ᠤᠯᠠᠭᠠᠨᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ  ᠄     1. ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠪᠠᠶᠢᠴᠠᠭᠠᠵᠤ᠂ ᠲᠤᠭ᠎ᠠ ᠪᠦᠷᠢᠳᠬᠡᠯ ᠤᠨ ᠬᠠᠤᠯᠢ  ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      2. ᠪᠥᠬᠦ ᠬᠤᠲᠠ ᠶᠢᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠬᠠᠮᠢᠶᠠᠷᠴᠤ ᠵᠣᠬᠢᠴᠠᠭᠤᠯᠬᠤ ᠶᠢ ᠡᠭᠦᠷᠭᠡᠯᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠴᠠᠭ ᠲᠤᠬᠠᠶ ᠳᠤᠨᠢ ᠬᠢᠬᠦ ᠶᠢ ᠦᠨᠡᠨ ᠬᠦ ᠪᠠᠲᠤᠯᠠᠨ᠎ᠠ᠃ ᠤᠯᠤᠰ ᠤᠨ ᠲᠤᠭ᠎ᠠ ᠪᠦᠷᠢᠳᠬᠡᠯ ᠤᠨ ᠲᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠤᠰ ᠭᠠᠵᠠᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠢᠮ ᠪᠠ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃     3. ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠰᠠᠯᠠᠭ᠎ᠠ ᠮᠥᠴᠢᠷ ︵ᠠᠵᠢᠯ ᠲᠦᠷᠦᠯ︶ ᠤᠨ ᠲᠤᠭ᠎ᠠ ᠪᠦᠷᠢᠳᠬᠡᠯ ᠤᠨ ᠠᠵᠢᠯ ᠢ ᠬᠠᠮᠢᠶᠠᠷᠴᠤ ᠵᠢᠯᠣᠭᠤᠳᠤᠨ᠎ᠠ᠃ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠬᠢᠭᠡᠳ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠬᠤᠭᠤᠷᠣᠨᠳᠣᠬᠢ ᠬᠠᠷᠢᠴᠠᠭ᠎ᠠ ᠶᠢ ᠵᠣᠬᠢᠴᠠᠭᠤᠯᠤᠨ᠎ᠠ᠃ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠤᠯᠢ ᠶᠣᠰᠣᠭᠠᠷ ᠬᠢᠨᠠᠨ ᠬᠠᠷᠭᠤᠭᠤᠯᠵᠤ᠂ ᠦᠨᠡᠯᠡᠨ ᠵᠢᠱᠢᠨ᠎ᠡ᠃ ᠣᠷᠣᠨ ᠨᠤᠲᠤᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠦᠯ ᠵᠦᠢᠯ ᠢ ᠬᠠᠤᠯᠢ ᠶᠣᠰᠤᠭᠠᠷ ᠬᠠᠮᠢᠶᠠᠷᠤᠨ᠎ᠠ᠃ ᠪᠦᠬᠦ ᠬᠤᠳᠠ ᠶᠢᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠨ᠎ᠠ᠃     4. ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠶᠢᠨ ᠪᠠᠶᠢᠳᠠᠯ ᠬᠤᠲᠠ ᠶᠢᠨ ᠬᠦᠴᠦᠨ ᠤ ᠨᠡᠶᠢᠳᠡᠮ ᠪᠠᠶᠢᠴᠠᠭᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠪᠥᠬᠦ ᠬᠤᠲᠠ ᠶᠢᠨ ᠬᠥᠮᠦᠨ ᠠᠮᠠ᠂ ᠠᠵᠤ ᠠᠬᠤᠶ᠂ ᠲᠠᠷᠢᠶᠠᠯᠠᠩ ᠵᠡᠷᠭᠡ ᠶᠢᠨ ᠬᠠᠮᠢᠶ᠎ᠠ ᠪᠥᠬᠦᠶ ᠨᠡᠶᠢᠳᠡᠮ ᠪᠠᠶᠢᠴᠠᠭᠠᠯᠲᠠ᠂ ᠲᠤᠰᠬᠠᠶ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠤᠨ᠂ ᠡᠮᠬᠢᠳᠬᠡᠵᠦ ᠬᠠᠩᠭᠠᠨ᠎ᠠ᠃     5. ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠲᠦᠷᠢᠮ ᠪᠠ ᠪᠥᠬᠦ ᠬᠤᠲᠠ ᠶᠢᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠲᠣᠭᠠᠴᠠᠭ᠎ᠠ ᠬᠢᠨ᠎ᠡ᠃ ᠤᠯᠤᠰ ᠠᠷᠠᠳ ᠤᠨ ᠠᠵᠤ ᠠᠬᠤᠶ ᠶᠢᠨ ᠲᠣᠭᠠᠴᠠᠭᠠᠨ ᠤ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠵᠤ᠂ ᠡᠮᠬᠢᠳᠬᠡᠵᠦ᠂ ᠬᠠᠩᠭᠠᠨ᠎ᠠ᠃     6. ᠪᠥᠬᠦ ᠬᠤᠲᠠ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠪᠠ ᠣᠷᠴᠢᠨ ᠠᠬᠤᠶ ᠵᠡᠷᠭᠡ ᠳᠤ ᠬᠤᠯᠪᠣᠭᠳᠠᠬᠤ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ ᠂ ᠡᠮᠬᠢᠳᠬᠡᠵᠦ᠂ ᠬᠠᠩᠭᠠᠨ᠎ᠠ᠃     7. ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠦᠨᠡᠯᠡᠨ ᠵᠢᠱᠢᠬᠦ ᠪᠠ ᠬᠢᠨᠠᠨ ᠡᠵᠡᠮᠳᠡᠬᠦ ᠲᠦᠷᠢᠮ ᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠪᠥᠬᠦ ᠬᠤᠲᠠ ᠶᠢᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠡᠮᠬᠢᠯᠡᠵᠦ᠂ ᠬᠢᠨᠠᠨ ᠲᠣᠭᠲᠠᠭᠠᠵᠤ᠂ ᠬᠠᠮᠢᠶᠠᠷᠴᠤ᠂ ᠬᠠᠩᠭᠠᠵᠤ᠂ ᠨᠡᠶᠢᠲᠡᠯᠡᠨ᠎ᠡ᠃ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠪᠦᠷᠢᠳᠬᠡᠯ ᠤᠨ ᠮᠡᠳᠡᠭᠡ ᠵᠠᠩᠭᠢ ᠶᠢ ᠨᠡᠶᠢᠲᠡᠯᠡᠨ᠎ᠡ᠃ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠶᠢ  ᠲᠦᠷᠢᠮᠵᠢᠬᠦᠯᠦᠨ ᠬᠠᠮᠢᠶᠠᠷᠬᠤ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠦᠷᠢᠮ ᠪᠠ ᠨᠡᠶᠢᠲᠡᠯᠡᠬᠦ ᠲᠦᠷᠢᠮ ᠢ ᠵᠣᠬᠢᠶᠠᠨ ᠪᠠᠶᠢᠭᠤᠯᠤᠨ ᠪᠠᠶᠢᠭᠤᠯᠤᠨ᠎ᠠ᠃     8. ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ᠂ ᠣᠷᠴᠢᠨ ᠠᠬᠤᠶ ᠵᠡᠷᠭᠡ ᠪᠠᠶᠢᠳᠠᠯ ᠢ ᠪᠦᠷᠢᠳᠬᠡᠨ ᠵᠠᠳᠠᠯᠵᠤ᠂ ᠪᠦᠷᠢᠳᠬᠡᠨ ᠰᠡᠷᠡᠮᠵᠢᠯᠡᠭᠦᠯᠵᠦ᠂ ᠪᠦᠷᠢᠳᠬᠡᠨ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠠ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠬᠥᠳᠡᠯᠦᠩᠭᠦᠶ ᠬᠢᠨᠠᠨ ᠬᠡᠮᠵᠢᠯᠲᠡ ᠪᠠ ᠰᠢᠢᠳᠪᠦᠷᠢᠲᠦ ᠪᠣᠳᠣᠯᠭ᠎ᠠ ᠶᠢᠨ ᠯᠠᠪᠯᠠᠯᠭ᠎ᠠ ᠶᠢᠨ ᠦᠢᠯᠡᠴᠢᠯᠡᠭᠡ ᠶᠢ ᠴᠢᠩᠭᠠᠳᠬᠠᠨ᠎ᠠ᠃  ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠬᠤᠳᠠ ᠶᠢᠨ ᠱᠠᠲᠤᠨ ᠤ ᠰᠠᠯᠠᠭ᠎ᠠ ᠮᠥᠴᠢᠷ ᠢ ᠬᠢᠨᠠᠨ ᠰᠢᠯᠭᠠᠵᠤ ᠦᠨᠡᠯᠡᠬᠦ ᠠᠵᠢᠯ ᠳᠤ ᠣᠷᠣᠯᠴᠠᠨ᠎ᠠ᠃     9. ᠪᠥᠬᠦ ᠬᠤᠲᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠠᠦ᠋ᠲ᠋ᠣᠴᠢᠯᠠᠭᠰᠠᠨ ᠰᠢᠰᠲ᠋ᠧᠮ᠂ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠪᠠ ᠰᠦᠯᠵᠢᠶᠡᠨ ᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ ᠨᠢᠭᠡᠳᠦᠯᠲᠡᠶ ᠬᠠᠮᠢᠶᠠᠷᠤᠨ᠎ᠠ᠃     10. ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠤ ᠬᠠᠮᠢᠶᠠᠷᠤᠯᠲᠠ ᠶᠢᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠯᠪᠠᠨ ᠭᠡᠷ ᠢ ᠬᠠᠪᠰᠤᠷᠤᠨ᠎ᠠ᠃ ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠢ ᠬᠠᠮᠵᠢᠨ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠬᠢᠷᠢ ᠬᠡᠮ ᠤᠨ ᠰᠢᠯᠭᠠᠯᠲᠠ᠂ ᠲᠤᠰᠬᠠᠶ ᠮᠡᠷᠭᠡᠵᠢᠯ ᠤᠨ ᠲᠤᠰᠢᠶᠠᠯ ᠢ ᠲᠣᠭᠲᠠᠭᠠᠬᠤ ᠤᠷᠢᠬᠤ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ ᠬᠠᠮᠢᠶᠠᠷᠤᠨ᠎ᠠ᠃     11. ᠪᠥᠬᠦ ᠬᠤᠲᠠ ᠶᠢᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠲᠤᠭ᠎ᠠ ᠪᠦᠷᠢᠳᠬᠡᠯ ᠤᠨ ᠰᠤᠷᠭᠠᠨ ᠬᠥᠮᠦᠵᠢᠯ᠂ ᠲᠤᠭ᠎ᠠ ᠪᠦᠷᠢᠳᠬᠡᠯ ᠤᠨ ᠺᠠᠳ᠋ᠷ ᠢ ᠪᠣᠯᠪᠠᠰᠤᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠪᠠ ᠲᠤᠭ᠎ᠠ ᠪᠦᠷᠢᠳᠬᠡᠯ ᠤᠨ ᠠᠵᠢᠯ ᠤᠨ  ᠭᠠᠳᠠᠨᠠᠬᠢ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠥᠷᠨᠢᠭᠦᠯᠵᠦ᠂ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃     12. ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠮᠡᠳᠡᠭᠡ ᠵᠠᠩᠭᠢ ᠶᠢᠨ ᠥᠯᠢᠭᠡᠷ ᠠᠪᠴᠤ ᠪᠠᠶᠢᠴᠠᠭᠠᠬᠤ ᠰᠦᠯᠵᠢᠶᠡᠨ ᠤ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃      13. ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ ᠭᠦᠢᠴᠡᠳᠬᠡᠨ᠎ᠡ᠃  
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号