ᠤᠯᠠᠭᠠᠨᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ  ᠄     ︵ᠨᠢᠭᠡ︶ ᠪᠥᠬᠦ ᠬᠤᠳᠠ ᠶᠢᠨ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠳᠤᠮᠳᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯ ᠢ ᠲᠣᠬᠢᠷᠠᠭᠤᠯᠬᠤ ᠲᠥᠯᠥᠪᠵᠢᠭᠦᠯᠭᠡ ᠵᠢᠴᠢ ᠣᠨ ᠤ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠶᠡᠭᠡ ᠮᠡᠷᠭᠡᠵᠢᠯ ᠤᠨ ᠠᠷᠭ᠎ᠠ ᠬᠡᠮᠵᠢᠶ᠎ᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃     ︵ᠬᠤᠶᠠᠷ︶ ᠳᠡᠭᠡᠳᠦ ᠱᠠᠲᠤᠨ ᠤ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠠᠵᠤ ᠠᠬᠤᠶ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ   ᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠵᠦᠶ ᠵᠣᠬᠢᠰᠲᠠᠶ ᠳᠣᠭᠢᠷᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠵᠦᠶ ᠵᠣᠬᠢᠰᠲᠠᠶ  ᠲᠦᠭᠦᠷᠵᠢᠭᠦᠯᠬᠦ ᠪᠠ ᠲᠠᠷᠢᠶᠠᠯᠠᠩ   ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠰᠠᠶᠢᠵᠢᠷᠠᠭᠤᠯᠬᠤ ᠶᠢ ᠵᠢᠯᠤᠭᠤᠳᠤᠨ ᠠᠬᠢᠭᠤᠯᠤᠨ᠎ᠠ᠃ ᠬᠥᠳᠡᠭᠡ ᠲᠣᠰᠬᠤᠨ ᠤ ᠢᠲᠡᠭᠡᠮᠵᠢᠲᠦ ᠵᠢᠭᠡᠯᠡᠯᠭᠡ᠂ ᠭᠠᠶᠢᠯᠢ ᠲᠠᠲᠠᠪᠤᠷᠢ ᠵᠢᠴᠢ ᠲᠠᠷᠢᠶᠠᠯᠠᠩ ᠮᠠᠯ ᠠᠵᠤ ᠠᠬᠤᠶ ᠶᠢᠨ ᠡᠳ᠋ ᠤᠨ ᠵᠠᠰᠠᠭ ᠤᠨ ᠨᠥᠬᠦᠪᠥᠷᠢ ᠶᠢᠨ  ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃     ︵ᠭᠤᠷᠪᠠ︶ ᠲᠠᠷᠢᠶᠠᠯᠠᠩ ᠮᠠᠯ ᠠᠵᠤ ᠠᠬᠤᠶ ᠶᠢᠨ ᠲᠤᠬᠠᠶ ᠤᠯᠤᠰ ᠤᠨ ᠬᠠᠮᠢᠶ᠎ᠠ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠥᠬᠦᠢ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃     ︵ᠲᠦᠷᠪᠡ︶ ᠬᠥᠳᠡᠭᠡ ᠲᠣᠰᠬᠤᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠯ ᠢ ᠰᠤᠳᠤᠯᠤᠨ ᠳᠤᠷᠠᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠥᠳᠡᠭᠡ ᠲᠣᠰᠬᠤᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠵᠢᠯᠤᠭᠤᠳᠤᠨ᠎ᠠ᠃ ᠲᠥᠪ ᠤᠨ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠲᠥᠷᠢᠮ ᠪᠣᠯᠤᠨ ᠲᠥᠷᠥ ᠶᠢᠨ ᠪᠤᠳᠤᠯᠭ᠎ᠠ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠠᠵᠤ ᠠᠬᠤᠶ ᠶᠢᠨ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠤᠨ᠂ ᠲᠠᠷᠢᠶᠠᠴᠢᠨ ᠮᠠᠯᠴᠢᠳ ᠤᠨ ᠳᠠᠷᠤᠭᠠᠰᠤ ᠶᠢ ᠬᠥᠩᠭᠡᠷᠡᠭᠦᠯᠬᠦ ᠪᠠ ᠲᠠᠷᠢᠶᠠᠨ ᠭᠠᠵᠠᠷ᠂ ᠬᠠᠳᠤᠯᠠᠩ ᠪᠡᠯᠴᠢᠭᠡᠷ ᠤᠨ ᠬᠡᠷᠡᠭᠯᠡᠬᠦ ᠡᠷᠬᠡ ᠶᠢ ᠡᠷᠭᠢᠯᠳᠦᠭᠦᠯᠬᠦ ᠠᠵᠢᠯ ᠢ ᠵᠢᠯᠣᠭᠤᠳᠴᠤ  ᠬᠢᠨᠠᠯᠲᠠ ᠲᠠᠯᠪᠢᠨ᠎ᠠ᠃     ︵ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠦᠯᠦᠨ ᠡᠵᠡᠩᠨᠡᠬᠦ ᠴᠢᠭᠯᠡᠯᠲᠡ ᠲᠥᠷᠥ ᠶᠢᠨ ᠪᠤᠳᠤᠯᠭ᠎ᠠ ᠪᠣᠯᠤᠨ ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠥᠳᠥᠭᠡᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠢᠭᠡ ᠴᠤᠭᠴᠠᠵᠢᠯᠳᠠ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠵᠤᠬᠢᠶᠠᠨ ᠪᠠᠶᠢᠭᠤᠯᠤᠨ ᠵᠣᠬᠢᠴᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠬᠢᠭᠡᠳ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠵᠡᠷᠭᠡ ᠲᠠᠯ᠎ᠠ ᠶᠢᠨ ᠬᠠᠮᠢᠶ᠎ᠠ ᠪᠥᠬᠦᠢ ᠬᠥᠳᠡᠭᠡ ᠲᠣᠰᠬᠤᠨ ᠤ ᠠᠵᠤ ᠠᠬᠤᠶ ᠶᠢᠨ ᠮᠡᠳᠡᠭᠡ ᠵᠠᠩᠭᠢ ᠶᠢ ᠲᠥᠰᠦᠭᠡᠯᠡᠵᠦ ᠨᠡᠶᠢᠲᠡᠯᠡᠨ᠎ᠡ᠃     ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢ᠂ ᠦᠢᠯᠡᠳᠪᠦᠷᠢᠯᠡᠯ ᠤᠨ ᠬᠥᠳᠡᠯᠦᠩᠭᠦᠶ ᠪᠠᠶᠢᠳᠠᠯ ᠢ ᠪᠦᠷᠢᠳᠬᠡᠬᠦ ᠠᠵᠢᠯ ᠢ ᠬᠠᠷᠢᠭᠤᠴᠠᠨ᠎ᠠ᠃᡾ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ᠂ ᠭᠠᠮᠰᠢᠭ ᠢ ᠡᠰᠡᠷᠭᠦᠴᠡᠬᠦ᠂ ᠭᠠᠮᠰᠢᠭ ᠢ ᠰᠡᠷᠭᠡᠶᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠢ ᠬᠤᠯᠪᠣᠬᠤ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ︽ᠢᠳᠡᠰᠢᠨ ᠨᠣᠭᠤᠭᠠᠨ ᠤ ᠰᠠᠭᠰᠤ︾ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠳᠤ ᠣᠷᠣᠯᠴᠠᠵᠤ᠂ ᠬᠤᠯᠢᠰᠢᠨ ᠢᠳᠡᠭᠡᠨ ᠤ ᠦᠢᠯᠡᠳᠪᠦᠷᠢᠯᠡᠯ ᠪᠣᠯᠤᠨ ᠬᠠᠩᠭᠠᠯᠭ᠎ᠠ ᠶᠢ ᠰᠠᠶᠢᠲᠤᠷ ᠬᠢᠬᠦ ᠳᠤ ᠦᠢᠯᠡᠴᠢᠯᠡᠭᠡ ᠬᠠᠩᠭᠠᠨ᠎ᠠ᠃     ︵ᠳᠣᠯᠤᠭ᠎ᠠ︶ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠤᠬᠠᠭᠤᠯᠭ᠎ᠠ ᠬᠥᠮᠦᠵᠢᠯ᠂ ᠮᠡᠷᠭᠡᠵᠢᠯ ᠤᠨ ᠳᠡᠯᠭᠡᠷᠡᠭᠦᠯᠦᠯᠲᠡ ᠵᠢᠴᠢ ᠡᠩᠨᠡᠭᠡᠨ ᠤ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ  ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠳᠡᠭᠡᠳᠦ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ ᠶᠢ ᠵᠣᠬᠢᠶᠠᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ᠂ ᠦᠷ᠎ᠡ ᠪᠦᠲᠦᠭᠡᠯ ᠢ ᠬᠢᠨᠠᠨ ᠲᠣᠭᠲᠠᠭᠠᠬᠤ ᠵᠢᠴᠢ ᠳᠡᠯᠭᠡᠷᠡᠭᠦᠯᠬᠦ ᠶᠢ ᠵᠣᠬᠢᠶᠠᠨ ᠪᠠᠶᠢᠭᠤᠯᠤᠨ᠎ᠠ᠃ ᠮᠠᠯᠴᠢᠨ ᠲᠠᠷᠢᠶᠠᠴᠢᠨ ᠤ ᠮᠡᠷᠭᠡᠵᠢᠯ ᠤᠨ ᠪᠣᠯᠪᠠᠰᠤᠷᠠᠯ᠂ ᠲᠠᠷᠢᠶᠠᠯᠠᠩ ᠤᠨ ᠠᠵᠢᠯ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠤᠬᠠᠭᠤᠯᠭ᠎ᠠ ᠶᠢᠨ ᠠᠵᠢᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠢᠭᠡᠳ  ᠬᠠᠮᠵᠢᠯᠴᠠᠬᠤ ᠠᠵᠢᠯ ᠢ ᠬᠠᠷᠢᠭᠤᠴᠠᠨ᠎ᠠ᠃     ︵ᠨᠠᠢᠮᠠ︶ ᠪᠦᠬᠦ ᠬᠤᠳᠠ ᠶᠢᠨ ᠠᠮᠢᠳᠠᠨ ᠤᠷᠭᠤᠮᠠᠯ ᠤᠨ ᠬᠢᠵᠢᠭ ᠢ ᠪᠠᠶᠢᠴᠠᠭᠠᠬᠤ᠂ ᠮᠠᠯ ᠤᠨ ᠡᠮᠴᠢ ᠡᠮᠨᠡᠯᠭᠡ ᠶᠢᠨ ᠶᠠᠪᠤᠳᠠᠯ ᠬᠢᠭᠡᠳ ᠮᠠᠯ ᠤᠨ ᠡᠮ ᠤᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ ᠠᠮᠢᠳᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠬᠢᠵᠢᠭ ᠢ ᠪᠠᠶᠢᠴᠠᠭᠠᠬᠤ᠂ ᠬᠢᠵᠢᠭ ᠤᠨ ᠪᠠᠶᠢᠳᠠᠯ ᠢ ᠨᠡᠶᠢᠲᠡᠯᠡᠬᠦ᠂ ᠬᠢᠵᠢᠭ ᠤᠨ ᠪᠠᠶᠢᠳᠠᠯ ᠢ ᠡᠵᠡᠮᠳᠡᠬᠦ ᠵᠡᠷᠭᠡ ᠲᠠᠯ᠎ᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ     ︵ᠶᠢᠰᠦ︶ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ ᠬᠢ ᠤᠯᠤᠰ ᠤᠨ ᠪᠠᠷᠢᠮᠵᠢᠶ᠎ᠠ ᠬᠢᠭᠡᠳ ᠠᠵᠢᠯ ᠲᠥᠷᠥᠯ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠮᠠᠯ ᠵᠢᠭᠦᠷᠲᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠡᠭᠦᠯᠳᠡᠷ ᠢ ᠰᠠᠶᠢᠵᠢᠷᠠᠭᠤᠯᠬᠤ᠂ ᠳᠡᠯᠭᠡᠷᠡᠭᠦᠯᠬᠦ᠂ ᠬᠢᠵᠢᠭ ᠢ ᠰᠡᠷᠭᠡᠶᠢᠯᠡᠬᠦ᠂ ᠬᠢᠵᠢᠭ ᠢ ᠪᠠᠶᠢᠴᠠᠭᠠᠬᠤ ᠡᠮᠬᠢ ᠵᠢᠷᠤᠮ ᠢ ᠪᠠᠶᠢᠭᠤᠯᠵᠤ ᠬᠠᠮᠠᠭᠠᠯᠠᠬᠤ ᠵᠡᠷᠭᠡ ᠲᠠᠯ᠎ᠠ ᠶᠢᠨ ᠠᠵᠢᠯ ᠳᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠵᠢᠴᠢ ᠪᠣᠬᠢᠷᠲᠤᠯ ᠥᠬᠡᠶ ᠢᠳᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠬᠤ᠂ ᠭᠡᠷᠡᠴᠢᠯᠡᠭᠡ ᠬᠢᠬᠦ ᠪᠠ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠡᠭᠦᠯᠳᠡᠷ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠲᠠᠷᠢᠠᠶ᠋ᠨ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ᠂ ᠡᠪᠡᠰᠦᠨ ᠦᠷ᠎ᠡ᠂ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠣᠷᠣᠭᠤᠯᠤᠯᠲᠠ ᠶᠢᠨ ᠪᠦᠲᠦᠭᠡᠭᠳᠡᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠬᠢᠨᠠᠨ ᠲᠣᠭᠲᠠᠭᠠᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃ ᠪᠦᠬᠦ ᠬᠤᠳᠠ ᠶᠢᠨ ᠦᠢᠯᠡᠳᠪᠦᠷᠢᠯᠡᠭᠰᠡᠨ  ᠲᠠᠷᠢᠶᠠᠨ ᠦᠷ᠎ᠡ᠂ ᠲᠠᠷᠢᠶᠠᠨ ᠡᠮ᠂  ᠬᠠᠮᠢᠶ᠎ᠠ ᠪᠦᠬᠦᠢ ᠪᠤᠷᠳᠤᠭᠤᠷ ᠲᠡᠵᠢᠭᠡᠯ ᠪᠣᠷᠳᠤᠭ᠎ᠠ ᠵᠡᠷᠭᠡ ᠪᠦᠲᠦᠭᠡᠭᠳᠡᠬᠦᠨ ᠢ ᠳᠠᠩᠰᠠᠯᠠᠬᠤ ᠠᠵᠢᠯ ᠢ ᠬᠠᠷᠢᠭᠤᠴᠠᠨ᠎ᠠ᠃     ︵ᠠᠷᠪᠠ︶ ᠪᠥᠬᠦ ᠬᠤᠲᠠ ᠶᠢᠨ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ᠂ ᠨᠤᠲᠤᠭ ᠪᠡᠯᠴᠢᠭᠡᠷ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠲᠥᠯᠥᠪᠵᠢᠭᠦᠯᠦᠨ ᠵᠠᠰᠠᠬᠤ᠂ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠵᠢᠴᠢ ᠨᠡᠭᠡᠭᠡᠨ ᠠᠰᠢᠭᠯᠠᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠳᠤᠷ᠎ᠠ ᠪᠠᠷ ᠢᠶᠠᠨ ᠨᠡᠭᠡᠭᠡᠨ ᠠᠳᠠᠷ ᠬᠠᠭᠠᠯᠪᠤᠷᠢᠯᠠᠬᠤ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠳᠤ ᠣᠷᠣᠯᠴᠠᠨ᠎ᠠ᠃     ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠤᠨ ᠮᠠᠰᠢᠨ ᠢ ᠵᠢᠯᠣᠭᠤᠳᠬᠤ ᠵᠢᠴᠢ ᠰᠡᠯᠪᠢᠨ ᠵᠠᠰᠠᠬᠤ ᠪᠣᠯᠪᠠᠰᠤᠷᠠᠯ ᠢ ᠥᠷᠨᠢᠭᠦᠯᠦᠨ᠎ᠡ᠃ ᠲᠠᠷᠢᠶᠠᠯᠠᠩ ᠤᠨ ᠮᠠᠰᠢᠨ ᠪᠠᠭᠠᠵᠢ ᠶᠢ ᠰᠠᠶᠢᠵᠢᠷᠠᠭᠤᠯᠬᠤ ᠪᠠ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃     ︵ᠠᠷᠪᠠᠨ ᠬᠤᠶᠠᠷ︶ ᠲᠠᠷᠢᠶᠠᠯᠠᠩ ᠤᠨ ᠡᠬᠢ ᠪᠠᠶᠠᠯᠢᠭ ᠪᠠ ᠡᠨᠧᠷᠭᠢ ᠶᠢᠨ ᠰᠤᠷᠪᠤᠯᠵᠢ ᠶᠢᠨ ᠠᠵᠢᠯ ᠢ ᠬᠠᠮᠢᠶᠠᠷᠴᠤ᠂ ᠪᠦᠬᠦ ᠬᠤᠳᠠ ᠶᠢᠨ ᠲᠠᠷᠢᠶᠠᠯᠠᠩ ᠤᠨ ᠡᠬᠢ ᠪᠠᠶᠠᠯᠢᠭ᠂ ᠬᠥᠳᠡᠭᠡ ᠲᠣᠰᠬᠤᠨ ᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠢ ᠵᠢᠯᠣᠭᠤᠳᠤᠨ᠎ᠠ᠃     ︵ᠠᠷᠪᠠᠨ ᠭᠤᠷᠪᠠ︶ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ ᠰᠢᠰᠲ᠋ᠧᠮ  ᠤᠨ ᠪᠠᠶᠢᠭᠤᠯᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠶ ᠨᠡᠶᠢᠭᠡᠮ ᠤᠨ ᠪᠦᠯᠬᠦᠮ ᠢ ᠵᠢᠯᠣᠭᠤᠳᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠭᠦᠯᠦᠨ᠎ᠡ᠃ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠢ ᠬᠠᠮᠢᠶᠠᠷᠤᠨ᠎ᠠ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠢᠶᠠᠨ ᠠᠵᠢᠯᠲᠠᠨ ᠤ ᠶᠠᠪᠤᠳᠠᠯ᠂ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ ᠵᠡᠷᠭᠡ ᠠᠵᠢᠯ ᠢ ᠬᠠᠮᠢᠶᠠᠷᠤᠨ᠎ᠠ᠃     ︵ᠠᠷᠪᠠᠨ ᠲᠦᠷᠪᠡ︶ ᠪᠦᠬᠦ ᠬᠤᠳᠠ ᠶᠢᠨ ᠬᠥᠷᠥᠰᠥ ᠰᠢᠷᠣᠶ ᠶᠢ  ᠰᠢᠮᠡᠵᠢᠬᠦᠯᠬᠦ ᠪᠠ ᠰᠠᠶᠢᠵᠢᠷᠠᠭᠤᠯᠬᠤ᠂ ᠪᠤᠷᠳᠤᠭᠤᠷ ᠬᠡᠷᠡᠭᠯᠡᠬᠦ ᠮᠡᠷᠭᠡᠵᠢᠯ ᠤᠨ ᠵᠢᠯᠤᠭᠤᠳᠤᠯᠭ᠎ᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠴᠢᠨ ᠡᠷᠦᠬᠡ ᠪᠠ ᠭᠠᠵᠠᠷ ᠰᠢᠷᠣᠶ ᠬᠡᠷᠡᠭᠯᠡᠭᠴᠢ ᠶᠢᠨ ᠭᠠᠵᠠᠷ ᠤᠨ ᠬᠦᠴᠦ ᠰᠢᠮ᠎ᠡ ᠶᠢ ᠨᠡᠮᠡᠭᠳᠡᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠠᠵᠢᠯ ᠳᠤ ᠣᠷᠣᠯᠴᠠᠨ᠎ᠠ᠃ ᠲᠠᠷᠢᠶᠠᠴᠢᠳ ᠤᠨ ᠬᠥᠷᠥᠰᠥ ᠰᠢᠷᠣᠶ ᠶᠢ ᠬᠡᠮᠵᠢᠨ ᠨᠠᠶᠢᠷᠠᠯᠭ᠎ᠠ ᠲᠠᠢ ᠪᠤᠷᠳᠤᠭᠤᠷ ᠣᠷᠣᠭᠤᠯᠬᠤ ᠳᠤ ᠪᠦᠬᠦ ᠶᠠᠪᠤᠴᠠ ᠶᠢᠨ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ᠬᠤᠯᠢᠮᠠᠭ ᠪᠣᠷᠳᠣᠭᠤᠷ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ᠃     ︵ᠠᠷᠪᠠᠨ ᠲᠠᠪᠤ︶ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠲᠤᠬᠠᠶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠳᠤ ᠬᠢᠨᠠᠯᠲᠠ ᠲᠠᠯᠪᠢᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠤ ᠮᠡᠳᠡᠯᠭᠡ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃     ︵ᠠᠷᠪᠠᠨ ᠵᠢᠷᠭᠤᠭ᠎ᠠ︶ ᠪᠥᠬᠦ ᠬᠤᠲᠠ ᠶᠢᠨ ᠰᠦ ᠶᠢᠨ ᠦᠢᠯᠡᠰ ᠤᠨ ᠠᠵᠢᠯ ᠢ ᠵᠢᠯᠣᠭᠤᠳᠴᠤ᠂  ᠰᠦ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠴᠠᠭᠠᠨ ᠢᠳᠡᠭᠡᠨ ᠤ ᠦᠢᠯᠡᠰ ᠤᠨ ᠭᠤᠤᠯᠳᠠᠯᠭ᠎ᠠ ᠲᠠᠢ ᠲᠥᠷᠥᠯ ᠵᠦᠢᠯ ᠢ ᠵᠣᠬᠢᠶᠠᠨ ᠪᠠᠶᠢᠭᠤᠯᠬᠤ᠂ ᠬᠡᠷᠡᠭᠵᠢᠭᠦᠯᠬᠦ᠂ ᠵᠣᠬᠢᠴᠠᠭᠤᠯᠬᠤ ᠪᠠ ᠬᠠᠮᠢᠶᠠᠷᠬᠤ ᠶᠢ ᠡᠭᠦᠷᠭᠡᠯᠡᠵᠦ᠂ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠬᠢᠵᠦ᠂ ᠪᠥᠬᠦ ᠬᠤᠲᠠ ᠶᠢᠨ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠰᠦ ᠶᠢᠨ ᠦᠢᠯᠡᠰ ᠤᠨ ᠬᠥᠭᠵᠢᠯᠲᠡ ᠳᠤ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠬᠠᠩᠭᠠᠨ᠎ᠠ᠃     ︵ᠠᠷᠪᠠᠨ ᠲᠤᠯᠤᠭ᠎ᠠ︶ ᠴᠢᠬᠤᠯᠠ ᠶᠡᠭᠡ ᠠᠮᠤ ᠪᠤᠳᠠᠭᠠᠨ ᠤ ᠲᠠᠷᠢᠮᠠᠯ ᠵᠢᠴᠢ ᠠᠵᠤ ᠠᠬᠤᠶ ᠶᠢᠨ ᠲᠠᠷᠢᠮᠠᠯ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠵᠦᠢᠯᠡᠰ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠮᠤ ᠪᠤᠳᠠᠭᠠᠨ ᠤ ᠲᠠᠷᠢᠮᠠᠯ ᠵᠢᠴᠢ ᠠᠵᠤ ᠠᠬᠤᠶ ᠶᠢᠨ ᠲᠠᠷᠢᠮᠠᠯ ᠤᠨ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ ᠢ ᠣᠷᠣᠭᠤᠯᠤᠨ ᠠᠪᠴᠢᠷᠠᠬᠤ᠂ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ᠂ ᠳᠡᠯᠭᠡᠷᠡᠭᠦᠯᠬᠦ᠂ ᠨᠡᠭᠡᠭᠡᠨ ᠬᠥᠭᠵᠢᠭᠦᠯᠵᠦ ᠰᠢᠨ᠎ᠡ ᠶᠢ ᠡᠭᠦᠳᠬᠦ ᠪᠠ ᠤᠨᠴᠠᠯᠢᠭᠳᠤ ᠠᠵᠤ ᠦᠢᠯᠡᠰ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠬᠤᠲᠠ ᠶᠢᠨ ᠲᠦᠬᠦᠭᠡᠷᠦᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠮᠡᠷᠭᠡᠵᠢᠯ ᠤᠨ ᠵᠢᠯᠤᠭᠤᠳᠤᠯᠭ᠎ᠠ ᠪᠠ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠮᠡᠷᠭᠡᠵᠢᠯ ᠤᠨ ᠳᠦᠷᠢᠮ ᠲᠣᠭᠲᠠᠭᠠᠯ ᠢ ᠲᠣᠭᠲᠠᠭᠠᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠪᠠ ᠲᠠᠷᠢᠶᠠᠴᠢᠳ ᠲᠤ ᠮᠡᠷᠭᠡᠵᠢᠯ ᠤᠨ ᠪᠣᠯᠪᠠᠰᠤᠷᠠᠯ ᠬᠢᠬᠦ ᠪᠠ ᠵᠥᠪᠯᠡᠯᠭᠡ ᠥᠭᠬᠦ ᠶᠢ ᠬᠠᠷᠢᠭᠤᠴᠠᠨ᠎ᠠ᠃     ︵ᠠᠷᠪᠠᠨ ᠨᠠᠢᠮᠠ︶ ᠬᠤᠲᠠ ᠶᠢᠨ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃  
 
ᠢᠷᠡᠯᠲᠡ᠄ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号