ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠴᠢᠳᠠᠪᠬᠢ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠶ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠣᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠥᠷᠥ ᠶᠢᠨ ᠪᠣᠳᠣᠯᠭ᠎ᠠ᠂ ᠠᠷᠭ᠎ᠠ᠂ ᠲᠥᠰᠦᠯ ᠢ ᠰᠤᠳᠤᠯᠤᠨ ᠲᠣᠭᠲᠠᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠲᠣᠭᠲᠠᠭᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠢ ᠦᠨᠳᠦᠰᠦᠯᠡᠨ᠂ ᠵᠣᠬᠢᠬᠤ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠡᠷᠬᠡ ᠲᠤᠰᠢᠶᠠᠯ ᠢ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠲᠦᠷᠢᠮ ᠢ ᠲᠣᠭᠲᠠᠭᠠᠬᠤ ᠶᠢᠨ ᠬᠠᠮᠲᠤ ᠵᠢᠯᠣᠭᠤᠳᠬᠤ ᠪᠠ ᠵᠣᠬᠢᠴᠠᠭᠤᠯᠬᠤ ᠦᠢᠯᠡᠴᠢᠯᠡᠭᠡ ᠶᠢ ᠰᠠᠶᠢᠲᠤᠷ ᠬᠢᠨ᠎ᠠ᠃     ︵ᠭᠤᠷᠪᠠ︶ ᠪᠥᠬᠦ ᠬᠤᠲᠠ ᠶᠢᠨ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ  ᠬᠠᠮᠳᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠦᠢ ᠶᠣᠰᠤᠨ ᠤ ᠰᠢᠯᠵᠢᠯᠲᠡ᠂ ᠠᠰᠢᠭ  ᠲᠠᠢ ᠳᠣᠬᠢᠷᠠᠭᠤᠯᠤᠯᠲᠠ ᠶᠢ ᠠᠬᠢᠭᠤᠯᠣᠨ᠎ᠠ᠃     ︵ᠳᠥᠷᠪᠡ︶ ᠪᠥᠬᠦ ᠬᠤᠲᠠ ᠶᠢᠨ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠨᠢᠭᠡᠲᠦᠯᠲᠡᠢ ᠲᠦᠯᠦᠪᠯᠡᠬᠦ ᠶᠢ ᠲᠤᠭᠤᠷᠪᠢᠨ ᠲᠣᠭᠲᠠᠭᠠᠵᠤ᠂ ᠣᠯᠠᠨ ᠨᠡᠶᠢᠲᠡ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ ᠃ ᠬᠤᠲᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠲᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠣᠯᠭᠤᠬᠤ ᠶᠢ ᠵᠢᠯᠣᠭᠤᠳᠬᠤ ᠪᠠ ᠦᠢᠯᠡᠴᠢᠯᠡᠬᠦ ᠠᠵᠢᠯ ᠢ ᠥᠷᠨᠢᠭᠦᠯᠦᠨ᠎ᠡ᠃     ︵ᠲᠠᠪᠤ︶ ᠬᠤᠲᠠ ᠬᠥᠳᠡᠭᠡ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠤᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠢᠴᠢ ᠰᠠᠭᠤᠷᠢ ᠮᠥᠩᠭᠦᠨ ᠤ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠎ᠡ᠃     ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠦᠨ ᠬᠥᠨᠳᠡᠯᠡᠨ ᠠᠴᠠ ᠲᠠᠰᠤᠯᠬᠤ ᠲᠦᠷᠢᠮ ᠪᠠ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠳᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠶᠢᠨ ᠬᠤᠭᠤᠴᠠᠭ᠎ᠠ᠂ ᠠᠮᠠᠷᠠᠯᠲᠠ ᠶᠢᠨ ᠬᠤᠭᠤᠴᠠᠭ᠎ᠠ ᠶᠢᠨ ᠲᠦᠷᠢᠮ ᠪᠠ ᠬᠡᠦᠬᠡᠳ ᠠᠵᠢᠯᠴᠢᠨ᠂ ᠡᠮᠡᠭᠲᠡᠶ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠵᠢᠴᠢ ᠨᠠᠰᠤᠨ ᠳᠤ ᠦᠯᠤ ᠬᠥᠷᠦᠭᠰᠡᠳ ᠢ ᠵᠠᠷᠤᠬᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠦᠷᠤ ᠶᠢᠨ ᠪᠤᠳᠤᠯᠭ᠎ᠠ ᠶᠢ ᠦᠭᠡᠶᠢᠰᠭᠡᠬᠦ ᠶᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠨ ᠤ ᠡᠷᠬᠡ ᠪᠠᠨ ᠬᠠᠮᠠᠭᠠᠯᠠᠬᠤ ᠠᠵᠢᠯ ᠢ ᠬᠠᠷᠢᠭᠤᠴᠠᠨ᠎ᠠ᠃     ︵ᠳᠣᠯᠤᠭ᠎ᠠ︶ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠲᠣᠭᠲᠠᠭᠠᠭᠰᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ᠂ ᠲᠤᠰᠬᠠᠶ ᠮᠡᠷᠭᠡᠵᠢᠯ ᠤᠨ ᠠᠵᠢᠯᠲᠠᠨ ᠪᠠ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠣᠭᠲᠠᠭᠠᠯ᠂ ᠠᠷᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ ᠬᠠᠷᠭᠤᠭᠤᠯᠬᠤ᠂ ᠭᠤᠶᠤᠴᠢᠯᠠᠨ ᠮᠡᠳᠡᠭᠦᠯᠬᠦ ᠶᠢ ᠬᠠᠷᠢᠭᠤᠴᠠᠨ᠎ᠠ᠃ ᠪᠥᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠤᠨ ᠪᠠᠶᠢᠷᠢ ᠳᠣᠭᠢᠷᠠᠭᠤᠯᠬᠤ ᠠᠵᠢᠯ ᠢ ᠵᠢᠯᠤᠭᠤᠳᠤᠨ ᠬᠡᠷᠡᠭᠵᠢᠭᠦᠯᠦᠨ᠎ᠡ᠃ ᠲᠤᠰᠬᠠᠶ ᠮᠡᠷᠭᠡᠵᠢᠯ ᠤᠨ ᠲᠤᠰᠢᠶᠠᠯ ᠳᠤ ᠤᠷᠢᠵᠤ ᠲᠣᠮᠢᠯᠠᠬᠤ ᠳᠦᠷᠢᠮ᠂ ᠲᠤᠰᠬᠠᠶ ᠮᠡᠷᠭᠡᠵᠢᠯ ᠤᠨ ᠬᠢᠷᠢ ᠬᠡᠮ ᠢ ᠦᠨᠡᠯᠡᠨ ᠲᠣᠭᠲᠠᠭᠠᠬᠤ᠂ ᠰᠢᠯᠭᠠᠬᠤ ᠳᠦᠷᠢᠮ ᠵᠢᠴᠢ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠬᠢᠯᠡᠬᠦ ᠬᠢᠷᠢ ᠬᠡᠮ ᠤᠨ ᠳᠦᠷᠢᠮ ᠢ ᠬᠡᠷᠡᠭᠵᠢᠭᠦᠯᠦᠨ᠎ᠡ᠃     ︵ᠨᠠᠢᠮᠠ︶ ᠳᠡᠭᠡᠳᠦ ᠱᠠᠲᠤᠨ ᠤ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠵᠣᠬᠢᠴᠠᠭᠤᠯᠤᠨ ᠵᠢᠯᠣᠭᠤᠳᠤᠨ᠎ᠠ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠳᠣᠭᠢᠷᠠᠭᠤᠯᠬᠤ᠂ ᠢᠯᠡ ᠪᠠᠷ ᠤᠷᠢᠬᠤ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠶᠢ ᠬᠠᠷᠢᠭᠤᠴᠠᠵᠤ᠂ ᠠᠵᠢᠯ ᠦᠶ᠋ᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠺᠠᠳ᠋ᠷ ᠢ ᠪᠦᠷᠢᠳᠬᠡᠬᠦ ᠠᠵᠢᠯ ᠵᠢᠴᠢ ᠠᠵᠢᠯ ᠦᠢᠯᠡᠰ ᠤᠨ ᠺᠠᠳ᠋ᠷ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠶᠢᠰᠦ︶ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠢ ᠲᠣᠭᠲᠠᠭᠠᠬᠤ᠂ ᠬᠡᠪ ᠤᠨ ᠶᠣᠰᠣᠭᠠᠷ ᠨᠡᠮᠡᠭᠳᠡᠭᠦᠯᠬᠦ ᠪᠠ ᠣᠯᠭᠤᠬᠤ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠦᠬᠦ ᠬᠤᠳᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠴᠠᠯᠢᠩ ᠠᠰᠠᠷᠠᠮᠵᠢ ᠪᠠ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠰᠠᠯᠤᠭᠰᠠᠨ ᠠᠵᠢᠯᠲᠠᠨ ᠤ ᠴᠠᠯᠢᠩ ᠢ ᠶᠡᠷᠦᠩᠬᠡᠶᠢᠯᠡᠨ ᠬᠠᠮᠢᠶᠠᠷᠤᠨ᠎ᠠ᠃     ︵ᠠᠷᠪᠠ︶ ᠬᠥᠯᠦᠰᠦᠨ ᠲᠠᠷᠢᠶᠠᠴᠢᠨ ᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠤᠳᠤᠯᠭ᠎ᠠ ᠪᠣᠯᠤᠨ ᠲᠥᠯᠥᠪᠵᠢᠭᠦᠯᠭᠡ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠥᠯᠦᠰᠦᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠵᠣᠬᠢᠴᠠᠭᠤᠯᠤᠨ ᠰᠢᠢᠳᠪᠦᠷᠢᠯᠡᠵᠦ  ᠬᠠᠮᠠᠭᠠᠯᠠᠨ᠎ᠠ᠃     ︵ᠠᠷᠪᠠᠨ ᠨᠢᠭᠡ︶ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ᠤᠨ ᠬᠥᠳᠡᠯᠮᠦᠷᠢ ᠶᠢᠨ ᠪᠠᠲᠤᠯᠠᠭ᠎ᠠ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ᠂ ᠪᠥᠬᠦ ᠬᠤᠲᠠ ᠶᠢᠨ ᠨᠡᠶᠢᠭᠡᠮ ᠲᠣᠭᠤᠷᠢᠭ ᠤᠨ ᠬᠥᠳᠡᠯᠮᠦᠷᠢ ᠶᠢᠨ ᠪᠠᠲᠤᠯᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠪᠠᠯᠭᠠᠰᠤ ︵ᠵᠡᠭᠡᠯᠢ ᠭᠤᠳᠤᠮᠵᠢ︶ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠠᠵᠢᠯ ᠢ ᠲᠣᠭᠲᠠᠭᠠᠵᠤ᠂ ᠪᠠᠶᠢᠷᠢᠯᠠᠭᠤᠯᠵᠤ᠂ ᠬᠢᠨᠠᠨ ᠰᠢᠯᠭᠠᠨ᠎ᠠ᠃     ︵ᠠᠷᠪᠠᠨ ᠬᠤᠶᠠᠷ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠᠨ ᠭᠤᠷᠪᠠ︶ ᠡᠭᠦᠷᠭᠡ  ᠴᠢᠳᠠᠪᠬᠢ ᠶᠢᠨ ᠬᠤᠪᠢᠷᠠᠭᠤᠯᠤᠯᠲᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠭᠠᠳᠠᠭᠠᠳᠤ ᠳᠤ ᠰᠢᠢᠳᠪᠦᠷᠢᠯᠡᠬᠦ ᠵᠦᠢᠯᠡᠰ ᠢ ᠵᠢᠷᠤᠮᠵᠢᠭᠤᠯᠤᠨ ᠰᠢᠯᠢᠳᠡᠭᠵᠢᠭᠦᠯᠵᠦ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号