ᠤᠯᠠᠭᠠᠨᠬᠤᠲᠠ ᠶᠢᠨ ᠬᠢᠨᠠᠨ ᠪᠣᠳᠣᠬᠤ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ ᠬᠠᠮᠢᠶ᠎ᠠ ᠪᠥᠬᠦᠶ ᠬᠢᠨᠠᠨ ᠪᠤᠳᠤᠬᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃     ︵ᠬᠤᠶᠠᠷ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾ ᠶᠢᠨ ᠲᠣᠭᠲᠠᠭᠠᠯ ᠢ ᠦᠨᠳᠦᠰᠦᠯᠡᠨ᠂ ᠳᠣᠤᠷᠠᠬᠢ ᠮᠡᠲᠦ ᠬᠢᠨᠠᠨ ᠪᠤᠳᠤᠯᠲᠠ ᠶᠢ ᠰᠢᠭᠤᠳ ᠬᠢᠨ᠎ᠠ᠄ ᠪᠥᠬᠦ ᠬᠤᠲᠠ ᠶᠢᠨ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ︔ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ᠂ ᠠᠵᠢᠯ ᠦᠢᠯᠡᠰ ᠤᠨ ᠨᠢᠭᠡᠴᠡ ᠵᠢᠴᠢ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠣᠯ ᠪᠣᠯᠭᠠᠭᠰᠠᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ︔ ᠪᠦᠬᠦ ᠬᠤᠲᠠ ᠶᠢᠨ ᠪᠤᠶ ᠪᠦᠬᠦᠢ ᠤᠯᠤᠰ ᠤᠨ ᠥᠮᠴᠢᠯᠡᠯᠲᠦ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠰᠢᠷᠢ᠂ ᠣᠯᠵᠠᠪᠤᠷᠢ ᠠᠯᠳᠠᠪᠤᠷᠢ︔ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠪᠠ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠨᠡᠶᠢᠭᠡᠮ ᠤᠨ ᠪᠦᠯᠬᠦᠮ ᠠᠴᠠ ᠬᠠᠮᠢᠶᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠰᠠᠭᠤᠷᠢ ᠮᠥᠩᠭᠦ᠂ ᠨᠡᠶᠢᠭᠡᠮ ᠤᠨ ᠪᠡᠯᠡᠭᠯᠡᠨ ᠬᠦᠷᠭᠡᠭᠰᠡᠨ ᠪᠡᠯᠡ ᠮᠥᠩᠭᠦ ᠵᠢᠴᠢ ᠪᠤᠰᠤᠳ ᠬᠠᠮᠢᠶ᠎ᠠ ᠪᠦᠬᠦᠢ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠵᠦᠢᠯᠡᠰ ᠤᠨ ᠡᠳ᠋ ᠤᠨ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠣᠳᠣᠬᠤ ᠲᠣᠪᠴᠢᠶ᠎ᠠ ᠠᠴᠠ ᠬᠢᠬᠦ ᠶᠣᠰᠣᠲᠠᠶ ᠬᠢᠨᠠᠨ ᠪᠣᠳᠣᠯᠲᠠ᠃     ︵ᠭᠤᠷᠪᠠ︶ ᠬᠤᠲᠠ ᠶᠢᠨ ᠵᠠᠰᠠᠭ ᠤᠨ ᠣᠷᠳᠣᠨ ᠪᠠ ᠠᠶᠢᠮᠠᠭ ᠤᠨ ᠬᠢᠨᠠᠨ ᠪᠤᠳᠤᠬᠤ ᠲᠣᠪᠴᠢᠶ᠎ᠠ ᠳᠤ ᠪᠥᠬᠦ ᠬᠤᠲᠠ ᠶᠢᠨ ᠲᠥᠰᠦᠪ ᠢ ᠭᠦᠢᠴᠡᠳᠬᠡᠭᠰᠡᠨ ᠪᠠᠶᠢᠳᠠᠯ ᠤᠨ ᠬᠢᠨᠠᠨ ᠪᠤᠳᠤᠭᠰᠠᠨ ᠮᠡᠳᠡᠭᠦᠯᠦᠯᠲᠡ ᠶᠢ ᠲᠤᠰᠢᠶᠠᠨ᠎ᠠ᠃     ︵ᠳᠥᠷᠪᠡ︶ ᠪᠥᠬᠦ ᠬᠤᠲᠠ ᠶᠢᠨ ᠰᠠᠯᠠᠭᠠᠨ ᠲᠠᠰ ᠤᠨ ᠤᠳᠤᠷᠢᠳᠬᠤ ᠺᠠᠳ᠋ᠷ ᠲᠤ ᠲᠤᠰᠢᠶᠠᠯ ᠤᠨ ᠬᠤᠭᠤᠴᠠᠭᠠᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠬᠢᠨ᠎ᠠ᠃     ︵ᠲᠠᠪᠤ︶ ᠬᠠᠮᠢᠶ᠎ᠠ ᠪᠥᠬᠦᠶ ᠬᠠᠤᠯᠢ ᠴᠠᠭᠠᠵᠠ ᠪᠠ ᠲᠣᠭᠲᠠᠭᠠᠯ ᠢ ᠦᠨᠳᠦᠰᠦᠯᠡᠨ᠂ ᠤᠯᠤᠰ ᠤᠨ ᠥᠮᠴᠢᠯᠡᠯᠲᠦ᠂ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠪᠠ ᠪᠥᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ᠎ᠠ᠃     ︵ᠵᠢᠷᠭᠤᠭ᠎ᠠ︶ ᠳᠣᠲᠣᠭᠠᠳᠤ ᠶᠢᠨ ᠬᠢᠨᠠᠨ ᠪᠤᠳᠤᠯᠲᠠ ᠶᠢᠨ ᠵᠢᠯᠣᠭᠤᠳᠣᠯᠭ᠎ᠠ ᠪᠠ ᠬᠢᠨᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠭᠠᠷᠭᠠᠭᠰᠠᠨ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠢᠨᠠᠨ ᠪᠠᠶᠢᠴᠠᠭᠠᠨ᠎ᠠ᠃     ︵ᠲᠤᠯᠤᠭ᠎ᠠ︶ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠠᠪᠴᠤ ᠭᠦᠢᠴᠡᠳᠬᠡᠨ᠎ᠡ᠃  
 
ᠢᠷᠡᠯᠲᠡ᠄ ᠬᠢᠨᠠᠨ ᠪᠣᠳᠣᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号