ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/13
      ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠠᠮᠢᠶ᠎ᠠ ᠪᠥᠬᠦᠶ ᠠᠷᠠᠳ ᠤᠨ ᠶᠠᠪᠤᠳᠠᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠳᠤᠮᠳᠠ᠂ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠬᠤᠶᠠᠷ︶ ᠪᠥᠬᠦ ᠬᠤᠲᠠ ᠶᠢᠨ ᠴᠢᠨᠠᠷᠲᠠᠶ ᠨᠡᠶᠢᠭᠡᠮ ᠤᠨ ᠪᠦᠯᠬᠦᠮ ᠵᠢᠴᠢ ᠰᠠᠯᠪᠤᠷᠢ ᠪᠠᠶᠢᠭᠤᠯᠤᠮᠵᠢ ᠶᠢᠨ ᠳᠡᠩᠰᠡᠯᠡᠯᠲᠡ ᠪᠠ ᠣᠨ ᠤ ᠪᠠᠶᠢᠴᠠᠭᠠᠯᠲᠠ ᠶᠢ ᠬᠠᠷᠢᠭᠤᠴᠠᠨ᠎ᠠ᠃ ᠨᠡᠶᠢᠭᠡᠮ ᠤᠨ ᠪᠦᠯᠬᠦᠮ ᠤᠨ ᠠᠵᠢᠯᠯᠠᠭ᠎ᠠ ᠳᠤ ᠬᠢᠨᠠᠯᠲᠠ ᠲᠠᠯᠪᠢᠵᠤ᠂ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠪᠠ ᠳᠠᠩᠰᠠᠯᠠᠭᠤᠯᠤᠭᠰᠠᠨ ᠦᠭᠡᠢ ᠪᠠᠷ ᠨᠡᠶᠢᠭᠡᠮ ᠤᠨ ᠪᠦᠯᠬᠦᠮ ᠤᠨ ᠨᠡᠷ᠎ᠡ ᠪᠠᠷ ᠠᠵᠢᠯᠯᠠᠭ᠎ᠠ ᠥᠷᠨᠢᠭᠦᠯᠦᠭᠰᠡᠨ ᠬᠠᠤᠯᠢ ᠪᠤᠰᠤ ᠵᠣᠬᠢᠶᠠᠨ ᠪᠠᠶᠢᠭᠤᠯᠤᠯᠲᠠ ᠶᠢ ᠪᠠᠶᠢᠴᠠᠭᠠᠨ ᠰᠢᠢᠳᠪᠦᠷᠢᠯᠡᠨ᠎ᠡ᠃ ᠪᠥᠬᠦ ᠬᠤᠲᠠ ᠶᠢᠨ ᠨᠡᠶᠢᠭᠡᠮ ᠤᠨ ᠪᠦᠯᠬᠦᠮ ᠢ ᠳᠡᠩᠰᠡᠯᠡᠨ ᠬᠠᠮᠢᠶᠠᠷᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃     ︵ᠭᠤᠷᠪᠠ︶ ᠪᠥᠬᠦ ᠬᠤᠲᠠ ᠶᠢᠨ ᠰᠢᠭᠤᠳ ᠬᠠᠷᠢᠶ᠎ᠠ ᠨᠢᠭᠡᠴᠡ ᠳᠤ ᠬᠠᠷᠢᠶᠠᠯᠠᠭᠳᠠᠬᠤ ᠪᠠ ᠲᠦᠰᠢᠭᠯᠡᠭᠰᠡᠨ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠡᠩᠰᠡᠯᠡᠯᠲᠡ ᠪᠠ ᠣᠨ ᠤ ᠪᠠᠶᠢᠴᠠᠭᠠᠯᠲᠠ ᠶᠢ ᠬᠠᠷᠢᠭᠤᠴᠠᠨ᠎ᠠ᠃ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠡᠩᠰᠡᠯᠡᠨ ᠬᠠᠮᠢᠶᠠᠷᠬᠤ ᠠᠵᠢᠯ ᠢ ᠪᠠᠶᠢᠴᠠᠭᠠᠨ ᠰᠢᠢᠳᠪᠦᠷᠢᠯᠡᠨ᠎ᠡ᠃     ︵ᠲᠦᠷᠪᠡ︶ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠦᠷᠡᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠭᠠᠮᠰᠢᠭ ᠤᠨ ᠪᠠᠶᠢᠳᠠᠯ ᠢ ᠪᠠᠶᠢᠴᠠᠭᠠᠵᠤ᠂ ᠬᠢᠨᠠᠨ ᠬᠠᠷᠭᠤᠭᠤᠯᠵᠤ  ᠮᠡᠳᠡᠭᠦᠯᠦᠨ᠎ᠡ᠃ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠬᠤ᠂ ᠬᠠᠮᠢᠶᠠᠷᠬᠤ᠂ ᠲᠠᠷᠬᠠᠭᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠬᠡᠷᠡᠭᠯᠡᠬᠦ ᠳᠤ ᠬᠢᠨᠠᠯᠲᠠ ᠲᠠᠯᠪᠢᠨ᠎ᠠ᠃ ᠭᠠᠮᠰᠢᠭᠳᠠᠭᠰᠠᠨ ᠣᠷᠣᠨ ᠤ ᠦᠢᠯᠡᠳᠪᠦᠷᠢᠯᠡᠯ ᠤᠨ ᠥᠪᠡᠷ ᠢ ᠪᠠᠨ ᠠᠪᠤᠷᠠᠬᠤ ᠶᠢ ᠵᠢᠯᠤᠭᠤᠳᠤᠨ᠎ᠠ᠃     ︵ᠲᠠᠪᠤ︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠬᠡᠷᠡᠭᠵᠢᠭᠦᠯᠦᠨ᠎ᠡ᠃ ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ ᠵᠡᠷᠭᠡ ᠨᠡᠶᠢᠭᠡᠮ ᠤᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠪᠦᠬᠦ ᠬᠤᠳᠠ ᠶᠢᠨ ᠨᠡᠶᠢᠭᠡᠮ ᠤᠨ ᠲᠡᠳᠬᠦᠮᠵᠢ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠪᠠ ᠲᠠᠪᠤᠨ ᠪᠠᠲᠤᠯᠠᠭᠠᠲᠤ ᠡᠷᠦᠬᠡ   ᠶᠢ ᠠᠰᠠᠷᠠᠨ ᠲᠡᠵᠢᠭᠡᠬᠦ ᠠᠵᠢᠯ ᠢ ᠬᠠᠷᠢᠭᠤᠴᠠᠨ᠎ᠠ᠃     ︵ᠵᠢᠷᠭᠤᠭ᠎ᠠ︶ ᠴᠡᠷᠢᠭ ᠢᠶᠠᠨ ᠬᠦᠷᠢᠶᠡᠯᠡᠵᠦ ᠴᠡᠷᠢᠭ ᠤᠨ ᠠᠯᠪᠠ ᠳᠤ ᠪᠠᠶᠢᠭ᠎ᠠ ᠴᠡᠷᠢᠭ ᠤᠨ ᠭᠡᠷ ᠪᠦᠯᠢ ᠪᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢ ᠬᠠᠷᠠᠭᠠᠯᠵᠠᠬᠤ᠂ ᠬᠠᠷᠠᠭᠠᠯᠵᠠᠯ ᠠᠰᠠᠷᠠᠮᠵᠢ ᠦᠵᠡᠭᠦᠯᠬᠦ ᠪᠠ ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠬᠤ ᠠᠵᠢᠯ ᠢ ᠡᠷᠬᠢᠯᠡᠠ ᠬᠠᠮᠢᠶᠠᠷᠤᠨ᠎ᠠ᠃ ᠴᠡᠷᠢᠭ ᠬᠥᠮᠦᠨ ᠪᠠ ᠲᠦᠷᠦ ᠶᠢᠨ ᠪᠠᠶᠢᠭᠤᠯᠭ᠎ᠠ ᠶᠢᠨ ᠠᠵᠢᠯᠳᠡᠠ ᠤ ᠦᠬᠦᠯ ᠰᠢᠷᠬᠠᠲᠤᠯ ᠤᠨ ᠠᠰᠠᠷᠠᠮᠵᠢ ᠵᠢᠴᠢ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ  