ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠬᠠᠢ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠥᠰᠦᠯ᠂ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠣᠷᠣᠨ ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠲᠤᠬᠠᠶ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠶᠢ ᠠᠬᠢᠭᠤᠯᠤᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠤᠯ ᠴᠣᠭᠴᠠ ᠶᠢᠨ ᠣᠯᠠᠨ ᠡᠰᠢᠵᠢᠬᠦ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠴᠢᠯᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠪᠠ ᠡᠮ ᠤᠨ  ᠵᠦᠢᠯᠡᠰ ᠤᠨ ᠦᠨ᠎ᠡ ᠬᠠᠩᠰᠢ ᠶᠢᠨ ᠲᠦᠷᠦ ᠶᠢᠨ ᠪᠣᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃     ︵ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠭᠡᠯᠢᠯᠡᠭᠡ ᠶᠢᠨ ᠲᠥᠯᠥᠪᠵᠢᠭᠦᠯᠭᠡ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠯᠥᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠳᠤ ᠭᠠᠷ ᠲᠦᠷᠦᠭᠦ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦ᠋ᠬᠦᠢ ᠰᠠᠯᠠᠭ᠎ᠠ ᠮᠥᠴᠢᠷ ᠢ ᠵᠣᠬᠢᠴᠠᠭᠤᠯᠤᠨ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠲᠡᠭᠦᠨ ᠳᠤ ᠭᠠᠷ ᠲᠦ᠋ᠷᠦᠵᠦ᠂ ᠬᠠᠤᠯᠢ ᠪᠠᠷ ᠲᠣᠭᠲᠠᠭᠠᠭᠰᠠᠨ ᠮᠡᠳᠡᠭᠦᠯᠦᠯᠲᠡ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠨ᠎ᠡ᠃ ︽ᠲᠠᠮᠠᠬᠢ ᠶᠢ ᠬᠢᠵᠠᠭᠠᠷᠯᠠᠬᠤ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠶᠢᠨ ᠭᠡᠷ᠎ᠡ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠨ᠎ᠡ᠃     ︵ᠳᠥᠷᠪᠡ︶ ᠪᠥᠬᠦ ᠬᠤᠲᠠ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠲᠣᠭᠲᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠬᠠᠷᠢᠭᠤᠴᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠡᠯ᠎ᠡ ᠲᠥᠷᠥᠯ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ︵ᠲᠠᠪᠤ︶ ᠤᠯᠤᠰ ᠤᠨ ᠡᠮ ᠤᠨ ᠲᠥᠷᠥ ᠶᠢᠨ ᠪᠣᠳᠣᠯᠭ᠎ᠠ ᠪᠠ ᠤᠯᠤᠰ ᠤᠨ ᠡᠮ ᠤᠨ ᠦᠨᠳᠦᠰᠦᠨ ᠡᠮ ᠤᠨ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠢᠳᠡᠭᠡᠨ ᠤ ᠠᠮᠤᠷ ᠲᠥᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠮᠥᠷᠳᠡᠨ ᠦᠨᠡᠯᠡᠬᠦ ᠠᠵᠢᠯ ᠢ ᠥᠷᠨᠢᠭᠦᠯᠵᠦ᠂ ᠢᠳᠡᠭᠡᠨ ᠤ ᠠᠮᠤᠷ ᠲᠥᠪᠰᠢᠨ ᠤ ᠲᠦᠭᠰᠢᠭᠦᠷᠢ ᠶᠢ ᠬᠢᠨᠠᠨ ᠬᠡᠮᠵᠢᠬᠦ᠂ ᠰᠣᠯᠢᠯᠴᠠᠬᠤ᠂ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃     ︵ᠵᠢᠷᠭᠤᠭ᠎ᠠ︶ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ  ᠲᠦᠷᠢᠮᠵᠢᠬᠦᠯᠵᠦ᠂ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠦᠨ᠂ ᠬᠢᠨᠠᠯᠲᠠ ᠲᠠᠯᠪᠢᠵᠤ ᠪᠠᠶᠢᠴᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃     ︵ᠳᠣᠯᠤᠭ᠎ᠠ︶ ᠪᠥᠬᠦ ᠬᠤᠲᠠ ᠶᠢᠨ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠠᠵᠢᠯ ᠲᠥᠷᠥᠯ ᠤᠨ ᠲᠥᠪ ᠪᠤᠰᠤ ᠰᠤᠷᠲᠠᠯ ᠢ ᠵᠠᠯᠠᠷᠠᠭᠤᠯᠬᠤ ᠠᠵᠢᠯ ᠢ ᠡᠭᠦᠷᠭᠡᠯᠡᠵᠦ᠂ ᠡᠮᠴᠢᠯᠡᠭᠡᠨ ᠤ ᠪᠠᠶᠢᠭᠤᠯᠤᠮᠵᠢ ᠪᠠ ᠡᠮᠴᠢᠯᠡᠭᠡᠨ ᠤ ᠦᠢᠯᠡᠴᠢᠯᠡᠭᠡ᠂ ᠡᠮᠴᠢᠯᠡᠭᠡᠨ ᠤ ᠮᠡᠷᠭᠡᠵᠢᠯ᠂ ᠡᠮᠴᠢᠯᠡᠭᠡᠨ ᠤ ᠶᠠᠰᠤ ᠴᠢᠨᠠᠷ᠂ ᠡᠮᠴᠢᠯᠡᠭᠡᠨ ᠤ ᠠᠮᠤᠷ ᠲᠦᠪᠰᠢᠨ ᠵᠢᠴᠢ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠲᠦᠷᠢᠮᠵᠢᠯ᠂ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠡᠮᠴᠢᠯᠡᠭᠡᠨ ᠤ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠲᠦᠷᠢᠮ᠂ ᠦᠢᠯᠡᠴᠢᠯᠡᠭᠡᠨ ᠤ ᠵᠢᠷᠤᠮᠵᠢᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠢᠳᠡᠪᠬᠢ ᠴᠢᠨᠠᠷ  ᠤᠨ ᠡᠷᠡᠭᠦᠯ ᠬᠠᠮᠠᠭᠠᠯᠠᠯ ᠤᠨ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠬᠥᠮᠦᠨ ᠠᠮᠠ ᠬᠢᠭᠡᠳ ᠬᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠵᠢᠴᠢ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠂ ᠪᠥᠬᠦ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠡᠮᠴᠢᠯᠡᠬᠦ ᠰᠤᠪᠢᠯᠠᠬᠤ ᠶᠢ ᠤᠶᠠᠯᠳᠤᠭᠤᠯᠬᠤ ᠠᠵᠢᠯ ᠢ ᠠᠬᠢᠭᠤᠯᠤᠨ᠎ᠠ᠃     ︵ᠶᠢᠰᠦ︶ ᠪᠥᠬᠦ ᠬᠤᠲᠠ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬ᠎ᠠ ᠶᠢᠨ ᠡᠷᠡᠭᠦᠯ ᠮᠡᠨᠳᠦ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠪᠥᠬᠦ ᠬᠤᠲᠠ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬ᠎ᠠ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠡᠬᠡ ᠨᠢᠯᠬ᠎ᠠ ᠶᠢᠨ ᠡᠷᠡᠭᠦᠯ ᠮᠡᠨᠳᠦ᠂ ᠵᠡᠷᠡᠮᠳᠡᠭ ᠬᠡᠤᠬᠡᠳ ᠲᠦᠷᠦᠭᠦ ᠶᠢ ᠰᠡᠷᠭᠡᠶᠢᠯᠡᠨ ᠵᠠᠰᠠᠬᠤ᠂ ᠡᠮᠴᠢᠯᠡᠭᠡᠨ ᠤ ᠲᠤᠰᠠᠯᠠᠬᠤ ᠮᠡᠷᠭᠡᠵᠢᠯ ᠢᠶᠠᠷ ᠬᠡᠦᠬᠡᠳ ᠲᠦᠷᠦᠭᠦᠯᠬᠦ ᠵᠡᠷᠭᠡ ᠠᠵᠢᠯ ᠢ ᠬᠠᠷᠢᠭᠤᠴᠠᠨ ᠬᠠᠮᠢᠶᠠᠷᠴᠤ ᠬᠡᠷᠡᠭᠵᠢᠭᠦᠯᠦᠨ᠎ᠡ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯᠯᠠᠭᠠᠨ ᠤ ᠰᠢᠨ᠎ᠡ ᠲᠣᠭᠲᠠᠴᠠ ᠪᠠ ᠬᠥᠳᠡᠭᠡ ᠲᠣᠰᠬᠤᠨ ᠤ ᠡᠮᠴᠢ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃     ︵ᠠᠷᠪᠠ︶ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ ᠬᠡᠷᠡᠭᠵᠢᠭᠦᠯᠦᠨ᠂ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠦᠭᠡᠮᠡᠯᠵᠢᠭᠦᠯᠬᠦ ᠪᠠ ᠬᠡᠷᠡᠭᠯᠡᠬᠦ ᠠᠵᠢᠯ ᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ ᠳᠤ ᠣᠷᠣᠯᠴᠠᠨ᠂ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠨᠡᠯᠭᠡ ᠳᠤ ᠰᠠᠭᠤᠬᠤ ᠡᠮᠴᠢ ᠪᠠ ᠲᠤᠰᠬᠠᠶ ᠮᠡᠷᠭᠡᠵᠢᠯ ᠤᠨ ᠡᠮᠴᠢ ᠶᠢᠨ ᠲᠦᠷᠢᠮᠵᠢᠭᠰᠡᠨ ᠪᠣᠯᠪᠠᠰᠤᠷᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠠᠷᠪᠠᠨ ᠨᠢᠭᠡ︶ ᠪᠥᠬᠦ ᠬᠤᠲᠠ ᠶᠢᠨ ᠡᠷᠡᠭᠦᠯᠵᠢᠯ ᠤᠨ ᠡᠲᠡᠭᠡᠳ ᠤᠨ ᠡᠮᠴᠢᠯᠡᠭᠡ ᠡᠷᠡᠭᠦᠯᠵᠢᠯ ᠪᠠ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠪᠠ ᠴᠢᠬᠤᠯᠠ ᠶᠡᠭᠡ ᠠᠵᠢᠯᠯᠠᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃     ︵ᠠᠷᠪᠠᠨ ᠬᠤᠶᠠᠷ︶ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠨᠠᠬᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃     ︵ᠠᠷᠪᠠᠨ ᠭᠤᠷᠪᠠ︶ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠺᠣᠮᠢᠰ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃     ︵ᠠᠷᠪᠠᠨ ᠲᠦᠷᠪᠡ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠬᠦ ᠬᠡᠷᠡᠭᠲᠡᠶ᠃     ︵ᠠᠷᠪᠠᠨ ᠲᠠᠪᠤ︶ ᠡᠭᠦᠷᠭᠡ  ᠴᠢᠳᠠᠪᠬᠢ ᠶᠢᠨ ᠬᠤᠪᠢᠷᠠᠭᠤᠯᠤᠯᠲᠠ᠃     ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠡᠷᠡᠭᠦᠯ ᠡᠩᠬᠡ ᠬᠢᠩᠭᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠴᠢᠩᠭᠠᠳᠬᠠᠬᠤ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠤᠯᠳᠠᠯᠭ᠎ᠠ ᠪᠠᠨ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯᠳᠠᠯᠭ᠎ᠠ ᠪᠠᠨ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠥᠬᠦ ᠲᠠᠯ᠎ᠠ ᠶᠢᠨ ᠪᠠ ᠪᠥᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ  ᠬᠠᠩᠭᠠᠨ᠎ᠠ᠃ ᠨᠢᠭᠡ ᠳᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠷᠡᠭᠦᠯ ᠮᠡᠨᠳᠤ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠪᠠᠷ ᠠᠷᠭᠠᠴᠠᠭᠠᠵᠤ᠂ ᠡᠷᠡᠭᠦᠯ ᠮᠡᠨᠳᠤ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠶᠠᠷ ᠲᠤ ᠠᠵᠢᠯ ᠤᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠨᠠᠩ ᠢᠯᠡᠭᠦᠤ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ᠂ ᠮᠠᠯᠵᠢᠬᠤ ᠲᠠᠷᠢᠶᠠᠯᠠᠬᠤ ᠣᠷᠣᠨ ᠢ ᠬᠠᠮᠤᠷᠬᠤ᠂ ᠵᠠᠬ᠎ᠠ ᠬᠢᠵᠠᠭᠠᠷ ᠣᠷᠣᠨ ᠪᠠ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠳᠠᠰᠢ ᠬᠡᠯᠪᠠᠶᠢᠯᠭᠡᠬᠦ ᠶᠢ ᠠᠬᠢᠭᠤᠯᠤᠨ᠎ᠠ᠃ ᠭᠤᠷᠪᠠ ᠳᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠲᠦᠷᠪᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠩᠭᠤᠶ ᠪᠠᠷ ᠲᠦᠯᠬᠢᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠡᠶᠡᠴᠢ ᠴᠣᠭᠴᠠ ᠶᠢᠨ ᠤᠯᠠᠨ ᠡᠰᠢᠵᠢᠬᠦ᠂ ᠬᠠᠩᠭᠠᠬᠤ ᠠᠷᠭ᠎ᠠ ᠮᠠᠶ᠋ᠢᠭ ᠤᠨ ᠤᠯᠠᠨ ᠶᠠᠩᠵᠤᠴᠢᠯᠠᠯᠲᠠ ᠶᠢ ᠠᠬᠢᠭᠤᠯᠤᠨ᠎ᠠ᠃     ︵ᠠᠷᠪᠠᠨ ᠵᠢᠷᠭᠤᠭ᠎ᠠ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃     1. ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠯᠦᠭᠡ ᠶᠢᠨ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠥᠮᠦᠨ ᠠᠮᠠ ᠶᠢᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ ᠥᠷᠨᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠦᠷᠡᠵᠢᠯ ᠯᠦᠭᠡ ᠬᠤᠯᠪᠣᠭᠳᠠᠬᠤ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠠᠬᠢᠭᠤᠯᠤᠨ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠬᠠᠮᠢᠶ᠎ᠠ ᠪᠥᠬᠦᠶ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠬᠥᠮᠦᠨ ᠠᠮᠠ ᠶᠢᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠳᠦᠷᠢᠮ ᠢ ᠪᠠᠶᠢᠭᠤᠯᠵᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠴᠢᠬᠤᠯᠠ ᠶᠡᠭᠡ ᠬᠥᠮᠦᠨ ᠠᠮᠠ ᠶᠢᠨ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ ᠲᠣᠭᠲᠠᠴᠠ ᠶᠢ ᠲᠡᠭᠦᠯᠳᠡᠷᠵᠢᠭᠦᠯᠦᠨ᠂ ᠪᠦᠬᠦ ᠬᠤᠳᠠ ᠶᠢᠨ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠤᠨ ᠳᠤᠷᠠᠳᠴᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠬᠥᠮᠦᠨ ᠠᠮᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠬᠥᠮᠦᠨ ᠠᠮᠠ ᠬᠢᠭᠡᠳ ᠠᠵᠤ ᠠᠬᠤᠶ᠂ ᠨᠡᠶᠢᠭᠡᠮ᠂ ᠡᠬᠢ ᠪᠠᠶᠠᠯᠢᠭ᠂ ᠣᠷᠴᠢᠨ ᠠᠬᠤᠶ ᠶᠢᠨ ᠵᠣᠬᠢᠴᠠᠩᠭᠤᠶ ᠦᠷᠭᠦᠯᠵᠢᠯᠡᠬᠦᠶᠢᠴᠡ ᠬᠥᠭᠵᠢᠯᠲᠡ ᠵᠢᠴᠢ ᠬᠥᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃      2. ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠭᠠᠬᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠶᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠱᠠᠯᠠᠪᠳᠠᠭᠤᠯᠤᠨ ᠵᠢᠯᠣᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡ ᠶᠢ ᠬᠠᠷᠠᠭᠠᠯᠵᠠᠨ ᠠᠰᠠᠷᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠨ ᠦᠢᠯᠡᠴᠢᠯᠡᠬᠦ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂  ᠱᠠᠯᠠᠪᠳᠠᠭᠤᠯᠤᠨ ᠵᠢᠯᠣᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃     3. ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠢᠨᠠᠨ ᠬᠡᠮᠵᠢᠯᠲᠡ ᠪᠤᠶᠤ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠢᠳᠡᠭᠡᠨ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠮᠡᠳᠡᠬᠦ ᠶᠢ ᠣᠯᠵᠤ ᠮᠡᠳᠡᠪᠡᠯ᠂ ᠰᠢᠯᠭᠠᠨ ᠪᠠᠶᠢᠴᠠᠭᠠᠬᠤ ᠪᠠ ᠢᠳᠡᠭᠡᠨ ᠤ ᠠᠮᠤᠷ ᠲᠥᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠲᠡᠷᠡ ᠳᠠᠷᠤᠶ ᠳᠤᠨᠢ ᠵᠣᠬᠢᠶᠠᠨ ᠪᠠᠶᠢᠭᠤᠯᠤᠨ ᠬᠢᠬᠦ ᠶᠢᠨ ᠬᠠᠮᠲᠤ ᠢᠳᠡᠭᠡᠨ ᠤ ᠠᠮᠤᠷ ᠲᠥᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠳᠡᠨ᠎ᠡ᠂ ᠠᠮᠤᠷ ᠲᠦᠪᠰᠢᠨ ᠪᠤᠰᠤ ᠳ᠋ᠦᠩᠨᠡᠯᠲᠡ ᠭᠠᠷᠭᠠᠭᠰᠠᠨ ᠢᠳᠡᠭᠡᠨ ᠳᠤ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠡᠷᠡ ᠳᠠᠷᠤᠶ ᠳᠤᠨᠢ ᠠᠷᠭ᠎ᠠ ᠬᠡᠮᠵᠢᠶ᠎ᠡ ᠠᠪᠤᠨ᠎ᠠ᠃ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠥᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠬᠤ ᠶᠢ ᠣᠯᠵᠤ ᠮᠡᠳᠡᠪᠡᠯ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ᠳᠤ ᠴᠠᠭ ᠲᠤᠬᠠᠶ ᠳᠤᠨᠢ ᠰᠠᠨᠠᠭᠤᠯᠭ᠎ᠠ ᠳᠤᠷᠠᠳᠤᠨ᠎ᠠ᠃ ᠣᠷᠣᠨ ᠨᠤᠲᠤᠭ ᠤᠨ ᠴᠢᠨᠠᠷᠲᠠᠶ ᠡᠮ ᠤᠨ ᠵᠦᠢᠯ ᠤᠨ ᠪᠠᠷᠢᠮᠵᠢᠶ᠎ᠠ ᠪᠠ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠬᠤᠯᠠ ᠶᠡᠭᠡ ᠡᠮ ᠤᠨ ᠵᠦᠢᠯ ᠤᠨ ᠮᠠᠭᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠠᠷᠢᠯᠴᠠᠨ ᠮᠡᠳᠡᠭᠡᠯᠡᠬᠦ ᠲᠣᠭᠲᠠᠴᠠ ᠪᠠ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃     4. ᠬᠤᠲᠠ ᠶᠢᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠲᠠᠢ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠮᠴᠢᠯᠡᠭᠡ᠂ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠲᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号