ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄        1. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠬᠦᠷᠢᠶᠡᠨ ᠳᠠᠬᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠦᠨᠳᠦ ᠶᠡᠭᠡ ᠡ᠊ᠡᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠪᠠᠶᠢᠴᠠᠭᠠᠨ ᠰᠢᠢᠳᠪᠦᠷᠢᠯᠡᠬᠦ ᠪᠣᠳᠠᠲᠠᠶ ᠠᠵᠢᠯ ᠢ ᠡᠭᠦᠷᠭᠡᠯᠡᠨ᠎ᠡ᠃       2. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠬᠤ ᠶᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠪᠠ ᠬᠠᠮᠢᠶ᠎ᠠ ᠪᠥᠬᠦᠶ ᠲᠠᠪᠴᠠᠩ ᠤᠨ ᠬᠡᠷᠡᠭᠯᠡᠭᠡᠨ ᠤ ᠠᠵᠢᠯ ᠢ ᠬᠠᠷᠢᠭᠤᠴᠠᠨ᠎ᠠ᠃     3. ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠨ ᠤ ᠮᠡᠳᠡᠭᠦᠯᠦᠯᠲᠡ ᠶᠢ ᠤᠬᠠᠭᠤᠯᠬᠤ᠂ ᠵᠣᠬᠢᠶᠠᠨ ᠪᠠᠶᠢᠭᠤᠯᠬᠤ ᠠᠵᠢᠯ ᠢ ᠡᠭᠦᠷᠭᠡᠯᠡᠨ᠎ᠡ᠃ ᠢᠳᠡᠭᠡᠨ  ᠤᠮᠳᠠᠭᠠᠨ ᠡᠵᠡᠩᠨᠡᠬᠦ ᠵᠥᠪᠰᠢᠶᠡᠷᠡᠯ ᠤᠨ ᠲᠥᠷᠥᠯ ᠤᠨ ᠲᠤᠬᠠᠶ  ᠶᠢᠨ ᠲᠠᠯᠠᠪᠠᠢ ᠪᠠᠷ ᠬᠢᠨᠠᠨ ᠪᠠᠶᠢᠴᠠᠭᠠᠬᠤ᠂ ᠳᠠᠩᠰᠠᠯᠠᠭᠤᠯᠬᠤ ᠶᠢ ᠡᠷᠬᠡ ᠮᠡᠳᠡᠯ ᠤᠨ ᠶᠣᠰᠣᠭᠠᠷ ᠡᠭᠦᠷᠭᠡᠯᠡᠵᠦ᠂ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠲᠤᠬᠠᠶ ᠶᠢᠨ ᠲᠠᠯᠠᠪᠠᠢ ᠪᠠᠷ ᠬᠢᠨᠠᠨ ᠪᠠᠶᠢᠴᠠᠭᠠᠬᠤ ᠠᠵᠢᠯ ᠳᠤ ᠬᠠᠮᠵᠢᠯᠴᠠᠨ᠎ᠠ᠃ ᠦᠨᠡᠮᠯᠡᠯ ᠥᠬᠡᠶ ᠪᠠᠷ ᠡᠵᠡᠩᠨᠡᠬᠦ ᠪᠠ ᠬᠠᠮᠢᠶ᠎ᠠ ᠪᠥᠬᠦᠶ ᠦᠨᠡᠮᠯᠡᠯ ᠥᠬᠡᠶ ᠪᠠᠷ ᠡᠵᠡᠩᠨᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠵᠦ ᠬᠦᠴᠦᠨ ᠥᠬᠡᠶ ᠪᠣᠯᠭᠠᠨ᠎ᠠ᠃     4. ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ  ᠲᠦᠷᠢᠮᠵᠢᠬᠦᠯᠬᠦ᠂ ᠬᠠᠮᠠᠭᠠᠯᠠᠬᠤ᠂ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠠᠮᠢᠶ᠎ᠠ ᠪᠥᠬᠦᠶ ᠦᠢᠯᠡᠴᠢᠯᠡᠭᠡᠨ ᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠦᠢ ᠪᠤᠰᠤ ᠥᠷᠢᠰᠥᠯᠳᠦᠭᠡᠨ᠂ ᠥᠷᠢᠰᠥᠯᠳᠦᠭᠡᠨ ᠢ ᠬᠢᠵᠠᠭᠠᠷᠯᠠᠬᠤ᠂ ᠬᠤᠳᠠᠯᠳᠤᠭᠠᠨ ᠤ ᠬᠡᠭᠡᠯᠢ ᠬᠠᠭ᠋ᠤᠤᠯᠢ ᠲᠦᠯᠬᠢᠬᠦ᠂ ᠰᠢᠭᠤᠳ ᠪᠣᠷᠣᠯᠠᠭᠤᠯᠬᠤ ᠠᠵᠤ ᠠᠬᠤᠶᠢᠯᠠᠯ ᠪᠣᠯᠤᠨ ᠰᠢᠭᠤᠳ ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ᠂ ᠵᠠᠷ᠂ ᠭᠡᠷ᠎ᠡ ᠵᠡᠷᠭᠡ ᠶᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠳᠠᠮᠵᠢᠭᠤᠯᠤᠨ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠵᠢᠯ ᠢ ᠬᠠᠷᠢᠭᠤᠴᠠᠨ᠎ᠠ᠃ ᠬᠡᠷᠡᠭᠯᠡᠭᠴᠢᠳ ᠤᠨ ᠡᠷᠬᠡ ᠠᠰᠢᠭ ᠢ ᠵᠠᠰᠠᠭ ᠵᠠᠬᠢᠷᠭᠠᠨ ᠢᠶᠠᠷ ᠬᠠᠮᠠᠭᠠᠯᠠᠬᠤ ᠠᠵᠢᠯ ᠢ ᠬᠠᠷᠢᠭᠤᠴᠠᠨ᠎ᠠ᠃     5. ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠥᠪᠰᠢᠨ ᠤ ᠡ᠊ᠨᠳᠡᠯ ᠢ ᠪᠠᠶᠢᠴᠠᠭᠠᠨ  ᠰᠢᠢᠳᠪᠦᠷᠢᠯᠡᠬᠦ ᠠᠵᠢᠯ   ᠢ ᠬᠠᠮᠵᠢᠯᠴᠠᠨ ᠥᠷᠨᠢᠭᠦᠯᠦᠨ᠎ᠡ᠃         6. ᠭᠡᠷᠡᠴᠢᠯᠡᠵᠦ ᠵᠥᠪᠰᠢᠶᠡᠷᠡᠬᠦ᠂ ᠬᠡᠮᠵᠢᠬᠦ᠂ ᠪᠠᠷᠢᠮᠵᠢᠶᠠᠵᠢᠭᠤᠯᠬᠤ᠂ ᠲᠠᠸᠠᠷ ᠤᠨ  ᠵᠢᠷᠤᠭᠠᠰᠤᠳᠤ ᠺᠣᠳ᠋ ᠵᠢᠴᠢ ᠢᠯᠭᠠᠬᠤ ᠲᠡᠮᠳᠡᠭ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠪᠠ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠦᠢᠯᠡᠳᠬᠦᠨ ︵ᠪᠦᠲᠦᠬᠡᠭᠳᠡᠬᠦᠨ︶ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠶᠢ ᠬᠠᠷᠢᠭᠤᠴᠠᠵᠤ᠂ ᠰᠡᠭᠦᠯᠴᠢ ᠶᠢᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠦᠢᠯᠡᠳᠴᠦ ᠪᠣᠷᠣᠯᠠᠭᠤᠯᠬᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃     7. ᠢᠳᠡᠭᠡᠨ ᠤ ᠦᠢᠯᠡᠳᠪᠦᠷᠢᠯᠡᠯ᠂ ᠢᠳᠡᠭᠡᠨ ᠤ ᠭᠦᠢᠯᠭᠡᠭᠡ ︵ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠪᠠᠭᠲᠠᠨ᠎ᠠ︶᠂ ᠣᠨᠴᠠᠭᠠᠢ ᠢᠳᠡᠭᠡᠨ᠂ ᠢᠳᠡᠭᠡᠨ ᠤᠮᠳᠠᠭᠠᠨ ᠤ ᠦᠢᠯᠡᠴᠢᠯᠡᠭᠡ᠂ ᠢᠳᠡᠰᠢᠨ ᠤ ᠳᠠᠪᠤᠰᠤ ᠵᠡᠷᠭᠡ ᠢᠳᠡᠭᠡᠨ ᠤ ᠠᠮᠤᠷ ᠲᠦᠪᠰᠢᠨ ᠤ  ᠬᠦᠷᠢᠶᠡᠨ ᠳᠠᠬᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠢᠳᠡᠭᠡᠨ ᠤ ᠠᠮᠤᠷ ᠲᠥᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠵᠢᠯᠴᠠᠨ ᠪᠡᠶᠡᠯᠡᠭᠦᠯᠦᠨ᠎ᠡ᠃ ᠬᠢᠷᠢ ᠲᠡᠩᠴᠡᠭᠦ ᠥᠬᠡᠶ ᠢᠳᠡᠭᠡᠨ ᠢ ᠬᠠᠷᠭᠤᠭᠤᠯᠤᠨ ᠪᠠᠶᠢᠴᠠᠭᠠᠬᠤ᠂ ᠰᠢᠢᠳᠪᠦᠷᠢᠯᠡᠬᠦ᠂ ᠡᠭᠡᠭᠦᠯᠦᠨ ᠠᠪᠴᠢᠷᠠᠬᠤ ᠵᠡᠷᠭᠡ ᠦᠷᠭᠦᠯᠵᠢᠯᠡᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃     8. ᠵᠠᠰᠠᠯ ᠴᠢᠮᠡᠭ ᠤᠨ ᠡᠳ᠋  ︵ ᠨᠢᠭᠤᠷ ᠤᠨ ᠲᠤᠰᠤ  ︶ ᠤᠨ ᠭᠦᠢᠯᠭᠡᠭᠡᠨ ᠤ ᠬᠦᠷᠢᠶᠡᠨ   ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃     9. ᠲᠠᠸᠠᠷ ᠤᠨ ᠲᠡᠮᠳᠡᠭ᠂ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠪᠠ ᠪᠤᠰᠤᠳ ᠮᠡᠳᠡᠯᠭᠡ ᠶᠢᠨ ᠪᠦᠲᠦᠬᠡᠭᠳᠡᠬᠦᠨ ᠤ ᠥᠮᠴᠢᠯᠡᠬᠦ ᠡᠷᠬᠡ ᠶᠢᠨ ᠠᠵᠢᠯ ᠳᠤ ᠬᠠᠮᠵᠢᠯᠴᠠᠨ ᠬᠡᠷᠡᠭᠵᠢᠭᠦᠯᠦᠨ᠎ᠡ᠃     10. ᠦᠨ᠎ᠡ ᠬᠠᠩᠰᠢ ᠶᠢᠨ ᠠᠵᠢᠯᠯᠠᠭ᠎ᠠ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ᠂ ᠲᠠᠸᠠᠷ   ᠤᠨ ᠦᠨ᠎ᠡ ᠬᠠᠩᠰᠢ ᠶᠢᠨ ᠢᠯᠡ ᠦᠨ᠎ᠡ ᠬᠠᠳᠠᠭᠰᠠᠨ ᠡᠳᠦᠷ ᠲᠤᠳᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠤᠰᠤᠳ ᠦᠨ᠎ᠡ ᠬᠠᠩᠰᠢ ᠪᠠ ᠰᠦᠢᠳᠬᠡᠯ ᠬᠤᠷᠢᠶᠠᠬᠤ ᠬᠠᠮᠢᠶ᠎ᠠ ᠪᠥᠬᠦᠶ ᠠᠵᠢᠯ ᠢ ᠬᠠᠮᠵᠢᠯᠴᠠᠨ ᠥᠷᠨᠢᠭᠦᠯᠦᠨ᠎ᠡ᠃     11. ᠲᠣᠪᠴᠢᠶᠠᠨ ᠤ ᠵᠢᠯᠣᠭᠤᠳᠬᠤ ᠲᠥᠪ ᠠᠴᠠ ᠬᠤᠪᠢᠶᠠᠨ ᠶᠠᠪᠤᠭᠤᠯᠤᠭᠰᠠᠨ ᠢᠯᠡᠴᠢᠯᠡᠨ ᠵᠠᠭᠠᠯᠳᠤᠭᠰᠠᠨ ᠬᠡᠷᠡᠭ ᠢ ᠡᠶᠡᠳᠡᠭᠦᠯᠬᠦ᠂ ᠰᠢᠢᠳᠪᠦᠷᠢᠯᠡᠬᠦ ᠵᠡᠷᠭᠡ ᠶᠢ ᠭᠦᠢᠴᠡᠳᠭᠡᠬᠦ᠂ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠵᠠᠭᠠᠯᠳᠤᠯᠭ᠎ᠠ ᠶᠢ ᠭᠥᠯᠢᠶᠡᠨ ᠠᠪᠤᠭᠰᠠᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠬᠤ᠂ ᠭᠦᠢᠴᠡᠳᠬᠡᠬᠦ᠂ ᠬᠠᠷᠢᠭᠤᠯᠲᠠ ᠥᠭᠬᠦ᠂ ᠳᠡᠭᠡᠭᠰᠢ ᠮᠡᠳᠡᠭᠦᠯᠬᠦ᠂ ᠵᠠᠳᠠᠯᠤᠯᠲᠠ ᠬᠢᠬᠦ ᠵᠡᠷᠭᠡ ᠠᠵᠢᠯ ᠢ ᠬᠠᠷᠢᠭᠤᠴᠠᠵᠤ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠢᠯᠡᠴᠢᠯᠡᠨ ᠮᠡᠳᠡᠭᠦᠯᠦᠭᠰᠡᠨ ᠡᠮ ᠤᠨ  ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠳᠤ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠃     12. ᠬᠠᠷᠢᠶ᠎ᠠ ᠣᠷᠣᠨ ᠤ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠪᠠ ᠬᠤᠲᠠ ᠶᠢᠨ ᠬᠤᠪᠢ ᠶᠢᠨ ᠬᠥᠳᠡᠯᠮᠦᠷᠢᠴᠢᠳ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮᠯᠢᠭ ᠲᠤ ᠬᠤᠯᠪᠣᠭᠳᠠᠬᠤ ᠬᠠᠮᠢᠶ᠎ᠠ ᠪᠥᠬᠦᠶ ᠠᠵᠢᠯ ᠢ ᠵᠢᠯᠤᠭᠤᠳᠤᠨ᠎ᠠ᠃     13. ᠬᠠᠷᠢᠶ᠎ᠠ ᠣᠷᠣᠨ ᠤ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠪᠠ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ  ᠪᠦᠯᠬᠦᠮ ᠤᠨ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠥᠷᠨᠢᠭᠦᠯᠦᠨ᠎ᠡ᠃     14. ᠡᠷᠬᠡ ᠮᠡᠳᠡᠯ ᠤᠨ ᠬᠡᠪᠴᠢᠶ᠎ᠡ ᠪᠠᠷ ᠢᠶᠠᠨ ᠪᠤᠰᠤᠳ ᠲᠤᠬᠠᠶᠢᠯᠠᠭᠰᠠᠨ ᠠᠵᠢᠯ ᠢ ᠬᠠᠷᠢᠭᠤᠴᠠᠨ᠎ᠠ᠃     15. ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃ ᠬᠠᠷᠢᠶ᠎ᠠ ᠣᠷᠣᠨ   ᠳᠠᠬᠢ ᠬᠡᠷᠡᠭ ᠡᠷᠬᠢᠯᠡᠬᠦ ᠭᠠᠵᠠᠷ᠂ ᠪᠠᠯᠭᠠᠰᠤ ︵ᠨᠡᠭᠡᠭᠡᠯᠲᠡ ᠶᠢᠨ ᠲᠣᠭᠤᠷᠢᠭ᠂ ᠬᠦᠷᠢᠶᠡᠯᠡᠩ ᠲᠣᠭᠤᠷᠢᠭ︶ ᠶᠢᠨ ᠬᠠᠮᠢᠶ᠎ᠠ ᠪᠥᠬᠦᠶ ᠠᠵᠢᠯ ᠢ ᠪᠡᠶᠡᠯᠡᠭᠦᠯᠬᠦ ᠳᠤ ᠬᠠᠮᠵᠢᠯᠴᠠᠨ᠎ᠠ᠃  
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号