ᠦᠷᠡᠭᠳᠡᠵᠦ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠶᠢᠨ ᠬᠥᠮᠦᠰ ᠤᠨ ᠠᠰᠠᠷᠠᠮᠵᠢ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ ᠦᠷᠡᠭᠳᠡᠭᠰᠡᠨ ᠪᠠᠭᠠᠲᠤᠷ ᠤᠨ ᠳᠤᠷᠠᠰᠬᠠᠯ ᠤᠨ ᠪᠠᠷᠢᠯᠭ᠎ᠠ ᠶᠢ ᠬᠠᠮᠢᠶᠠᠷᠤᠨ᠎ᠠ᠃     ︵ᠲᠤᠯᠤᠭ᠎ᠠ︶ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠦᠯᠢᠶᠡᠠ ᠠᠪᠴᠤ ᠲᠥᠪᠬᠢᠨᠡᠭᠦᠯᠬᠦ ᠠᠵᠢᠯ ᠪᠠ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠬᠠᠷᠢᠭᠤᠴᠠᠵᠤ᠂ ᠴᠡᠷᠢᠭ ᠠᠩᠬᠢ ᠪᠠ ᠣᠷᠣᠨ ᠨᠤᠲᠤᠭ ᠤᠨ ᠠᠯᠢᠨ ᠳᠤᠨᠢ ᠴᠤ ᠬᠡᠷᠡᠭᠯᠡᠵᠦ ᠪᠣᠯᠬᠤ ᠴᠢᠳᠠᠪᠤᠷᠢᠲᠠᠨ ᠢ ᠨᠡᠭᠡᠭᠡᠨ ᠠᠰᠢᠭᠯᠠᠵᠤ ᠬᠡᠷᠡᠭᠯᠡᠬᠦ ᠠᠵᠢᠯ ᠢ ᠬᠠᠷᠢᠭᠤᠴᠠᠨ᠎ᠠ᠃     ︵ᠨᠠᠢᠮᠠ︶ ᠪᠦᠬᠦ ᠬᠤᠳᠠ ᠶᠢᠨ ᠴᠡᠷᠢᠭ ᠢᠶᠠᠨ ᠬᠦᠷᠢᠶᠡᠯᠡᠵᠦ ᠴᠡᠷᠢᠭ ᠤᠨ ᠠᠯᠪᠠ ᠳᠤ ᠪᠠᠶᠢᠭ᠎ᠠ ᠴᠡᠷᠢᠭ ᠤᠨ ᠭᠡᠷ ᠪᠦᠯᠢ ᠪᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠵᠦ ᠠᠷᠠᠳ ᠢᠶᠠᠨ ᠬᠠᠶᠢᠷᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃     ︵ᠶᠢᠰᠦ︶ ᠦᠨᠳᠦᠰᠦᠨ ᠱᠠᠲᠤᠨ ᠤ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠭᠠᠴᠠᠭᠠᠨ ᠤ ᠶᠠᠪᠤᠳᠠᠯ ᠢ ᠢᠯᠡ ᠪᠣᠯᠭᠠᠬᠤ ᠪᠠ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠪᠦᠬᠦ ᠬᠤᠳᠠ ᠶᠢᠨ ᠦᠨᠳᠦᠰᠦᠨ ᠱᠠᠲᠤᠨ ᠤ ᠵᠠᠰᠠᠭ ᠤᠨ ᠪᠠᠶᠢᠭᠤᠯᠤᠯᠲᠠ ᠶᠢ  ᠬᠠᠷᠢᠭᠤᠴᠠᠨ᠎ᠠ᠃ ᠬᠤᠳᠠ ᠶᠢᠨ ᠰᠠᠭᠤᠭᠠᠯᠢ ᠠᠷᠠᠳ ᠤᠨ ᠵᠥᠪᠯᠡᠯ ᠤᠨ ᠪᠠᠶᠢᠭᠤᠯᠤᠯᠲᠠ ᠶᠢ ᠵᠢᠯᠤᠭᠤᠳᠤᠨ᠎ᠠ᠃     ︵ᠠᠷᠪᠠ︶ ᠪᠥᠬᠦ ᠬᠤᠳᠠ ᠶᠢᠨ ᠨᠡᠶᠢᠭᠡᠮ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠬᠦᠭᠡᠷᠦᠮᠵᠢ ᠶᠢ ᠵᠣᠬᠢᠴᠠᠭᠤᠯᠤᠨ ᠪᠥᠳᠥᠭᠡᠨ ᠪᠠᠶᠢᠭᠤᠯᠤᠨ᠎ᠠ᠃     ︵ᠠᠷᠪᠠᠨ ᠨᠢᠭᠡ︶ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠭᠤᠤᠯᠴᠢᠯᠠᠨ ᠬᠠᠮᠢᠶᠠᠷᠴᠤ᠂ ᠬᠤᠲᠠ ᠶᠢᠨ ᠳᠣᠲᠣᠷᠠᠬᠢ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠲᠦᠷᠢᠮ ᠢ ᠪᠠᠶᠢᠭᠤᠯᠬᠤ᠂ ᠨᠡᠶᠢᠯᠡᠭᠦᠯᠬᠦ᠂ ᠬᠠᠰᠤᠬᠤ᠂ ᠬᠠᠯᠠᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ  ᠵᠢᠯᠣᠭᠤᠳᠤᠨ᠎ᠠ᠃ ᠭᠠᠵᠠᠷ ᠤᠨ ᠨᠡᠷ᠎ᠡ ᠶᠢᠨ ᠲᠡᠮᠳᠡᠭ ᠢ ᠪᠠᠶᠢᠷᠢᠯᠠᠭᠤᠯᠬᠤ ᠪᠠ ᠬᠠᠮᠢᠶᠠᠷᠬᠤ ᠶᠢ ᠬᠠᠷᠢᠭᠤᠴᠠᠨ᠎ᠠ᠃     ︵ᠠᠷᠪᠠᠨ ᠬᠤᠶᠠᠷ︶ ᠣᠷᠤᠭ ᠳᠠᠩᠰᠠᠯᠠᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠠᠷᠪᠠᠨ ᠭᠤᠷᠪᠠ︶ ᠪᠦᠬᠦ ᠬᠤᠳᠠ ᠶᠢᠨ ᠣᠷᠣᠰᠢᠭᠤᠯᠭ᠎ᠠ ᠶᠢᠨ ᠦᠢᠯᠡᠰ ᠢ ᠬᠠᠮᠢᠶᠠᠷᠴᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠶᠠᠪᠤᠭᠤᠯᠤᠨ᠎ᠠ᠃     ︵ᠠᠷᠪᠠᠨ ᠲᠦᠷᠪᠡ︶ ᠨᠠᠰᠤᠲᠠᠶᠢᠴᠤᠳ᠂ ᠥᠨᠥᠴᠢᠨ ᠬᠡᠤᠬᠡᠳ ᠵᠡᠷᠭᠡ ᠣᠨᠴᠠᠭᠠᠶ ᠬᠦᠴᠢᠷᠳᠡᠯ ᠲᠠᠢ  ᠬᠦᠮᠦᠰ  ᠤᠨ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠨᠡᠶᠢᠭᠡᠮ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠠᠰᠠᠷᠠᠮᠵᠢ ᠶᠢᠨ ᠲᠦᠬᠦᠭᠡᠷᠦᠮᠵᠢ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠨᠡᠶᠢᠭᠡᠮ ᠤᠨ ᠠᠰᠠᠷᠠᠮᠵᠢ ᠶᠢᠨ ᠦᠢᠯᠡᠳᠪᠦᠷᠢᠯᠡᠯ ᠢ ᠲᠡᠳᠬᠦᠨ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠰᠠᠷᠠᠮᠵᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢ ᠵᠢᠯᠣᠭᠤᠳᠤᠨ ᠬᠠᠮᠢᠶᠠᠷᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠡᠮᠳᠡᠭᠴᠦᠳ ᠲᠤ ᠠᠵᠢᠯ ᠣᠯᠭᠤᠬᠤ ᠶᠠᠪᠤᠳᠠᠯ ᠢ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠨ᠎ᠠ᠃ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢ ᠬᠠᠮᠠᠭᠠᠯᠠᠬᠤ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠨ᠎ᠠ᠃     ︵ᠠᠷᠪᠠᠨ ᠲᠠᠪᠤ︶ ᠨᠡᠶᠢᠭᠡᠮ ᠤᠨ ᠠᠰᠠᠷᠠᠮᠵᠢ ᠶᠢᠨ ᠱᠠᠩᠨᠠᠯ ᠲᠠᠢ ᠬᠠᠨᠳᠢᠪ ᠴᠤᠭᠯᠠᠭᠤᠯᠬᠤ ᠠᠵᠢᠯ ᠢ ᠳᠠᠭᠠᠭᠠᠨ ᠡᠷᠭᠢᠯᠡᠵᠦ᠂ ᠠᠰᠠᠷᠠᠮᠵᠢ ᠶᠢᠨ ᠰᠠᠭᠤᠷᠢ ᠮᠥᠩᠭᠦ ᠶᠢ ᠬᠠᠮᠢᠶᠠᠷᠤᠨ᠎ᠠ᠃     ︵ᠠᠷᠪᠠᠨ ᠵᠢᠷᠭᠤᠭ᠎ᠠ︶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠬᠤᠷᠢᠶᠠᠮᠵᠢᠯᠠᠨ ᠬᠦᠷᠭᠡᠬᠦ ᠠᠵᠢᠯ ᠢ ᠳᠠᠭᠠᠭᠠᠨ ᠭᠦᠢᠴᠡᠳᠬᠡᠨ᠎ᠡ᠃     ︵ᠠᠷᠪᠠᠨ ᠳᠣᠯᠤᠭ᠎ᠠ︶ ᠬᠤᠲᠠ ᠶᠢᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠠᠯᠪᠠᠨ ᠬᠡᠷ ᠤᠨ ᠠᠵᠢᠯ ᠢ ᠵᠢᠯᠣᠭᠤᠳᠤᠨ᠎ᠠ᠃     ︵ᠠᠷᠪᠠᠨ ᠨᠠᠢᠮᠠ︶ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠲᠥᠯᠥᠪᠯᠡᠭᠡ ᠶᠢᠨ ᠶᠠᠪᠤᠳᠠᠯ ᠬᠢᠭᠡᠳ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠵᠤ᠂ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠡᠯ᠎ᠡ ᠲᠥᠷᠥᠯ  ᠤᠨ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠬᠢᠨᠠᠨ ᠪᠤᠳᠤᠬᠤ ᠠᠵᠢᠯ ᠢ ᠲᠣᠭᠲᠠᠭᠠᠯ ᠶᠣᠰᠣᠭᠠᠷ ᠥᠷᠨᠢᠭᠦᠯᠦᠨ᠎ᠡ᠃     ︵ᠠᠷᠪᠠ ᠶᠢᠰᠦ︶ ᠬᠤᠲᠠ ᠶᠢᠨ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃  
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号