ᠤᠯᠠᠭᠠᠨᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2021/7/13
    ᠪᠠᠶᠢᠭᠤᠯᠤᠮᠵᠢ ᠶᠢᠨ ᠡᠭᠦᠷᠭᠡ ᠴᠢᠳᠠᠪᠬᠢ᠄     ︵ᠨᠢᠭᠡ︶ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠦᠬᠦ ᠬᠤᠳᠠ ᠶᠢᠨ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ ᠣᠷᠤᠯᠴᠠᠨ᠎ᠠ᠃ ᠦᠨᠳᠦᠰᠦᠲᠡᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃     ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠢ ᠵᠣᠬᠢᠴᠠᠭᠤᠯᠤᠨ ᠵᠢᠯᠣᠭᠤᠳᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠬᠢᠨᠠᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃     ︵ᠭᠤᠷᠪᠠ︶ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠠ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠭᠡᠰᠢᠭᠦᠨ ᠤ ᠲᠦᠷᠢᠮ ᠢ ᠬᠢᠨᠠᠮᠠᠭᠠᠶ ᠬᠡᠷᠡᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ ᠱᠠᠯᠠᠪᠳᠠᠭᠤᠯᠵᠤ ᠪᠠᠶᠢᠭᠠᠳ ᠦᠨᠳᠦᠰᠦᠲᠡᠨ ᠤ ᠠᠵᠢᠯ ᠤᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠠᠵᠢᠯ ᠦᠢᠯᠡᠰ ᠤᠨ ᠬᠠᠮᠢᠶ᠎ᠠ ᠪᠥᠬᠦᠶ ᠬᠦᠷᠢᠶᠡᠨ ᠳᠤ ᠬᠡᠷᠡᠭᠵᠢᠭᠦᠯᠦᠭᠳᠡᠬᠦ ᠶᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠵᠦᠢᠯᠡᠰ ᠤᠨ ᠪᠡᠯᠡ ᠮᠥᠩᠭᠦ ᠶᠢᠨ ᠠᠵᠢᠯ ᠢ ᠰᠠᠶᠢᠲᠤᠷ ᠬᠢᠵᠦ᠂ ᠴᠥᠭᠡᠨ ᠲᠣᠭᠠᠲᠤ ᠦᠨᠳᠦᠰᠦᠲᠡᠨ ᠤ ᠤᠨᠴᠠᠯᠢᠭᠳᠤ ᠭᠠᠴᠠᠭ᠎ᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠡᠳ᠋ᠯᠡᠯ ᠤᠨ ᠦᠢᠯᠡᠳᠪᠦᠷᠢᠯᠡᠯ ᠵᠡᠷᠭᠡ ᠬᠠᠮᠢᠶ᠎ᠠ ᠪᠦᠬᠦᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃ ᠰᠢᠨ᠎ᠡ ᠴᠠᠭ ᠦᠶ᠎ᠡ ᠶᠢᠨ ᠬᠤᠳᠠ ᠶᠢᠨ ᠦᠨᠳᠦᠰᠦᠲᠡᠨ ᠤ ᠠᠵᠢᠯ ᠢ ᠴᠢᠩᠭᠠᠳᠬᠠᠵᠤ᠂ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃ ᠪᠥᠬᠦ ᠬᠤᠲᠠ ᠶᠢᠨ ᠦᠨᠳᠦᠰᠦᠲᠡᠨ ᠤ ᠠᠵᠢᠯ ᠪᠠ ᠮᠣᠩᠭᠤᠯ ᠬᠡᠯᠡ ᠪᠢᠴᠢᠭ ᠤᠨ ᠠᠵᠢᠯ ᠳᠤ ᠵᠢᠯᠣᠭᠤᠳᠣᠯᠭ᠎ᠠ ᠪᠠ ᠦᠢᠯᠡᠴᠢᠯᠡᠭᠡ ᠬᠠᠩᠭᠠᠨ᠎ᠠ᠃     ︵ᠳᠥᠷᠪᠡ︶ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠵᠣᠬᠢᠴᠠᠭᠤᠯᠬᠤ ᠡᠭᠦᠷᠭᠡ ᠴᠢᠳᠠᠪᠤᠷᠢ ᠪᠠᠨ ᠪᠠᠳᠠᠷᠠᠭᠤᠯᠤᠨ᠂ ᠨᠡᠶᠢᠭᠡᠮ ᠤᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠴᠥᠭᠡᠨ ᠲᠣᠭᠠᠲᠤ ᠦᠨᠳᠦᠰᠦᠲᠡᠨ ᠤ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠤᠬᠠᠶ ᠣᠨᠴᠠᠭᠠᠶ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠠᠵᠢᠯ ᠢ ᠥᠷᠨᠢᠭᠦᠯᠵᠦ᠂ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠨᠳᠦᠰᠦᠲᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠡᠷᠬᠢᠯᠡᠵᠦ᠂ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ  ᠲᠠᠭᠠᠭᠠᠴᠢᠯᠠᠨ ᠡᠷᠬᠢᠯᠡᠨ᠎ᠡ᠃     ︵ᠲᠠᠪᠤ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠤᠢᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ ᠪᠠ ᠬᠥᠭᠵᠢᠭᠦᠯᠬᠦ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ᠂ ᠣᠷᠴᠢᠭᠤᠯᠭ᠎ᠠ ᠪᠠ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠣᠬᠢᠶᠠᠨ ᠪᠠᠶᠢᠭᠤᠯᠵᠤ ᠰᠠᠶᠢᠲᠤᠷ ᠬᠢᠨ᠎ᠡ᠃     ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂ ᠰᠤᠷᠭᠠᠬᠤ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃     ︵ᠲᠤᠯᠤᠭ᠎ᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号