ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ ᠪᠥᠬᠦ ᠲᠠᠯ᠎ᠠ ᠪᠠᠷ ᠬᠠᠤᠯᠢ   ᠪᠠᠷ ᠬᠤᠲᠠ ᠶᠢ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵ᠬᠤᠶᠠᠷ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠶᠢ ᠲᠤᠭᠤᠷᠪᠢᠨ ᠪᠢᠴᠢᠬᠦ᠂ ᠵᠠᠰᠠᠪᠤᠷᠢ ᠣᠷᠣᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠪᠠ ᠲᠡᠭᠦᠨ ᠢ ᠠᠬᠢᠭᠤᠯᠬᠤ ᠶᠢ ᠠᠬᠢᠭᠤᠯᠤᠨ᠎ᠠ᠃ ᠪᠥᠬᠦ ᠬᠤᠲᠠ ᠶᠢᠨ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃     ︵ᠭᠤᠷᠪᠠ︶ ᠪᠥᠬᠦ ᠬᠤᠲᠠ ᠶᠢᠨ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃      ︵ᠲᠥᠷᠪᠡ︶ ᠪᠥᠬᠦ ᠬᠤᠳᠠ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ  ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠤᠳᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ᠎ᠠ᠃ ᠪᠥᠬᠦ ᠬᠤᠲᠠ ᠶᠢᠨ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠲᠠ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠬᠤᠲᠠ ᠶᠢᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃     ︵ᠲᠠᠪᠤ︶ ᠪᠥᠬᠦ ᠬᠤᠲᠠ ᠶᠢᠨ ᠤᠯᠤᠰ ᠤᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠠᠵᠢᠯᠲᠠᠨ ᠤ ᠠᠵᠢᠯ ᠳᠤ ᠣᠷᠣᠬᠤ ᠠᠴᠠ ᠡᠮᠦᠨᠡᠬᠢ ᠪᠣᠯᠪᠠᠰᠤᠷᠠᠯ ᠤᠨ ᠠᠵᠢᠯ ᠢ ᠲᠥᠯᠥᠪᠵᠢᠭᠦᠯᠦᠨ ᠵᠢᠯᠣᠭᠤᠳᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠬᠠᠮᠢᠶᠠᠷᠬᠤ ᠠᠵᠢᠯ ᠢ ᠬᠠᠷᠢᠭᠤᠴᠠᠨ᠎ᠠ᠃     ︵ᠵᠢᠷᠭᠤᠭ᠎ᠠ︶ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ ᠪᠠ ᠴᠠᠭᠳᠠᠭᠠᠨ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠭᠠᠵᠠᠷ ᠵᠡᠷᠭᠡ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃     ︵ᠳᠣᠯᠤᠭ᠎ᠠ︶ ᠪᠥᠬᠦ ᠬᠤᠲᠠ ᠶᠢᠨ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠲᠥᠯᠥᠪᠵᠢᠭᠦᠯᠦᠨ᠂ ᠵᠣᠬᠢᠴᠠᠭᠤᠯᠵᠤ᠂ ᠵᠢᠯᠣᠭᠤᠳᠴᠤ᠂ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠶᠠᠪᠤᠳᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵ᠨᠠᠢᠮᠠ︶ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ᠃     ︵ᠶᠢᠰᠦ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠ︶ ᠬᠤᠳᠠ ᠶᠢᠨ ᠵᠠᠰᠠᠭ ᠤᠨ ᠣᠷᠳᠣᠨ ᠤ  ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ   ᠤᠨ ᠲᠥᠰᠦᠯ ᠢ ᠲᠤᠭᠤᠷᠪᠢᠬᠤ ᠪᠤᠶᠤ ᠵᠣᠬᠢᠶᠠᠨ ᠪᠠᠶᠢᠭᠤᠯᠤᠨ ᠲᠤᠭᠤᠷᠪᠢᠬᠤ ᠶᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ  ᠤᠨ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ  ᠲᠦᠷᠢᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ ᠤᠨ ᠲᠥᠰᠦᠯ ᠢ ᠬᠢᠨᠠᠨ ᠪᠠᠶᠢᠴᠠᠭᠠᠬᠤ ᠠᠵᠢᠯ ᠢ ᠳᠠᠭᠠᠭᠠᠨ ᠭᠦᠢᠴᠡᠳᠬᠡᠨ᠎ᠡ᠃ ᠬᠤᠳᠠ ᠶᠢᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ  ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠵᠦᠢ ᠶᠣᠰᠣᠴᠢ ᠴᠢᠨᠠᠷ ᠲᠠᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵ᠠᠷᠪᠠᠨ ᠨᠢᠭᠡ︶ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠪᠠ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠩᠭᠠᠨ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠬᠠᠷᠢᠭᠤᠴᠠᠨ᠎ᠠ᠃     ︵ᠠᠷᠪᠠᠨ ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠤᠯᠢ ᠪᠠᠷ ᠲᠦᠷᠦ ᠪᠠᠷᠢᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠪᠥᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠪᠥᠬᠦ ᠬᠤᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠰᠢᠢᠳᠪᠦᠷᠢᠯᠡᠬᠦ ᠵᠢᠴᠢ ᠵᠠᠰᠠᠭ ᠵᠠᠬᠢᠷᠭᠠᠨ ᠤ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠬᠠᠷᠢᠭᠤᠴᠠᠵᠤ᠂ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠭᠡᠷ᠎ᠡ ᠶᠢᠨ ᠪᠢᠴᠢᠭ ᠮᠠᠲ᠋ᠧᠷᠢᠶᠠᠯ ᠪᠠ ᠪᠤᠰᠤᠳ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠬᠠᠤᠯᠢ ᠶᠣᠰᠣᠨ ᠤ ᠬᠢᠨᠠᠨ ᠪᠠᠶᠢᠴᠠᠭᠠᠯᠲᠠ ᠬᠢᠨ᠎ᠠ᠃  
 
ᠢᠷᠡᠯᠲᠡ᠄ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号