ᠤᠯᠠᠭᠠᠨᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠡᠭᠦᠷᠭᠡ ᠲᠤᠰᠢᠶᠠᠯ᠄     ︵ᠨᠢᠭᠡ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠭᠯᠡᠯᠲᠡ ᠂ ᠲᠥᠷᠥ ᠶᠢᠨ ᠪᠤᠳᠤᠯᠭ᠎ᠠ᠂ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠤᠰ ᠭᠠᠵᠠᠷ ᠣᠷᠣᠨ ᠤ ᠪᠠᠶᠢᠳᠠᠯ ᠢᠶᠠᠨ ᠦᠨᠳᠦᠰᠦᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠲᠠᠯ᠎ᠠ ᠪᠠᠷ ᠬᠢ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ ᠲᠣᠭᠲᠠᠭᠠᠯ ᠪᠣᠯᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ᠂ ᠡᠯ᠎ᠡ ᠨᠢᠭᠡᠴᠡ ᠶᠢᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃     ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯᠯᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠲᠥᠷᠥᠯ ᠵᠦᠢᠯ ᠳᠤ ᠬᠤᠯᠪᠤᠭᠳᠠᠵᠤ ᠳᠠᠭᠠᠭᠠᠴᠢᠯᠠᠬᠤ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠲᠥᠯᠥᠪᠦᠷᠢ ᠲᠠᠢ ᠪᠠᠷ ᠳᠠᠭᠠᠭᠠᠴᠢᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠳᠠ ᠶᠢᠨ ᠬᠠᠷᠢᠶ᠎ᠠ ᠠᠵᠤ ᠠᠬᠤᠶᠢᠯᠠᠯ ᠳᠤ ᠦᠢᠯᠡᠳᠪᠦᠷᠢ ᠠᠴᠠ ᠡᠷᠬᠢᠯᠡᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠪᠠ ᠶᠡᠷᠦᠩᠬᠡᠶ ᠠᠵᠢᠯᠴᠢᠨ ᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠃     ︵ᠭᠤᠷᠪᠠ︶ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ︾ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠠᠬᠢᠭᠤᠯᠵᠤ᠂ ᠲᠤᠰ ᠭᠠᠵᠠᠷ ᠣᠷᠣᠨ ᠤ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ᠂ ᠲᠧᠭᠨᠢᠭ ᠮᠡᠷᠭᠡᠵᠢᠯ ᠤᠨ ᠦᠢᠯᠡᠴᠢᠯᠡᠭᠡ ᠵᠡᠷᠭᠡ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠡᠷᠢᠭᠦᠨ ᠤ ᠬᠡᠷᠡᠭᠯᠡᠭᠡᠨ ᠤ ᠲᠧᠭᠨᠢᠭ ᠮᠡᠷᠭᠡᠵᠢᠯ ᠢ ᠣᠷᠣᠭᠤᠯᠬᠤ᠂ ᠦᠯᠢᠭᠡᠷ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠪᠠ ᠪᠣᠯᠪᠠᠰᠤᠷᠠᠭᠤᠯᠬᠤ ᠠᠵᠢᠯ ᠵᠢᠴᠢ ᠡᠯ᠎ᠡ ᠲᠦᠷᠦᠯ ᠤᠨ ᠲᠧᠭᠨᠢᠭ ᠮᠡᠷᠭᠡᠵᠢᠯ ᠤᠨ ᠠᠵᠤ ᠠᠬᠤᠶ ᠶᠢᠨ ᠳᠠᠭᠠᠭᠠᠴᠢᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠯᠢᠭᠡᠷ ᠵᠢᠱᠢᠶ᠎ᠡ ᠦᠵᠡᠭᠦᠯᠬᠦ  ᠰᠤᠮᠤ ᠰᠢᠶᠠᠩ ᠪᠠᠯᠭᠠᠰᠦ᠂ ᠭᠠᠴᠠᠭ᠎ᠠ ᠲᠤᠰᠬᠤᠨ᠂  ᠠᠶᠢᠯ ᠡᠷᠦᠭᠡ ᠶᠢᠨ ᠬᠥᠭᠵᠢᠯᠲᠡ ᠶᠢ ᠠᠬᠢᠭᠤᠯᠤᠨ᠎ᠠ᠃ ᠮᠠᠨ ᠤ ᠬᠤᠲᠠ ᠶᠢᠨ ᠡᠯ᠎ᠡ ᠪᠠᠯᠭᠠᠰᠤᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠪᠠᠶᠢᠭᠤᠯᠬᠤ ᠳᠤ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠬᠠᠩᠭᠠᠨ᠎ᠠ᠃     ︵ᠲᠦᠷᠪᠡ︶ ᠲᠤᠰ ᠭᠠᠵᠠᠷ ᠣᠷᠣᠨ ᠤ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠤᠳᠦᠯᠭ᠎ᠠ ᠶᠢ ᠰᠤᠳᠤᠯᠤᠨ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠲᠤᠰ ᠭᠠᠵᠠᠷ ᠣᠷᠣᠨ ᠤ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠡᠪᠰᠢᠯᠳᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠪᠣᠳᠠᠲᠠᠶ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃     ︵ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ᠃ ︽ᠤᠴᠢ ᠶᠢᠨ ᠭᠠᠯ ᠤᠨ ᠲᠥᠯᠥᠪᠯᠡᠭᠡ︾ ᠶᠢ ᠬᠡᠷᠡᠭᠵᠢᠭᠦᠯᠬᠦ ᠪᠠ ᠲᠤᠰ ᠭᠠᠵᠠᠷ ᠣᠷᠣᠨ ᠤ ᠪᠠᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ᠂ ᠤᠴᠢ ᠶᠢᠨ ᠭᠠᠯ   ᠤᠨ ᠲᠥᠯᠥᠪᠯᠡᠭᠡ ᠶᠢᠨ ᠵᠦᠢᠯᠡᠰ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠭᠤᠷᠪᠠᠨ ᠵᠦᠢᠯ ᠤᠨ ᠵᠠᠷᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠵᠠᠷᠤᠳᠠᠯ ᠢ ᠬᠤᠪᠢᠶᠠᠷᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠬᠦ ᠰᠠᠭᠤᠷᠢ ᠮᠥᠩᠭᠦ ᠶᠢ ᠪᠠᠶᠢᠭᠤᠯᠤᠨ ᠬᠠᠮᠢᠶᠠᠷᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨ᠎ᠡ ᠲᠥᠯᠥᠪᠦᠷᠢ ᠲᠠᠢ ᠪᠡᠯᠡ ᠮᠥᠩᠭᠦ ᠶᠢ ᠡᠭᠡᠭᠦᠯᠦᠨ ᠬᠤᠷᠢᠶᠠᠬᠤ ᠪᠠ ᠬᠡᠷᠡᠭᠯᠡᠬᠦ ᠠᠵᠢᠯ ᠢ ᠬᠠᠷᠢᠭᠤᠴᠠᠨ᠎ᠠ᠃       ︵ᠵᠢᠷᠭᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠰᠲ᠋ᠧᠮᠵᠢᠭᠦᠯᠦᠨ ᠬᠠᠮᠢᠶᠠᠷᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠠᠵᠢᠯ ᠢ ᠵᠢᠯᠣᠭᠤᠳᠴᠤ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠢᠨᠠᠨ ᠲᠣᠭᠲᠠᠭᠠᠬᠤ᠂ ᠮᠠᠭᠠᠳᠯᠠᠨ ᠲᠣᠭᠲᠠᠭᠠᠵᠤ ᠳᠠᠩᠰᠠᠯᠠᠬᠤ᠂ ᠮᠡᠳᠡᠭᠦᠯᠬᠦ ᠪᠠ ᠱᠠᠩᠨᠠᠬᠤ᠂ ᠬᠢᠨᠠᠨ ᠪᠠᠶᠢᠴᠠᠭᠠᠬᠤ ᠪᠠ ᠲᠤᠰᠬᠠᠶ ᠠᠰᠢᠭ ᠤᠨ ᠮᠡᠷᠭᠡᠵᠢᠯ ᠢ ᠮᠡᠳᠡᠭᠦᠯᠬᠦ ᠶᠢ ᠬᠠᠷᠢᠭᠤᠴᠠᠨ᠎ᠠ᠃     ︵ᠳᠣᠯᠤᠭ᠎ᠠ︶ ᠮᠡᠷᠭᠡᠵᠢᠯ ᠤᠨ ᠵᠠᠬ᠎ᠠ ᠳᠡᠯᠭᠡᠭᠦᠷ ᠢ ᠰᠢᠰᠲ᠋ᠧᠮᠵᠢᠭᠦᠯᠦᠨ ᠬᠠᠮᠢᠶᠠᠷᠤᠨ᠎ᠠ᠃ ︽ᠮᠡᠷᠭᠡᠵᠢᠯ ᠤᠨ ᠭᠡᠷ᠎ᠡ ᠶᠢᠨ ᠬᠠᠤᠯᠢ︾ ᠵᠢᠴᠢ ᠬᠡᠷᠡᠭᠵᠢᠭᠦᠯᠬᠦ ᠨᠠᠷᠢᠨ ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠮᠡᠷᠭᠡᠵᠢᠯ ᠤᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠰᠢᠯᠠᠭᠤᠯᠤᠨ᠎ᠠ᠃ ᠮᠡᠷᠭᠡᠵᠢᠯ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠪᠠ ᠬᠠᠮᠢᠶᠠᠷᠴᠤ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠨ᠎ᠠ᠃ ᠮᠡᠷᠭᠡᠵᠢᠯ ᠠᠷᠠᠯᠵᠢᠶᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃     ︵ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠠᠵᠢᠯ ᠢ ᠬᠠᠮᠢᠶᠠᠷᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠡ ᠵᠠᠩᠭᠢ᠂ ᠠᠵᠤ ᠠᠬᠤᠶ ᠶᠢᠨ ᠮᠡᠳᠡᠭᠡ ᠵᠠᠩᠭᠢ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ ᠪᠠ ᠰᠣᠯᠢᠯᠴᠠᠬᠤ ᠠᠵᠢᠯ ᠢ ᠰᠠᠶᠢᠲᠤᠷ ᠬᠢᠨ᠎ᠡ᠃     ︵ᠶᠢᠰᠦ︶ ᠲᠤᠰ ᠭᠠᠵᠠᠷ ᠣᠷᠣᠨ ᠤ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃     ︵ᠠᠷᠪᠠ︶ ᠲᠣᠰ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠮᠡᠷᠭᠡᠵᠢᠯ ᠤᠨ ᠨᠡᠭᠡᠭᠡᠯᠲᠡ ᠶᠢᠨ ᠪᠠᠶᠢᠭᠤᠯᠤᠮᠵᠢ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠵᠤ᠂ ᠠᠷᠠᠳ ᠠᠴᠠ ᠡᠷᠭᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠨ᠎ᠡ᠃ ᠲᠣᠰ ᠭᠠᠵᠠᠷ ᠣᠷᠣᠨ ᠤ ᠪᠠᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠭᠤᠷᠪᠠᠳᠤᠭᠠᠷ ᠠᠵᠤ ᠦᠢᠯᠡᠰ ᠤᠨ ᠬᠠᠮᠢᠶᠠᠷᠤᠯᠲᠠ᠂ ᠵᠢᠯᠣᠭᠤᠳᠣᠯᠭ᠎ᠠ᠂ ᠵᠣᠬᠢᠴᠠᠭᠤᠯᠭ᠎ᠠ᠂ ᠦᠢᠯᠡᠴᠢᠯᠡᠭᠡᠨ ᠤ ᠠᠵᠢᠯ ᠢ ᠴᠢᠩᠭᠠᠳᠬᠠᠨ᠎ᠠ᠃     ︵ᠠᠷᠪᠠᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠺᠠᠳ᠋ᠷ ᠪᠠ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠠᠮᠢᠶᠠᠷᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠰᠡᠬᠡᠭᠡᠲᠡᠨ ᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨ  ᠮᠡᠷᠭᠡᠵᠢᠯ ᠤᠨ ᠴᠢᠳᠠᠪᠤᠷᠢᠲᠠᠨ ᠢ ᠲᠠᠳᠠᠨ ᠠᠪᠴᠢᠷᠠᠵᠤ᠂ ᠲᠧᠭᠨᠢᠭ ᠮᠡᠷᠭᠡᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠵᠦᠢ ᠵᠣᠬᠢᠰᠲᠠᠶ ᠪᠠᠷ ᠰᠢᠯᠵᠢᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠺᠠᠳ᠋ᠷ᠂ ᠰᠤᠮᠤ ᠪᠠᠯᠭᠠᠰᠤᠨ ᠤ ᠠᠵᠤ ᠠᠬᠤᠶᠢᠯᠠᠯ ᠪᠠ ᠭᠠᠴᠠᠭ᠎ᠠ ᠳᠠᠷᠠᠭᠠᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃     ︵ᠠᠷᠪᠠᠨ ᠬᠤᠶᠠᠷ︶ ᠭᠠᠳᠠᠭᠠᠳᠤ ᠲᠠᠢ ᠠᠵᠤ ᠠᠬᠤᠶ ᠶᠢᠨ ᠲᠠᠯ᠎ᠠ ᠪᠠᠷ ᠬᠠᠮᠲᠤᠷᠠᠨ ᠠᠵᠢᠯᠯᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠭ᠎ᠠ ᠶᠢᠨ ᠰᠣᠯᠢᠯᠴᠠᠭ᠎ᠠ ᠬᠢᠨ᠎ᠡ᠃     ︵ᠠᠷᠪᠠᠨ ᠭᠤᠷᠪᠠ︶ ᠲᠣᠰ ᠬᠤᠲᠠ ᠶᠢᠨ ᠴᠢᠬᠤᠯᠠ ᠶᠡᠭᠡ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠮᠡᠷᠭᠡᠵᠢᠯ ᠣᠷᠣᠭᠤᠯᠬᠤ᠂ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠨᠤᠲᠠᠯᠠᠬᠤ ᠪᠠ ᠲᠥᠷᠥᠯ ᠵᠦᠢᠯ ᠲᠣᠭᠲᠠᠭᠠᠬᠤ ᠳᠤ ᠣᠷᠣᠯᠴᠠᠵᠤ᠂ ᠬᠡᠷᠡᠭᠵᠢᠭᠦᠯᠦᠭᠰᠡᠨ ᠦᠷ᠎ᠡ ᠳ᠋ᠦᠩ ᠳᠤ ᠪᠠᠶᠢᠴᠠᠭᠠᠯᠲᠠ ᠪᠠ ᠦᠨᠡᠯᠡᠯᠲᠡ ᠬᠢᠨ᠎ᠠ᠃     ︵ᠠᠷᠪᠠᠨ ᠲᠦᠷᠪᠡ︶ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃
 
ᠢᠷᠡᠯᠲᠡ᠄ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号