ᠤᠯᠠᠭᠠᠨᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠡᠭᠦᠷᠭᠡ ᠴᠢᠳᠠᠪᠬᠢ᠄     1᠂ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ  ᠤᠯᠠᠭᠠᠨᠬᠤᠳᠠ ᠶᠢᠨ ᠪᠣᠳᠠᠲᠤ ᠪᠠᠶᠢᠳᠠᠯ ᠢ ᠦᠨᠳᠦᠰᠦᠯᠡᠨ ᠪᠣᠳᠠᠲᠠᠶ ᠰᠠᠨᠠᠯ ᠢ ᠲᠣᠭᠲᠠᠭᠠᠨ᠎ᠠ᠃     2᠂ ᠠᠷᠠᠳ ᠣᠯᠠᠨ ᠪᠠ ᠬᠢᠯᠢ ᠶᠢᠨ ᠭᠠᠳᠠᠨᠠᠬᠢ ᠬᠥᠮᠦᠰ ᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠢᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠳᠡᠭᠡᠭᠰᠢ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠤᠳᠤᠷᠢᠳᠬᠤ ᠨᠥᠬᠦᠳ ᠬᠦᠯᠢᠶᠡᠨ ᠠᠪᠴᠤ ᠵᠣᠴᠢᠯᠠᠬᠤ ᠳᠤ ᠵᠣᠬᠢᠶᠠᠨ ᠪᠠᠶᠢᠭᠤᠯᠵᠤ ᠦᠢᠯᠡᠴᠢᠯᠡᠬᠦ ᠠᠵᠢᠯ ᠢ ᠰᠠᠶᠢᠲᠤᠷ ᠬᠢᠨ᠎ᠡ᠃ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠤᠳᠤᠷᠢᠳᠤᠯᠭ᠎ᠠ ᠶᠢᠨ ᠵᠥᠪᠰᠢᠶᠡᠷᠡᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠤᠳᠬᠤᠯᠳᠤᠭᠤᠯᠬᠤ᠂ ᠱᠠᠯᠠᠪᠳᠠᠭᠤᠯᠤᠨ ᠰᠢᠢᠳᠪᠦᠷᠢᠯᠡᠭᠦᠯᠬᠦ᠂  ᠬᠢᠨᠠᠨ ᠪᠠᠶᠢᠴᠠᠭᠠᠵᠤ ᠬᠡᠷᠡᠭ ᠢ ᠳᠠᠭᠤᠰᠬᠠᠬᠤ ᠠᠵᠢᠯ ᠢ ᠳᠠᠭᠠᠭᠠᠨ ᠭᠦᠢᠴᠡᠳᠭᠡᠨ᠎ᠡ᠃       3᠂ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠬᠠᠷᠢᠭᠤᠴᠠᠨ ᠰᠢᠢᠳᠪᠦᠷᠢᠯᠡᠵᠦ᠂ ᠣᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠤᠨ ᠰᠠᠭᠠᠳ ᠦᠭᠡᠶ ᠨᠡᠪᠲᠡᠷᠡᠬᠦ ᠶᠢ ᠪᠠᠲᠤᠯᠠᠨ᠎ᠠ᠃     4᠂ ᠦᠨᠳᠦᠰᠦᠨ ᠱᠠᠲᠤᠨ ᠳᠤ ᠭᠦᠨᠵᠡᠭᠡᠶᠢᠷᠡᠨ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠤᠳᠤᠯᠵᠤ᠂ ᠰᠠᠨᠠᠭᠤᠯᠭ᠎ᠠ ᠪᠠ ᠰᠢᠢᠳᠪᠦᠷᠢᠯᠡᠬᠦ ᠰᠠᠨᠠᠯ ᠳᠤᠷᠠᠳᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢ ᠶᠡᠷᠦᠩᠬᠡᠶᠢᠯᠡᠨ ᠵᠠᠳᠠᠯᠤᠨ ᠰᠤᠳᠤᠯᠵᠤ᠂ ᠨᠠᠮ ᠵᠠᠰᠠᠭ ᠤᠨ ᠤᠳᠤᠷᠢᠳᠬᠤ ᠪᠠᠶᠢᠭᠤᠯᠭ᠎ᠠ ᠳᠤ ᠴᠠᠭ ᠲᠤᠬᠠᠶ ᠳᠤᠨᠢ ᠣᠨᠣᠪᠴᠢᠲᠠᠶ ᠲᠤᠰᠬᠠᠬᠤ ᠪᠥᠭᠡᠳ ᠰᠠᠨᠠᠭᠤᠯᠭ᠎ᠠ ᠳᠤᠷᠠᠳᠤᠨ᠎ᠠ᠃     5. ᠵᠠᠬᠢᠳᠠᠯ ᠰᠤᠷᠪᠤᠯᠵᠢᠯᠠᠭ᠎ᠠ ᠶᠢᠨ ᠳᠤᠮᠳᠠᠬᠢ ᠴᠢᠬᠤᠯᠠ ᠪᠠᠶᠢᠳᠠᠯ ᠪᠣᠯᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ᠂ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠪᠣᠯᠤᠨ ᠨᠡᠶᠢᠭᠡᠮ ᠤᠨ ᠬᠥᠳᠡᠯᠦᠯ ᠪᠠᠶᠢᠳᠠᠯ ᠢ ᠶᠡᠷᠦᠩᠬᠡᠶᠢᠯᠡᠨ ᠲᠤᠰᠬᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠢ ᠵᠢᠯᠣᠭᠤᠳᠬᠤ ᠳᠤ ᠦᠢᠯᠡᠴᠢᠯᠡᠬᠦ ᠶᠢᠨ ᠬᠠᠮᠲᠤ᠂ ᠤᠳᠤᠷᠢᠳᠤᠯᠭ᠎ᠠ ᠶᠢᠨ ᠴᠣᠬᠤᠯᠠᠪᠤᠷᠢ ᠶᠢ ᠦᠨᠳᠦᠰᠦᠯᠡᠨ᠂ ᠬᠠᠮᠢᠶ᠎ᠠ ᠪᠥᠬᠦᠶ ᠨᠢᠭᠡᠴᠡ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ ᠨᠠᠶᠢᠳᠠᠪᠤᠷᠢᠵᠢᠭᠤᠯᠤᠨ᠎ᠠ᠃     6᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠬᠢᠳᠠᠯ ᠰᠤᠷᠪᠤᠯᠵᠢᠯᠠᠭ᠎ᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠪᠤᠶᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠡᠳ ᠮᠠᠭᠤ ᠨᠥᠯᠥᠭᠡ ᠭᠠᠷᠭᠠᠭᠰᠠᠨ ᠨᠢᠭᠡᠴᠡ ᠪᠠ ᠬᠤᠪᠢ ᠬᠥᠮᠦᠨ ᠢ ᠰᠢᠭᠦᠮᠵᠢᠯᠡᠨ ᠰᠤᠷᠭᠠᠵᠤ᠂ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠬᠡᠷᠡᠭᠵᠢᠭᠦᠯᠬᠦ ᠪᠠᠶᠢᠭᠤᠯᠭ᠎ᠠ ᠳᠤ ᠳᠡᠪᠰᠢᠭᠦᠯᠦᠨ ᠨᠡᠬᠡᠮᠵᠢᠯᠡᠭᠦᠯᠦᠨ᠎ᠡ᠃     7᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠡᠪ ᠤᠨ ᠡᠮᠬᠢ ᠵᠢᠷᠤᠮ ᠢ ᠬᠠᠮᠠᠭᠠᠯᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ︽ᠵᠠᠬᠢᠳᠠᠯ ᠰᠤᠷᠪᠤᠯᠵᠢᠯᠠᠭ᠎ᠠ ᠶᠢᠨ ᠲᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠵᠥᠷᠢᠴᠡᠵᠦ ᠡᠷᠬᠡ ᠪᠠᠨ ᠳᠤᠷ᠎ᠠ ᠪᠠᠷ ᠢᠶᠠᠨ ᠬᠡᠷᠡᠭᠯᠡᠭᠰᠡᠨ ᠵᠠᠬᠢᠳᠠᠯ ᠰᠤᠷᠪᠤᠯᠵᠢᠯᠠᠭ᠎ᠠ ᠬᠢᠭᠰᠡᠳ ᠢ ᠰᠢᠭᠦᠮᠵᠢᠯᠡᠨ ᠰᠤᠷᠭᠠᠵᠤ᠂ ᠴᠢᠨᠠᠭᠰᠢᠯᠠᠪᠠᠯ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ ᠳᠤ ᠳᠡᠪᠰᠢᠭᠦᠯᠵᠦ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠰᠢᠢᠳᠪᠦᠷᠢᠯᠡᠭᠦᠯᠦᠨ᠎ᠡ᠃     8. ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠶᠢᠨ ᠤᠬᠠᠭᠤᠯᠭ᠎ᠠ ᠶᠢ ᠴᠢᠩᠭᠠᠳᠬᠠᠵᠤ᠂ ᠳᠡᠭᠡᠭᠰᠢ ᠰᠤᠷᠪᠤᠯᠵᠢᠯᠠᠬᠤ ᠪᠠᠷ ᠢᠷᠡᠭᠰᠡᠳ ᠲᠤ ᠵᠥᠪᠯᠡᠯᠭᠡ ᠥᠭᠬᠦ ᠦᠢᠯᠡᠴᠢᠯᠡᠭᠡ ᠬᠠᠩᠭᠠᠨ᠎ᠠ᠃     9. ᠡᠯ᠎ᠡ ᠪᠠᠯᠭᠠᠰᠤ ᠵᠡᠭᠡᠯᠢ ᠪᠠ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠴᠤ᠂ ᠵᠣᠬᠢᠴᠠᠭᠤᠯᠬᠤ ᠶᠢᠨ ᠬᠠᠮᠲᠤ ᠱᠠᠯᠠᠪᠳᠠᠭᠤᠯᠤᠨ ᠪᠠᠶᠢᠴᠠᠭᠠᠨ᠎ᠠ᠃     10᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠲᠤᠰᠢᠶᠠᠨ ᠰᠢᠢᠳᠪᠦᠷᠢᠯᠡᠭᠦᠯᠦᠭᠰᠡᠨ ᠪᠤᠰᠤᠳ ᠵᠦᠢᠯᠡᠰ ᠢ ᠳᠠᠭᠠᠭᠠᠨ ᠰᠢᠢᠳᠪᠦᠷᠢᠯᠡᠨ᠎ᠡ᠃  
 
ᠢᠷᠡᠯᠲᠡ᠄ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号