬᠦ ᠬᠤᠲᠠ ᠶᠢᠨ ᠣᠶ ᠰᠢᠭᠤᠶ᠂ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃     ︵ᠠᠷᠪᠠᠨ ᠨᠢᠭᠡ︶ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ ᠠᠬᠢᠭᠤᠯᠤᠨ᠎ᠠ᠃ ᠪᠦᠬᠦ ᠬᠤᠳᠠ ᠶᠢᠨ ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ᠂ ᠤᠯᠤᠰ ᠤᠨ ᠥᠮᠴᠢᠯᠡᠯᠲᠦ ᠤᠢ ᠰᠢᠭᠤᠶ ᠶᠢᠨ ᠳᠠᠯᠠᠪᠠᠢ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠰᠠᠨᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠦᠷᠢᠶᠡᠯᠡᠩ ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠥᠭᠵᠢᠭᠦᠯᠦᠯᠲᠡ ᠵᠢᠴᠢ ᠣᠶ ᠰᠢᠭᠤᠶ᠂ ᠨᠤᠲᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠶᠢ ᠵᠣᠭᠰᠣᠭᠠᠨ ᠮᠠᠯᠵᠢᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠪᠠ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠬᠤᠶᠠᠷ︶ ᠰᠠᠯᠠᠭ᠎ᠠ ᠮᠥᠴᠢᠷ ᠤᠨ ᠲᠥᠰᠦᠪ ᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠣᠰᠤᠭᠠᠷ ᠵᠣᠬᠢᠶᠠᠨ ᠪᠠᠶᠢᠭᠤᠯᠤᠨ  ᠮᠡᠳᠡᠭᠦᠯᠦᠨ᠎ᠡ᠃ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠠᠬᠤᠶ ᠶᠢᠨ ᠲᠣᠬᠢᠷᠠᠭᠤᠯᠤᠯᠲᠠ ᠪᠠ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃     ︵ᠠᠷᠪᠠᠨ ᠭᠤᠷᠪᠠ︶ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠠ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠯᠴᠠᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠶ ᠪᠣᠯᠤᠨ ᠨᠣᠲᠤᠭ ᠪᠡᠯᠴᠢᠭᠡᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠨᠤᠭᠤ ᠭᠠᠵᠠᠷ᠂ ᠴᠦᠯᠡᠷᠬᠡᠭᠵᠢᠯᠲᠡ᠂  ᠤᠰᠠᠳᠬᠤ ᠠᠶᠤᠯᠳᠠᠢ ᠬᠡᠭᠡᠷ᠎ᠡ ᠶᠢᠨ ᠠᠮᠢᠳᠠᠨ ᠤᠷᠭᠤᠮᠠᠯ ᠤᠨ ᠲᠦᠷᠦᠯ ᠢ ᠰᠡᠷᠭᠡᠶᠢᠯᠡᠨ ᠵᠠᠰᠠᠬᠤ ᠵᠡᠷᠭᠡ ᠤᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃     ︵ᠠᠷᠪᠠᠨ ᠲᠦᠷᠪᠡ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠᠨ ᠲᠠᠪᠤ︶ ᠡᠭᠦᠷᠭᠡ ᠴᠢᠳᠠᠪᠤᠷᠢ ᠶᠢᠨ ᠬᠤᠪᠢᠷᠠᠯᠲᠠ᠃ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠶᠡᠭᠡ ᠪᠠᠷ ᠳᠥᠯᠭᠢᠨ ᠠᠬᠢᠭᠤᠯᠵᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠎ᠠ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠢᠯᠭᠠᠷᠠᠭᠤᠯᠤᠨ  ᠲᠦᠷᠢᠮᠵᠢᠬᠦᠯᠬᠦ ᠪᠠ ᠨᠡᠶᠢᠯᠡᠭᠦᠯᠦᠨ ᠨᠢᠭᠡᠲᠦᠭᠦᠯᠬᠦ ᠠᠵᠢᠯ ᠢ ᠨᠢᠭᠡᠳᠦᠯᠲᠡᠶ ᠲᠦᠯᠬᠢᠨ ᠠᠬᠢᠭᠤᠯᠤᠨ᠎ᠠ᠃  
 
ᠢᠷᠡᠯᠲᠡ᠄ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号