ᠤᠯᠠᠭᠠᠨᠬᠤᠲᠠ ᠶᠢᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠪᠣᠯᠤᠨ ᠤᠯᠠᠭᠠᠨᠬᠤᠲᠠ ᠶᠢᠨ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠤᠷᠠᠳᠤᠨ ᠲᠤᠭᠤᠷᠪᠢᠨ ᠲᠣᠭᠲᠠᠭᠠᠬᠰᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠂ ᠪᠠᠷᠢᠮᠵᠢᠶ᠎ᠠ ᠶᠢᠨ ᠰᠠᠨᠠᠭᠤᠯᠭ᠎ᠠ ᠶᠢ ᠵᠤᠬᠢᠴᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠬᠤᠶᠠᠷ︶ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃     ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠥᠳᠡᠯᠦᠩᠭᠦᠶ ᠪᠠᠷ ᠳᠣᠭᠢᠷᠠᠭᠤᠯᠬᠤ ᠪᠠ ᠣᠷᠣᠨ ᠪᠦᠰᠡ ᠶᠢᠨ ᠳᠣᠭᠢᠷᠠᠭᠤᠯᠤᠨ ᠲᠡᠩᠴᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠣᠯᠭᠤᠮᠵᠢ ᠶᠢ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃     ︵ᠳᠥᠷᠪᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠦᠬᠦᠭᠡᠷᠦᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃     ︵ᠲᠠᠪᠤ︶ ᠤᠯᠤᠰ ᠤᠨ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠦᠬᠦᠭᠡᠷᠦᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ᠎ᠠ᠃       ︵ᠵᠢᠷᠭᠤᠭ᠎ᠠ︶ ᠡᠮ ᠤᠨ  ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃     ︵ᠳᠣᠯᠤᠭ᠎ᠠ︶ ᠪᠥᠬᠦ ᠬᠤᠲᠠ ᠶᠢᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃     ︵ᠨᠠᠢᠮᠠ︶ ᠪᠥᠬᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠤ ᠭᠠᠵᠠᠷ ᠲᠤ ᠡᠮᠴᠢᠯᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃     ︵ᠶᠢᠰᠦ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠ︶ ᠡᠭᠦᠷᠭᠡ  ᠴᠢᠳᠠᠪᠬᠢ ᠶᠢᠨ ᠬᠤᠪᠢᠷᠠᠭᠤᠯᠤᠯᠲᠠ     ᠤᠯᠠᠭᠠᠨᠬᠤᠲᠠ ᠶᠢᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠨᠢᠭᠡᠲᠦᠯᠲᠡᠢ ᠳᠦᠷᠢᠮ ᠢ ᠲᠡᠭᠦᠯᠳᠡᠷᠵᠢᠭᠦᠯᠵᠦ᠂ ᠪᠥᠬᠦ ᠠᠷᠠᠳ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ  ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨ ᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃     ︵ᠠᠷᠪᠠᠨ ᠨᠢᠭᠡ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ     ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠲᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号