ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠤᠰᠤᠨ ᠠᠰᠢᠭᠯᠠᠯᠲᠠ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃     ︵ᠬᠤᠶᠠᠷ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ ᠪᠠᠲᠤᠯᠠᠨ᠎ᠠ᠃ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠵᠦ᠂ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃     ︵ᠭᠤᠷᠪᠠ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ᠂ ᠲᠠᠷᠢᠶᠠᠯᠠᠩ ᠤᠨ ᠤᠰᠤᠯᠠᠯᠲᠠ ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠭ᠎ᠠ ᠲᠠᠢ ᠪᠠᠶᠢᠯᠭᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠥᠬᠦ ᠬᠤᠲᠠ ᠶᠢᠨ ᠤᠰᠤᠨ ᠤ ᠳᠤᠮᠳᠠ ᠣᠷᠳᠣ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠪᠥᠬᠦ ᠬᠤᠲᠠ ᠶᠢᠨ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠲᠠᠲᠠᠬᠤ ᠶᠢ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠢ ᠨᠤᠲᠠᠯᠠᠬᠤ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠲᠦᠷᠢᠮ ᠤᠨ ᠠᠵᠢᠯ ᠢ ᠬᠠᠷᠢᠭᠤᠴᠠᠵᠤ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠤᠰᠤ ᠬᠠᠩᠭᠠᠬᠤ ᠪᠠ  ᠰᠤᠮᠤ ᠰᠢᠶᠠᠩ ᠪᠠᠯᠭᠠᠰᠤᠨ ᠤ ᠤᠰᠤ ᠬᠠᠩᠭᠠᠬᠤ ᠠᠵᠢᠯ ᠢ ᠵᠢᠯᠣᠭᠤᠳᠤᠨ᠎ᠠ᠃     ︵ᠳᠥᠷᠪᠡ︶ ᠲᠣᠭᠲᠠᠭᠠᠯ ᠶᠣᠰᠣᠭᠠᠷ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠳᠦᠷᠢᠮ ᠢ ᠲᠣᠭᠲᠠᠭᠠᠬᠤ ᠶᠢᠨ ᠬᠠᠮᠲᠤ ᠬᠠᠷᠢᠭᠤᠴᠠᠨ ᠬᠡᠷᠡᠭᠵᠢᠭᠦᠯᠵᠦ ᠂ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠴᠢᠭᠯᠡᠯ ᠢ ᠬᠠᠷᠢᠭᠤᠴᠠᠨ ᠳᠤᠷᠠᠳᠴᠤ᠂ ᠪᠥᠳᠥᠭᠡᠨ ᠪᠠᠶᠢᠭᠤᠯᠤᠯᠲᠠ ᠶᠢ ᠪᠣᠳᠠᠲᠠᠶ ᠲᠣᠬᠢᠷᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠵᠢᠯᠣᠭᠤᠳᠴᠤ᠂ ᠬᠤᠳᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠤᠨ᠂ ᠳᠠᠬᠢᠨ ᠬᠢᠨᠠᠵᠤ᠂ ᠪᠥᠬᠦ ᠬᠤᠳᠠ ᠶᠢᠨ ᠤᠰᠤᠨ ᠠᠰᠢᠭᠯᠠᠯᠲᠠ ᠶᠢᠨ ᠪᠡᠯᠡ ᠮᠥᠩᠭᠦᠨ ᠤ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃     ︵ᠲᠠᠪᠤ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ᠃ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠥᠷᠨᠢᠭᠦᠯᠦᠨ᠎ᠡ᠃     ︵ᠵᠢᠷᠭᠤᠭ᠎ᠠ︶ ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠨ ᠬᠡᠷᠡᠭᠯᠡᠬᠦ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠨ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠠᠮᠢᠶ᠎ᠠ ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠵᠡᠷᠭᠡ ᠬᠠᠮᠢᠶᠠᠷᠤᠯᠲᠠ ᠶᠢᠨ ᠲᠥᠷᠢᠮ ᠢ ᠬᠠᠷᠢᠭᠤᠴᠠᠨ ᠬᠡᠷᠡᠭᠵᠢᠭᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠥᠳᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠪᠠ ᠠᠬᠢᠭᠤᠯᠤᠨ᠎ᠠ᠃     ︵ᠲᠤᠯᠤᠭ᠎ᠠ︶ ᠤᠰᠤᠨ ᠠᠰᠢᠭᠯᠠᠯᠲᠠ ᠶᠢᠨ ᠲᠦᠬᠦᠭᠡᠷᠦᠮᠵᠢ᠂ ᠤᠰᠤᠨ ᠣᠷᠣᠨ ᠬᠢᠭᠡᠳ ᠡᠷᠭᠢ ᠶᠢᠨ ᠱᠤᠭᠤᠮ  ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠪᠠ ᠪᠦᠬᠦ ᠬᠤᠲᠠ ᠶᠢᠨ ᠴᠢᠬᠤᠯᠠ ᠭᠤᠣᠯ ᠮᠥᠷᠡᠨ᠂ ᠨᠠᠭᠤᠷ ᠲᠣᠭᠤᠷᠢᠮ ᠢ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠭᠤᠤᠯ ᠨᠠᠭᠤᠷ ᠤᠨ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠭᠤᠤᠯ ᠨᠠᠭᠤᠷ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠤᠰᠤᠨ ᠤ ᠬᠡᠮᠵᠢᠶᠡᠨ ᠤ ᠬᠠᠮᠢᠶᠠᠷᠤᠯᠲᠠ ᠵᠢᠴᠢ ᠭᠤᠤᠯ ᠨᠠᠭᠤᠷ ᠤᠨ ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠬᠠᠷᠢᠭᠤᠴᠠᠨ ᠶᠠᠪᠤᠭᠳᠠᠭᠤᠯᠤᠨ᠎ᠠ᠃ ᠭᠤᠣᠯ ᠤᠨ  ᠭᠤᠯᠳᠤᠷᠢᠯ  ᠠᠴᠠ ᠬᠠᠶᠢᠷ ᠮᠠᠯᠲᠠᠬᠤ᠂ ᠭᠤᠣᠯ ᠤᠨ ᠭᠤᠯᠳᠤᠷᠢᠯ ᠤᠨ ᠬᠡᠪᠴᠢᠶᠡᠨ ᠳᠣᠲᠣᠷ᠎ᠠ ᠦᠶᠡᠷ ᠢ ᠰᠡᠷᠭᠡᠶᠢᠯᠡᠬᠦ ᠪᠤᠰᠤ ᠠᠵᠢᠯᠯᠠᠭ᠎ᠠ ᠬᠢᠬᠦ ᠶᠢ ᠵᠥᠪᠰᠢᠶᠡᠷᠡᠬᠦ ᠪᠠ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠲᠥᠰᠦᠯ  ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃     ︵ᠨᠠᠢᠮᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠡᠵᠡᠮᠳᠡᠯ ᠤᠨ ᠴᠢᠨᠠᠷᠲᠠᠶ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠬᠠᠮᠢᠶ᠎ᠠ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠲᠤᠭᠤᠷ ᠤᠨ ᠭᠤᠣᠯ ᠤᠨ ᠤᠯᠤᠰ ᠤᠨ ᠳᠡᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ᠂ ᠬᠠᠮᠠᠭᠠᠯᠠᠬᠤ ᠪᠠ ᠠᠵᠢᠯᠯᠠᠭᠤᠯᠬᠤ ᠶᠢ ᠬᠠᠷᠢᠭᠤᠴᠠᠵᠤ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠵᠢᠯᠣᠭᠤᠳᠬᠤ ᠳᠤ ᠣᠷᠣᠯᠴᠠᠨ᠎ᠠ᠃     ︵ᠶᠢᠰᠦ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ ᠪᠥᠬᠦ ᠬᠤᠲᠠ ᠶᠢᠨ ᠲᠥᠷᠥᠯ ᠵᠦᠢᠯ ᠲᠣᠭᠲᠠᠭᠠᠭᠰᠠᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ ᠃ ᠬᠥᠷᠥᠰᠥ ᠰᠢᠷᠣᠶ ᠶᠢ ᠬᠠᠮᠠᠭᠠᠯᠠᠬᠤ ᠭᠤᠣᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠠᠷᠪᠠ︶ ᠬᠥᠳᠡᠭᠡ ᠲᠣᠰᠬᠤᠨ ᠤ ᠤᠰᠤᠯᠠᠯᠲᠠ ᠤᠰᠤ ᠵᠠᠯᠠᠬᠤ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠬᠠᠷᠢᠭᠤᠴᠠᠨ᠎ᠠ᠃ ᠤᠰᠤ ᠠᠷᠪᠢᠯᠠᠬᠤ ᠤᠰᠤᠯᠠᠯᠲᠠ ᠶᠢᠨ  ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠰᠤᠷᠪᠤᠯᠵᠢ᠂ ᠦᠶᠡᠷ ᠢ ᠵᠠᠯᠠᠬᠤ ᠪᠠᠷᠢᠯᠭ᠎ᠠ ᠶᠢᠨ ᠲᠥᠬᠦᠭᠡᠷᠦᠮᠵᠢ ᠶᠢ ᠬᠢᠨᠠᠨ ᠵᠥᠪᠰᠢᠶᠡᠷᠡᠨ᠎ᠡ᠃ ᠬᠥᠳᠡᠭᠡ ᠲᠣᠰᠬᠤᠨ ᠤ ᠤᠤᠭᠤᠬᠤ ᠤᠰᠤᠨ ᠤ  ᠠᠶᠤᠯᠬᠦᠢ  ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠬᠡᠷᠡᠭᠵᠢᠭᠦᠯᠵᠦ᠂ ᠪᠠᠯᠭᠠᠰᠤ ᠵᠡᠭᠡᠯᠢ ︵ᠬᠦᠷᠢᠶᠡᠯᠡᠩ ᠲᠣᠭᠤᠷᠢᠭ︶᠂ ᠲᠣᠰᠬᠤᠨ ᠤ ᠤᠤᠭᠤᠬᠤ ᠤᠰᠤᠨ ᠤ ᠠᠮᠣᠷ ᠲᠥᠪᠰᠢᠨ ᠤ ᠬᠠᠮᠢᠶᠠᠷᠤᠯᠲᠠ ᠶᠢᠨ ᠠᠵᠢᠯ  ᠢ ᠵᠢᠯᠣᠭᠤᠳᠤᠨ᠎ᠠ᠃     ︵ᠠᠷᠪᠠᠨ ᠨᠢᠭᠡ︶ ᠪᠥᠬᠦ ᠬᠤᠳᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠷᠠᠳ ᠢ ᠨᠡᠭᠦᠯᠭᠡᠬᠦ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠷᠠᠳ ᠢ ᠨᠡᠭᠦᠯᠭᠡᠨ ᠲᠥᠪᠬᠢᠨᠡᠭᠦᠯᠬᠦ ᠶᠢ ᠰᠢᠯᠭᠠᠨ ᠠᠪᠬᠤ ᠪᠠ ᠬᠢᠨᠠᠯᠲᠠ ᠲᠠᠯᠪᠢᠵᠤ ᠦᠨᠡᠯᠡᠨ ᠵᠢᠱᠢᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠬᠤᠶᠠᠷ︶  ᠤᠰᠤ ᠲᠠᠢ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠵᠣᠬᠢᠴᠠᠭᠤᠯᠬᠤ᠂ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠶᠢ ᠬᠠᠷᠢᠭᠤᠴᠠᠵᠤ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ᠃ ᠤᠰᠤᠯᠠᠯᠲᠠ ᠶᠢᠨ ᠣᠷᠣᠨ ᠤ ᠤᠰᠤ ᠬᠠᠩᠭᠠᠬᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠵᠡᠷᠭᠡ ᠠᠵᠢᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠭᠤᠷᠪᠠ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠦᠨ᠎ᠡ᠃ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ᠂ ᠲᠦᠷᠢᠮ ᠤᠨ ᠲᠦᠷᠢᠮᠵᠢᠯ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃     ︵ᠠᠷᠪᠠᠨ ᠳᠥᠷᠪᠡ︶ ᠬᠤᠲᠠ ᠶᠢᠨ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠯᠪᠠᠨ ᠬᠡᠷ ᠢ ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠪᠥᠬᠦ ᠬᠤᠲᠠ ᠶᠢᠨ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃     ︵ᠠᠷᠪᠠᠨ ᠲᠠᠪᠤ︶  ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠥᠬᠦ ᠬᠤᠳᠠ ᠶᠢᠨ ᠦᠶᠡᠷ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠰᠤᠨ ᠤ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠦᠶᠡᠷ ᠤᠰᠤᠳᠤᠯ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃     ︵ᠠᠷᠪᠠᠨ ᠵᠢᠷᠭᠤᠭ᠎ᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠤᠰᠤᠨ ᠤ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号