ᠤᠯᠠᠭᠠᠨᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠪᠠᠶᠢᠭᠤᠯᠤᠮᠵᠢ ᠶᠢᠨ ᠡᠭᠦᠷᠭᠡ  ᠴᠢᠳᠠᠪᠬᠢ᠄     ︵ᠨᠢᠭᠡ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠪᠠᠲᠤᠯᠠᠭ᠎ᠠ ᠪᠠ ᠲᠥᠪᠬᠢᠨᠡᠭᠦᠯᠦᠨ ᠬᠠᠷᠠᠭᠠᠯᠵᠠᠬᠤ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ ᠣᠶᠤᠨ ᠰᠠᠨᠠᠭᠠᠨ ᠤ ᠬᠡᠪ ᠨᠠᠮᠪᠠ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ ᠢᠯᠡᠷᠡᠭᠦᠯᠦᠨ᠎ᠡ᠃     ︵ᠬᠤᠶᠠᠷ︶ ᠴᠡᠷᠢᠭ ᠠᠩᠭᠢ ᠶᠢᠨ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ  ᠲᠠᠷᠬᠠᠯᠠᠬᠳᠠᠵᠦ ᠠᠵᠢᠯ ᠠᠴᠠ ᠪᠠᠨ ᠪᠠᠭᠤᠭᠰᠠᠨ ᠺᠠᠳ᠋ᠷ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠲᠠᠷᠬᠠᠯᠠᠬᠳᠠᠵᠦ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠣᠯᠤᠨ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠪᠡᠶ᠎ᠡ ᠪᠠᠨ ᠳᠠᠭᠠᠭᠠᠵᠤ ᠠᠵᠢᠯ ᠤᠯᠬᠤ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠭᠤᠷᠪᠠ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ ᠢ ᠳᠠᠭᠠᠵᠤ ᠠᠵᠢᠯ ᠰᠢᠯᠵᠢᠭᠰᠡᠨ ᠬᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃     ︵ᠳᠥᠷᠪᠡ︶ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠯᠠᠭᠠᠨᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠣᠨᠴᠠᠭᠠᠢ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃     ︵ᠲᠠᠪᠤ︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠲᠠᠷᠬᠠᠯᠠᠬᠳᠠᠵᠦ ᠠᠵᠢᠯ ᠠᠴᠠ ᠪᠠᠨ ᠪᠠᠭᠤᠭᠰᠠᠨ ᠴᠡᠷᠢᠭ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ  ᠲᠠᠷᠬᠠᠯᠠᠬᠳᠠᠵᠦ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠤᠨ᠎ᠠ᠃     ︵ᠵᠢᠷᠭᠤᠭ᠎ᠠ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠪᠠᠶᠢᠭᠤᠯᠤᠮᠵᠢ ᠶᠢᠨ  ᠬᠠᠮᠢᠶ᠎ᠠ ᠪᠥᠬᠦᠶ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠮᠵᠢ ᠦᠭᠡᠢ  ᠰᠢᠷᠬ᠎ᠠ ᠲᠠᠢ᠂  ᠡᠪᠡᠳᠴᠢᠨ ᠲᠠᠢ᠂ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ︵ᠲᠤᠯᠤᠭ᠎ᠠ︶ ᠪᠦᠬᠦ ᠬᠤᠳᠠ ᠶᠢᠨ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠵᠢᠩᠬᠢᠨᠢ ᠠᠯᠪᠠᠨ ᠤ ᠴᠡᠷᠢᠭ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠠ ᠴᠡᠷᠢᠭ ᠤᠨ ᠭᠡᠷ ᠪᠦᠯᠢ ᠶᠢᠨ ᠬᠢᠨ ᠤ ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ ᠬᠠᠷᠢᠭᠤᠴᠠᠨ᠎ᠠ᠃     ︵ᠨᠠᠢᠮᠠ︶ ᠦᠷᠡᠭᠳᠡᠭᠰᠡᠨ ᠪᠠᠭᠠᠲᠤᠷ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ ᠴᠡᠷᠢᠭ ᠬᠥᠮᠦᠨ ᠤ ᠨᠡᠶᠢᠲᠡ ᠶᠢᠨ ᠣᠩᠭᠤᠨ ᠤ ᠬᠠᠮᠢᠶᠠᠷᠤᠯᠲᠠ ᠬᠠᠮᠠᠭᠠᠯᠠᠯᠲᠠ ᠶᠢᠨ ᠳᠤᠷᠠᠰᠬᠠᠯ ᠤᠨ ᠠᠵᠢᠯᠯᠠᠭ᠎ᠠ ᠵᠡᠷᠭᠡ ᠠᠵᠢᠯ ᠢ ᠬᠠᠷᠢᠭᠤᠴᠠᠵᠤ᠂ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠤᠨ ᠭᠤᠤᠯᠳᠠᠯᠭ᠎ᠠ ᠲᠠᠢ ᠬᠠᠮᠠᠭᠠᠯᠠᠬᠤ ᠨᠢᠭᠡᠴᠡ ᠳᠤ ᠵᠢᠭᠰᠠᠭᠠᠨ ᠣᠷᠣᠭᠤᠯᠬᠤ ᠪᠠᠷ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷᠡᠰ ᠤᠨ ᠵᠢᠭᠰᠠᠭᠠᠯᠲᠠ ᠶᠢ ᠭᠤᠶᠤᠴᠢᠯᠠᠨ ᠮᠡᠳᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠳ᠋ᠦᠩᠨᠡᠨ ᠰᠠᠶᠢᠰᠢᠶᠠᠬᠤ ᠪᠠ ᠤᠬᠠᠭᠤᠯᠤᠨ᠎ᠠ᠃     ︵ᠶᠢᠰᠦ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶ᠎ᠠ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶᠡᠨ ᠤ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠠᠮᠢᠶ᠎ᠠ ᠪᠥᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠ︶ ᠬᠦᠴᠢᠷᠳᠡᠯ ᠲᠠᠢ ᠠᠵᠤ ᠠᠬᠤᠶᠢᠯᠠᠯ ᠤᠨ ᠴᠡᠷᠢᠭ ᠤᠨ ᠠᠯᠪᠠ ᠠᠴᠠ ᠬᠠᠯᠠᠭᠳᠠᠭᠰᠠᠨ ᠺᠠᠳ᠋ᠷᠴᠤᠳ ᠢ ᠬᠦᠴᠢᠷᠳᠡᠯ ᠠᠴᠠ ᠠᠩᠭᠢᠵᠢᠷᠠᠭᠤᠯᠤᠨ ᠲᠣᠭᠲᠠᠭᠤᠨ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ     ︵ᠠᠷᠪᠠᠨ ᠨᠢᠭᠡ︶ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠᠨ ᠬᠤᠶᠠᠷ︶ ᠡᠭᠦᠷᠭᠡ  ᠴᠢᠳᠠᠪᠬᠢ ᠶᠢᠨ ᠬᠤᠪᠢᠷᠠᠭᠤᠯᠤᠯᠲᠠ     ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪᠯᠡᠷᠡᠭᠰᠡᠨ ᠨᠢᠭᠡᠳᠦᠯᠲᠡᠶ᠂ ᠡᠭᠦᠷᠭᠡ ᠬᠠᠷᠢᠭᠤᠴᠠᠯᠭ᠎ᠠ ᠲᠣᠳᠣᠷᠬᠠᠶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠵᠤ ᠪᠠᠶᠢᠭᠠᠳ ᠴᠡᠷᠢᠭ ᠬᠥᠮᠦᠨ ᠴᠡᠷᠢᠭ ᠤᠨ ᠭᠡᠷ ᠪᠦᠯᠢ ᠳᠤ ᠨᠡᠩ ᠰᠠᠶᠢᠨ ᠦᠢᠯᠡᠴᠢᠯᠡᠵᠦ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠬᠥᠮᠦᠨ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠲᠤᠬᠠᠶᠢᠯᠠᠭᠰᠠᠨ ᠠᠵᠢᠯ ᠪᠣᠯᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ ᠵᠣᠷᠢᠭ ᠰᠠᠨᠠᠭᠠᠨ ᠤ ᠬᠡᠪ ᠨᠠᠮᠪᠠ ᠪᠠ ᠦᠷᠳᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ᠂ ᠴᠡᠷᠢᠭ ᠠᠩᠬᠢ ᠶᠢᠨ ᠲᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠴᠢᠩᠭᠠᠳᠬᠠᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠨᠡᠩ ᠰᠠᠶᠢᠲᠤᠷ ᠬᠢᠨ᠎ᠡ᠃  
 
ᠢᠷᠡᠯᠲᠡ᠄ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号