ᠤᠯᠠᠭᠠᠨᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠪᠠᠶᠢᠭᠤᠯᠤᠮᠵᠢ ᠶᠢᠨ ᠡᠭᠦᠷᠭᠡ  ᠴᠢᠳᠠᠪᠬᠢ᠄     ︵ᠨᠢᠬᠡ︶ ᠰᠤᠶᠤᠯ᠂ ᠵᠤᠭᠠᠴᠠᠯ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠨᠠᠮ  ᠪᠠ ᠤᠯᠤᠰ᠂ ᠦᠪᠡᠷᠳᠡᠬᠡᠨ ᠵᠠᠰᠠᠬᠤ ᠤᠷᠤᠨ  ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠵᠢᠴᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠪᠠ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠤᠯᠠᠭᠠᠨᠬᠤᠲᠠ ᠶᠢᠨ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠠᠵᠢᠯ ᠤᠨ ᠲᠥᠯᠥᠪᠵᠢᠭᠦᠯᠭᠡ᠂ ᠲᠣᠭᠲᠠᠭᠠᠯ᠂ ᠠᠷᠭ᠎ᠠ᠂ ᠨᠠᠷᠢᠨ ᠲᠦᠷᠢᠮ ᠵᠡᠷᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃     ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠪᠠ ᠤᠯᠠᠭᠠᠨᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠪᠥᠬᠦ ᠬᠤᠲᠠ ᠶᠢᠨ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠬᠠᠷᠠᠯᠲᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠤᠨ ᠲᠣᠭᠲᠠᠭᠠᠵᠤ᠂ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠳᠤᠮᠳᠠ ᠤᠷᠳᠤ ᠬᠤᠭᠤᠴᠠᠭᠠᠨ ᠤ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠭᠤᠷᠪᠠ︶ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠦᠯᠭ᠎ᠠ ᠶᠢ ᠰᠤᠳᠤᠯᠤᠨ ᠲᠣᠭᠲᠠᠭᠠᠵᠤ᠂ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠠᠨ ᠨᠡᠶᠢᠲᠡ ᠶᠢᠨ ᠰᠣᠶᠣᠯ᠂ ᠪᠡᠶ᠎ᠡ ᠶᠢᠨ ᠲᠠᠮᠢᠷ ᠤᠨ ᠲᠠᠯᠠᠪᠤᠷ ᠵᠢᠴᠢ ᠭᠤᠣᠯᠳᠠᠯᠭ᠎ᠠ ᠲᠠᠢ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠥᠯᠥᠪᠵᠢᠭᠦᠯᠵᠦ ᠵᠣᠬᠢᠴᠠᠭᠤᠯᠤᠨ ᠬᠠᠮᠢᠶᠠᠷᠤᠨ᠎ᠠ᠃ ᠪᠥᠬᠦ ᠬᠤᠲᠠ ᠶᠢᠨ ᠭᠤᠤᠯ ᠪᠣᠯᠬᠤ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠶᠡᠷᠦᠩᠬᠡᠶ ᠳᠤᠨᠢ ᠠᠬᠢᠭᠤᠯᠬᠤ ᠠᠵᠢᠯ ᠢ ᠬᠠᠷᠢᠭᠤᠴᠠᠨ᠎ᠠ᠃ ᠰᠣᠶᠣᠯ᠂ ᠪᠡᠶ᠎ᠡ ᠶᠢᠨ ᠲᠠᠮᠢᠷ ᠪᠣᠯᠤᠨ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃     ︵ᠲᠦᠷᠪᠡ︶ ᠤᠳᠬ᠎ᠠ ᠵᠣᠬᠢᠶᠠᠯ᠂ ᠤᠷᠠᠯᠢᠭ ᠤᠨ ᠦᠢᠯᠡᠰ ᠢ ᠬᠠᠮᠢᠶᠠᠷᠤᠨ᠎ᠠ᠃ ᠨᠡᠶᠢᠭᠡᠮ ᠤᠨ ᠰᠣᠶᠣᠯ ᠤᠨ ᠦᠢᠯᠡᠰ ᠢ ᠬᠠᠮᠢᠶᠠᠷᠴᠤ᠂ ᠡᠯ᠎ᠡ ᠲᠦᠷᠦᠯ ᠤᠨ ᠨᠡᠶᠢᠭᠡᠮ ᠤᠨ ᠰᠣᠶᠣᠯ ᠤᠨ ᠦᠢᠯᠡᠰ ᠤᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠤᠨ᠎ᠠ᠃ ᠤᠷᠠᠯᠢᠭ ᠤᠨ ᠵᠣᠬᠢᠶᠠᠨ ᠪᠦᠲᠦᠭᠡᠯᠭᠡ ᠪᠠ ᠦᠢᠯᠡᠳᠪᠦᠷᠢᠯᠡᠯ ᠢ ᠵᠢᠯᠣᠭᠤᠳᠴᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠶ ᠲᠥᠯᠥᠭᠡᠯᠡᠬᠦ ᠴᠢᠨᠠᠷᠲᠠᠶ ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠢ ᠢᠯᠡᠷᠡᠭᠦᠯᠵᠦ᠂ ᠡᠯ᠎ᠡ ᠲᠦᠷᠤᠯ ᠤᠨ ᠤᠷᠠᠯᠢᠭ᠂ ᠡᠯ᠎ᠡ ᠤᠷᠠᠯᠢᠭ ᠤᠨ ᠲᠦᠷᠤᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠣᠶᠣᠯ ᠤᠷᠠᠯᠢᠭ ᠤᠨ ᠴᠢᠬᠤᠯᠠ ᠶᠡᠭᠡ ᠠᠵᠢᠯᠯᠠᠭ᠎ᠠ ᠶᠢ ᠬᠠᠮᠢᠶᠠᠷᠤᠨ᠎ᠠ᠃ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ᠂ ᠪᠣᠯᠪᠠᠰᠤᠷᠠᠭᠤᠯᠬᠤ ᠠᠵᠢᠯ ᠢ ᠬᠠᠷᠢᠭᠤᠴᠠᠨ ᠵᠢᠯᠣᠭᠤᠳᠤᠨ᠎ᠠ᠃     ︵ᠲᠠᠪᠤ︶ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠲᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠵᠤᠭᠠᠴᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠤᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠣᠶᠣᠯ ᠪᠡᠶ᠎ᠡ ᠶᠢᠨ ᠲᠠᠮᠢᠷ ᠵᠤᠭᠠᠴᠠᠯ ᠤᠨ ᠠᠵᠢᠯ ᠲᠦᠷᠦᠯ ᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ  ᠪᠠᠶᠢᠭᠤᠯᠤᠯᠲᠠ ᠶᠢ ᠠᠬᠢᠭᠤᠯᠤᠨ᠎ᠠ᠃     ︵ᠵᠢᠷᠭᠤᠭ᠎ᠠ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃     ︵ᠲᠤᠯᠤᠭ᠎ᠠ︶ ᠨᠣᠮ ᠤᠨ ᠰᠡᠩ ᠤᠨ ᠦᠢᠯᠡᠰ ᠢ ᠬᠠᠮᠢᠶᠠᠷᠴᠤ᠂ ᠨᠣᠮ ᠪᠢᠴᠢᠭ ᠰᠤᠷᠪᠤᠯᠵᠢ ᠪᠢᠴᠢᠭ ᠤᠨ ᠡᠬᠢ ᠪᠠᠶᠠᠯᠢᠭ ᠤᠨ ᠪᠦᠳᠦᠭᠡᠠ ᠪᠠᠶᠢᠭᠤᠯᠤᠯᠲᠠ᠂ ᠨᠡᠭᠡᠭᠡᠨ ᠠᠰᠢᠭᠯᠠᠯᠲᠠ ᠪᠠ ᠠᠰᠢᠭᠯᠠᠯᠲᠠ ᠶᠢ ᠵᠢᠯᠣᠭᠤᠳᠤᠨ᠎ᠠ᠃     ︵ᠨᠠᠢᠮᠠ︶ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ᠂ ᠰᠣᠶᠣᠯ ᠦᠵᠡᠰᠬᠦᠯᠡᠩ ᠤᠨ ᠦᠢᠯᠡᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠭᠡᠭᠡᠨ ᠬᠥᠭᠵᠢᠭᠦᠯᠬᠦ᠂ ᠠᠰᠢᠭᠯᠠᠬᠤ᠂ ᠬᠢᠨᠠᠨ ᠵᠥᠪᠰᠢᠶᠡᠷᠡᠬᠦ ᠪᠠ ᠱᠠᠩᠨᠠᠵᠤ ᠲᠣᠷᠭᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃     ︵ᠶᠢᠰᠦ︶ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠲᠠᠯ᠎ᠠ ᠪᠠᠷ ᠭᠠᠳᠠᠭᠠᠳᠤ ᠳᠤ ᠵᠣᠷᠢᠭᠤᠯᠤᠭᠰᠠᠨ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ᠂ ᠬᠠᠮᠲᠤᠷᠠᠯᠴᠠᠭ᠎ᠠ ᠪᠠ ᠤᠬᠠᠭᠤᠯᠭ᠎ᠠ᠂ ᠳᠡᠯᠭᠡᠷᠡᠭᠦᠯᠦᠯᠲᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠲᠤᠮᠤ ᠬᠡᠯᠪᠡᠷᠢ ᠶᠢᠨ ᠰᠣᠶᠣᠯ ᠪᠠ ᠵᠤᠭᠠᠴᠠᠯ ᠤᠨ ᠲᠠᠯ᠎ᠠ ᠪᠠᠷ ᠭᠠᠳᠠᠭᠠᠳᠤ ᠳᠤ ᠵᠣᠷᠢᠭᠤᠯᠤᠭᠰᠠᠨ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠨ᠎ᠠ᠃     ︵ᠠᠷᠪᠠ︶ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠬᠠᠮᠢᠶᠠᠷᠴᠤ᠂ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠦᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃     ︵ᠠᠷᠪᠠᠨ ᠨᠢᠭᠡ︶ ᠪᠥᠬᠦ ᠬᠤᠲᠠ ᠶᠢᠨ ᠵᠤᠭᠠᠴᠠᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠲᠡᠭᠦᠯᠳᠡᠷᠵᠢᠭᠦᠯᠵᠦ᠂ ᠪᠥᠬᠦ ᠬᠤᠲᠠ ᠶᠢᠨ ᠵᠤᠭᠠᠴᠠᠯ ᠤᠨ ᠦᠢᠯᠡᠰ ᠢ ᠬᠥᠭᠵᠢᠭᠦᠯᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠵᠤᠭᠠᠴᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢᠨ ᠭᠠᠳᠠᠭᠠᠳᠤ ᠤᠬᠠᠭᠤᠯᠭ᠎ᠠ ᠪᠠ ᠴᠢᠬᠤᠯᠠ ᠶᠡᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠪᠥᠬᠦ  ᠬᠡᠪᠴᠢᠶᠡᠨ ᠤ ᠵᠤᠭᠠᠴᠠᠯ᠂ ᠳᠥᠷᠪᠡᠨ ᠤᠯᠠᠷᠢᠯ ᠤᠨ ᠵᠤᠭᠠᠴᠠᠯ ᠪᠠ ᠴᠢᠬᠤᠯᠠ ᠵᠤᠭᠠᠴᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠵᠣᠬᠢᠶᠠᠨ ᠪᠠᠶᠢᠭᠤᠯᠵᠤ᠂ ᠵᠢᠯᠣᠭᠤᠳᠬᠤ ᠪᠠ ᠠᠬᠢᠭᠤᠯᠤᠨ᠎ᠠ᠃     ︵ᠠᠷᠪᠠᠨ ᠬᠤᠶᠠᠷ︶  ᠵᠤᠭᠠᠴᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ᠂ ᠲᠥᠯᠥᠪᠵᠢᠭᠦᠯᠭᠡ᠂ ᠨᠡᠭᠡᠭᠡᠯᠳᠡ ᠪᠠ ᠬᠠᠮᠢᠶ᠎ᠠ ᠪᠥᠬᠦᠢ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ ᠭᠤᠣᠯᠳᠠᠯᠭ᠎ᠠ ᠲᠠᠢ ᠵᠤᠭᠠᠴᠠᠯ ᠤᠨ ᠣᠷᠣᠨ ᠢ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠶᠢ ᠵᠢᠯᠣᠭᠤᠳᠤᠨ᠎ᠠ᠃ ᠠᠮᠠᠷᠠᠯᠲᠠ ᠶᠢᠨ ᠡᠳᠦᠷ ᠤᠨ ᠵᠤᠭᠠᠴᠠᠯ ᠪᠠ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃     ︵ᠠᠷᠪᠠᠨ ᠭᠤᠷᠪᠠ︶ ᠪᠥᠬᠦ ᠬᠤᠲᠠ ᠶᠢᠨ ᠬᠢᠯᠢ ᠠᠴᠠ ᠭᠠᠷᠴᠤ  ᠵᠤᠭᠠᠴᠠᠬᠤ ᠪᠠ ᠬᠢᠯᠢ ᠪᠠᠷ  ᠵᠤᠭᠠᠴᠠᠬᠤ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠬᠠᠮᠢᠶ᠎ᠠ ᠪᠦᠬᠦᠢ ᠵᠤᠭᠠᠴᠠᠯ ᠤᠨ ᠬᠡᠯᠡᠯᠴᠡᠭᠡᠷ ᠲᠣᠭᠲᠠᠭᠠᠵᠤ᠂ ᠵᠤᠭᠠᠴᠠᠯ ᠤᠨ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠵᠢᠯᠣᠭᠤᠳᠤᠨ᠎ᠠ᠃     ︵ᠠᠷᠪᠠᠨ ᠳᠥᠷᠪᠡ︶ ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠵᠤ᠂ ᠵᠤᠭᠠᠴᠠᠭᠴᠢ ᠶᠢᠨ ᠵᠠᠭᠠᠯᠳᠤᠯᠭ᠎ᠠ ᠶᠢ ᠭᠥᠯᠢᠶᠡᠨ  ᠰᠢᠢᠳᠪᠦᠷᠢᠯᠡᠨ᠂ ᠵᠢᠭᠤᠯᠴᠢᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠪᠠ ᠵᠠᠬ᠎ᠠ ᠳᠡᠯᠭᠡᠭᠦᠷ ᠤᠨ ᠠᠶᠤᠯᠭᠦᠢ ᠦᠢᠯᠡᠳᠪᠦᠷᠢᠯᠡᠯ ᠢ ᠬᠠᠮᠠᠭᠠᠯᠠᠨ᠎ᠠ᠃     ︵ᠠᠷᠪᠠᠨ ᠲᠠᠪᠤ︶ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ︾ ᠶᠢ ᠬᠡᠷᠡᠭᠵᠢᠭᠦᠯᠵᠦ᠂ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠪᠠ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠰᠢᠯᠭᠠᠬᠤ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠵᠢᠯ ᠢ ᠵᠣᠬᠢᠶᠠᠨ ᠪᠠᠶᠢᠭᠤᠯᠤᠨ ᠤᠯᠠᠭᠠᠨᠬᠤᠲᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠣᠯᠠᠭᠤᠯᠤᠯᠲᠠ ᠶᠢᠨ ᠠᠵᠢᠯ ᠢ ᠬᠠᠷᠢᠭᠤᠴᠠᠨ ᠬᠠᠮᠢᠶᠠᠷᠤᠨ᠎ᠠ᠃     ︵ᠠᠷᠪᠠᠨ ᠵᠢᠷᠭᠤᠭ᠎ᠠ︶ ᠤᠯᠠᠭᠠᠨᠬᠤᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠪᠠᠶᠢᠷᠢᠯᠠᠭᠤᠯᠤᠯᠲᠠ ᠪᠠ ᠪᠠᠶᠢᠷᠢᠰᠢᠭᠤᠯᠤᠯᠲᠠ ᠶᠢ ᠰᠤᠳᠤᠯᠤᠨ ᠲᠥᠯᠥᠪᠵᠢᠭᠦᠯᠦᠨ᠎ᠡ᠃ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠬᠥᠭᠡᠷᠦᠭᠦᠯᠬᠦ ᠡᠮ  ᠬᠡᠷᠡᠭᠯᠡᠬᠦ ᠶᠢ ᠡᠰᠡᠷᠬᠦᠴᠡᠵᠦ ᠴᠠᠭᠠᠵᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠳᠣᠯᠤᠭ᠎ᠠ︶ ᠣᠯᠠᠨ ᠤᠯᠤᠰ ᠤᠨ᠂ ᠤᠯᠤᠰ ᠤᠨ ᠳᠣᠲᠣᠭᠠᠳᠤ ᠶᠢᠨ᠂ ᠥᠪᠡᠷᠲᠡᠭᠡᠨ ᠵᠠᠰᠠᠬᠤ ᠣᠷᠣᠨ ᠵᠢᠴᠢ ᠪᠥᠬᠦ ᠠᠶᠢᠮᠠᠭ ᠤᠨ ᠴᠢᠬᠤᠯᠠ ᠶᠡᠭᠡ ᠤᠷᠤᠯᠳᠤᠭᠠᠨ ᠢ ᠳᠠᠭᠠᠭᠠᠨ ᠡᠷᠭᠢᠯᠡᠬᠦ ᠪᠠ ᠲᠡᠭᠦᠨ ᠳᠤ ᠣᠷᠣᠯᠴᠠᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠲᠠᠮᠢᠷ ᠤᠨ ᠤᠷᠤᠯᠳᠤᠭᠠᠨ ᠢ ᠭᠤᠣᠯᠯᠠᠨ ᠡᠷᠬᠢᠯᠡᠨ᠎ᠡ᠃ ᠪᠦᠬᠦ ᠬᠤᠳᠠ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ ᠰᠢᠰᠲ᠋ᠧᠮᠵᠢᠭᠦᠯᠦᠨ ᠬᠠᠮᠢᠶᠠᠷᠤᠨ᠎ᠠ᠃ ᠪᠡᠶ᠎ᠡ ᠶᠢᠨ ᠲᠠᠮᠢᠷ ᠤᠨ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠬᠠᠮᠢᠶᠠᠷᠴᠤ᠂ ᠭᠠᠳᠠᠭᠠᠳᠤ ᠯᠤᠭ᠎ᠠ ᠶᠢᠨ ᠪᠡᠶ᠎ᠡ ᠶᠢᠨ ᠲᠠᠮᠢᠷ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ  ᠢᠳᠡᠪᠬᠢᠳᠡᠢ ᠥᠷᠨᠢᠭᠦᠯᠦᠨ᠎ᠡ᠃ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃     ︵ᠠᠷᠪᠠᠨ ᠨᠠᠢᠮᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号