ᠤᠯᠠᠭᠠᠨᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ᠨᠢᠭᠡ᠂ ᠶᠡᠷᠦᠩᠬᠡᠶᠢᠯᠡᠭᠰᠡᠨ ᠨᠠᠷᠢᠨ ᠪᠢᠴᠢᠭ ᠤᠨ ᠲᠠᠰᠤᠭ ᠤᠨ ᠭᠤᠤᠯ ᠡᠭᠦᠷᠭᠡ ᠬᠠᠷᠢᠭᠤᠴᠠᠯᠭ᠎ᠠ       1. ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ ᠶᠢ ᠬᠠᠮᠵᠢᠨ ᠵᠠᠰᠠᠭ ᠤᠨ ᠶᠠᠪᠤᠳᠠᠯ ᠤᠨ ᠠᠵᠢᠯ  ᠢ  ᠶᠡᠷᠦᠩᠬᠡᠶᠢᠯᠡᠨ ᠵᠣᠬᠢᠴᠠᠭᠤᠯᠵᠤ ᠦᠢᠯᠡᠴᠢᠯᠡᠬᠦ   ᠶᠢ ᠰᠠᠶᠢᠲᠤᠷ ᠬᠢᠨ᠎ᠠ᠃       2. ᠬᠤᠳᠠ ᠶᠢᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠡᠯ᠎ᠡ ᠲᠥᠷᠥᠯ ᠤᠨ ᠠᠯᠪᠠᠨ ᠪᠢᠴᠢᠭ ᠢ ᠲᠤᠭᠤᠷᠪᠢᠬᠤ ᠪᠠ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠬᠡᠷᠡᠭᠯᠡᠭᠰᠡᠨ ᠦᠭᠡ ᠨᠢ ᠣᠨᠣᠪᠴᠢᠲᠠᠶ᠂ ᠵᠢᠷᠤᠮᠵᠢᠯ ᠳᠤ ᠨᠡᠶᠢᠴᠡᠬᠦ ᠶᠢ ᠪᠡᠶᠡᠯᠡᠭᠦᠯᠵᠦ᠂ ᠵᠠᠰᠠᠭ ᠤᠨ ᠣᠷᠳᠣᠨ ᠪᠣᠯᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠤᠨ ᠡᠷᠬᠡ ᠰᠦᠷᠲᠦ ᠴᠢᠨᠠᠷ ᠢ ᠢᠯᠡᠷᠡᠭᠦᠯᠦᠨ᠎ᠡ᠃       3. ︽ᠵᠠᠰᠠᠭ ᠤᠨ ᠣᠷᠳᠣᠨ ᠤ ᠠᠵᠢᠯ ᠤᠨ ᠮᠡᠳᠡᠬᠦᠯᠦᠯᠳᠡ︾ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶᠠᠨ ᠤ ᠡᠬᠡ ᠨᠣᠤᠷᠠᠭ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠲᠤᠰᠢᠶᠠᠯ ᠢᠶᠠᠨ ᠲᠤᠭᠠᠴᠢᠬᠤ ᠮᠡᠳᠡᠭᠦᠯᠦᠯᠲᠡ ᠵᠡᠷᠭᠡ ᠡᠯ᠎ᠡ ᠲᠥᠷᠥᠯ ᠤᠨ ᠡᠬᠡ ᠨᠣᠤᠷᠠᠭ ᠢ ᠲᠤᠭᠤᠷᠪᠢᠬᠤ ᠶᠢ ᠬᠠᠷᠢᠭᠤᠴᠠᠨ᠎ᠠ᠃     4. ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠬᠤᠷᠠᠯ ᠤᠨ ᠲᠡᠮᠳᠡᠭᠯᠡᠯ ᠢ ᠰᠠᠶᠢᠲᠤᠷ ᠬᠢᠬᠦ ᠶᠢ ᠬᠠᠷᠢᠭᠤᠴᠠᠬᠤ ᠶᠢᠨ ᠬᠠᠮᠲᠤ ᠬᠤᠷᠠᠯ ᠤᠨ ᠲᠣᠪᠴᠢ ᠲᠡᠮᠳᠡᠭᠯᠡᠯ ᠢ ᠡᠮᠬᠢᠳᠬᠡᠨ ᠪᠢᠴᠢᠨ᠎ᠡ᠃             5. ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ᠂ ᠡᠯ᠎ᠡ ᠠᠵᠢᠯ ᠲᠥᠷᠥᠯ ᠤᠨ ᠴᠢᠬᠤᠯᠠ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠶᠡᠷᠦᠩᠬᠡᠶᠢᠯᠡᠬᠦ ᠪᠠ ᠮᠡᠳᠡᠭᠦᠯᠵᠦ᠂ ᠤᠳᠤᠷᠢᠳᠬᠤ ᠨᠥᠬᠦᠳ ᠲᠤ ᠪᠠᠶᠢᠳᠠᠯ ᠢ ᠲᠤᠰᠬᠠᠨ᠂ ᠰᠠᠨᠠᠭᠤᠯᠭ᠎ᠠ ᠳᠤᠷᠠᠳᠴᠤ᠂ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠨᠠᠶᠢᠳᠠᠪᠤᠷᠢᠲᠠᠶ ᠮᠡᠳᠡᠭᠡ ᠵᠠᠩᠭᠢ ᠪᠣᠯᠤᠨ ᠦᠨᠳᠦᠰᠦ ᠪᠠᠷᠢᠮᠲᠠ  ᠬᠠᠩᠭᠠᠨ᠎ᠠ᠃     6. ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠬᠤᠶᠠᠷ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠬᠤᠷᠠᠯ ᠤᠨ ᠶᠠᠪᠤᠳᠠᠯ ᠤᠨ ᠲᠠᠰᠤᠭ ᠤᠨ ᠭᠤᠣᠯ ᠡᠭᠦᠷᠭᠡ ᠬᠠᠷᠢᠭᠤᠴᠠᠯᠭ᠎ᠠ     1. ᠨᠢᠭᠤᠴᠠ ᠴᠢᠬᠤᠯᠠ ᠪᠢᠴᠢᠭ ᠮᠠᠲ᠋ᠧᠷᠢᠶᠠᠯ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠵᠢᠴᠢ ᠬᠤᠲᠠ  ᠶᠢᠨ ᠲᠡᠰ ᠤᠨ ᠪᠢᠴᠢᠭ ᠮᠠᠲ᠋ᠧᠷᠢᠶᠠᠯ ᠢ ᠭᠠᠷ ᠤᠨ ᠥᠰᠥᠭ ᠵᠢᠷᠤᠵᠤ ᠬᠤᠷᠢᠶᠠᠬᠤ᠂ ᠳᠠᠮᠵᠢᠭᠤᠯᠤᠨ  ᠦᠵᠡᠬᠦ᠂ ᠱᠠᠭᠠᠷᠳᠠᠨ ᠬᠢᠯᠭᠡᠬᠦ ᠠᠵᠢᠯ ᠢ ᠬᠠᠷᠢᠭᠤᠴᠠᠨ᠎ᠠ᠃       2. ᠪᠢᠴᠢᠭ ᠤᠨ ᠳ᠋ᠤᠭᠠᠷ᠂ ᠲᠠᠮᠠᠭ᠎ᠠ᠂ ᠲᠠᠮᠠᠭ᠎ᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠵᠤ  ᠦᠵᠡᠬᠦ᠂ ᠹᠠᠺᠰ ᠭᠥᠯᠢᠶᠡᠨ ᠠᠪᠴᠤ ᠶᠠᠪᠤᠭᠤᠯᠬᠤ ᠠᠵᠢᠯ ᠢ ᠰᠠᠶᠢᠲᠤᠷ ᠬᠢᠨ᠎ᠠ᠃     3. ᠪᠢᠴᠢᠭ ᠮᠠᠲ᠋ᠧᠷᠢᠶᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠬᠠᠷᠢᠭᠤᠴᠠᠵᠤ᠂ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ᠂ ᠪᠠᠶᠢᠴᠠᠭᠠᠨ ᠦᠵᠡᠬᠦ᠂ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃         4. ᠬᠤᠲᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠬᠤᠷᠠᠯ᠂ ᠲᠧᠯᠸᠢᠰ ᠳ᠋ᠢᠶᠠᠩᠬᠤᠸᠠ ᠬᠤᠷᠠᠯ ᠪᠠ ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠬᠤᠷᠠᠯᠳᠤᠭᠤᠯᠤᠭᠰᠠᠨ ᠡᠯ᠎ᠡ ᠲᠥᠷᠥᠯ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃     5. ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠭᠤᠯᠭ᠎ᠠ ᠶᠢᠨ ᠠᠵᠢᠯᠲᠠᠨ ᠤ ᠴᠠᠯᠢᠩ ᠢ ᠥᠰᠬᠡᠵᠦ ᠲᠣᠬᠢᠷᠠᠭᠤᠯᠬᠤ᠂ ᠠᠵᠢᠯᠲᠠᠨ ᠤ ᠣᠷᠣᠨ ᠲᠤᠭ᠎ᠠ ᠶᠢ ᠰᠢᠯᠵᠢᠭᠦᠯᠬᠦ᠂ ᠵᠢᠯ ᠤᠨ ᠡᠴᠦᠰ ᠤᠨ ᠰᠢᠯᠭᠠᠨ ᠬᠢᠨᠠᠬᠤ ᠵᠢᠴᠢ ᠬᠠᠮᠢᠶ᠎ᠠ ᠪᠥᠬᠦᠶ ᠮᠠᠲ᠋ᠧᠷᠢᠶᠠᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃       6. ︽ᠵᠠᠰᠠᠭ ᠤᠨ ᠶᠠᠪᠤᠳᠠᠯ ᠢ ᠨᠡᠪᠲᠡᠷᠡᠭᠦᠯᠬᠦ︾ ᠶᠢᠨ ᠮᠡᠳᠡᠭᠡ ᠵᠠᠩᠭᠢ ᠳᠠᠮᠵᠢᠭᠤᠯᠬᠤ᠂ ᠬᠤᠯᠪᠣᠭᠠᠴᠢᠨ ᠤ ᠬᠠᠮᠢᠶᠠᠷᠤᠯᠲᠠ ᠪᠠ ᠪᠢᠴᠢᠭ ᠮᠠᠲ᠋ᠧᠷᠢᠶᠠᠯ ᠢ ᠬᠤᠪᠢᠶᠠᠷᠢᠯᠠᠨ ᠲᠠᠷᠬᠠᠭᠠᠬᠤ ᠠᠵᠢᠯ ᠢ ᠬᠠᠷᠢᠭᠤᠴᠠᠨ᠎ᠠ᠃     7. ᠵᠣᠴᠢᠳ ᠢ ᠵᠣᠴᠢᠯᠠᠬᠤ᠂ ᠪᠠᠶᠢᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠺᠠᠳ᠋ᠷ ᠠᠵᠢᠯᠲᠠᠨ ᠠᠵᠢᠯᠴᠢᠨ ᠤ ᠪᠡᠶ᠎ᠡ ᠶᠢᠨ ᠪᠠᠶᠢᠴᠠᠭᠠᠯᠲᠠ ᠵᠡᠷᠭᠡ ᠠᠵᠢᠯ ᠢ ᠬᠠᠷᠢᠭᠤᠴᠠᠨ᠎ᠠ᠃         8. ᠠᠯᠪᠠᠯᠠᠬᠤ ᠬᠡᠷᠡᠭᠰᠡᠯ ᠬᠤᠳᠠᠯᠳᠤᠨ ᠠᠪᠴᠤ ᠬᠤᠪᠢᠶᠠᠨ ᠲᠠᠷᠬᠠᠭᠠᠬᠤ ᠵᠢᠴᠢ ᠰᠣᠨᠢᠨ ᠰᠡᠳᠬᠦᠯ ᠵᠠᠬᠢᠶᠠᠯᠠᠬᠤ ᠠᠵᠢᠯ ᠢ ᠬᠠᠷᠢᠭᠤᠴᠠᠨ᠎ᠠ᠃     9. ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ᠣᠷᠣᠨ ᠲᠣᠭᠠᠨ ᠤ ᠦᠨᠡᠮᠯᠡᠯ ᠤᠨ ᠣᠨ ᠤ ᠪᠠᠶᠢᠴᠠᠭᠠᠯᠲᠠ ᠪᠠ ᠣᠷᠣᠨ ᠲᠣᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     10. ᠠᠯᠪᠠᠨ ᠬᠡᠷ ᠤᠨ ᠳᠣᠲᠣᠭᠠᠳᠤ ᠶᠢᠨ ᠪᠢᠴᠢᠭ ᠮᠠᠲ᠋ᠧᠷᠢᠶᠠᠯ ᠢ ᠲᠤᠭᠤᠷᠪᠢᠬᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠵᠠᠰᠠᠭ ᠤᠨ ᠣᠷᠳᠣᠨ ᠤ ᠠᠯᠪᠠᠨ ᠬᠡᠷ ᠤᠨ ᠤᠳᠤᠷᠢᠳᠬᠤ ᠪᠠᠭ ᠤᠨ ᠬᠤᠷᠠᠯ ᠢ ᠲᠡᠮᠳᠡᠭᠯᠡᠬᠦ ᠠᠵᠢᠯ ᠢ ᠬᠠᠷᠢᠭᠤᠴᠠᠨ᠎ᠠ᠃     11. ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ᠭᠤᠷᠪᠠ᠂ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠭᠤᠤᠯ ᠡᠭᠦᠷᠭᠡ ᠬᠠᠷᠢᠭᠤᠴᠠᠯᠭ᠎ᠠ       1. ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠵᠠᠰᠠᠭ ᠤᠨ ᠣᠷᠳᠣᠨ ᠤ ᠬᠠᠮᠢᠶ᠎ᠠ ᠪᠥᠬᠦᠶ ᠲᠤᠰᠬᠠᠶ ᠰᠡᠳᠦᠪᠲᠦ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤᠴᠠᠨ᠎ᠠ᠃     2. ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢ ᠪᠠ ᠲᠤᠰᠢᠶᠠᠨ ᠰᠢᠢᠳᠪᠦᠷᠢᠯᠡᠭᠦᠯᠬᠦ ᠵᠦᠢᠯᠡᠰ ᠢ ᠱᠠᠯᠠᠪᠳᠠᠭᠤᠯᠤᠨ ᠭᠦᠢᠴᠡᠳᠬᠡᠬᠦ᠂ ᠱᠠᠯᠠᠪᠳᠠᠭᠤᠯᠤᠨ ᠪᠠᠶᠢᠴᠠᠭᠠᠬᠤ ᠪᠠ ᠬᠠᠷᠢᠭᠤ ᠲᠤᠰᠬᠠᠬᠤ ᠠᠵᠢᠯ ᠢ ᠬᠠᠷᠢᠭᠤᠴᠠᠨ᠎ᠠ᠃     3. ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯᠯᠠᠨ ᠡᠷᠭᠢᠯᠡᠭᠰᠡᠨ ᠴᠢᠬᠤᠯᠠ ᠬᠤᠷᠠᠯ ᠤᠨ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠱᠠᠯᠠᠪᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃         4. ᠳᠡᠭᠡᠳᠦ ᠱᠠᠲᠤᠨ ᠤ ᠪᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠨᠠᠶᠢᠳᠠᠪᠤᠷᠢᠵᠢᠭᠤᠯᠤᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃       5. ᠳᠡᠭᠡᠳᠦ ᠱᠠᠲᠤᠨ ᠤ ᠤᠳᠤᠷᠢᠳᠤᠯᠭ᠎ᠠ ᠪᠠ ᠲᠣᠰ ᠱᠠᠲᠤᠨ ᠤ ᠤᠳᠤᠷᠢᠳᠤᠯᠭ᠎ᠠ ᠶᠢᠨ ᠳᠠᠭᠠᠭᠠᠯᠭᠠᠨ ᠰᠢᠢᠳᠪᠦᠷᠢᠯᠡᠭᠦᠯᠦᠭᠰᠡᠨ ᠦᠨᠳᠦᠰᠦᠨ ᠱᠠᠲᠤᠨ ᠤ ᠣᠯᠠᠨ ᠲᠦᠮᠡᠨ ᠤ ᠲᠤᠰᠬᠠᠭᠰᠠᠨ ᠬᠠᠯᠠᠮᠰᠢᠯ᠂ ᠬᠦᠴᠢᠷ ᠠᠰᠠᠭᠤᠳᠠᠯ ᠢ ᠱᠠᠯᠠᠪᠳᠠᠭᠤᠯᠤᠨ ᠪᠠᠶᠢᠴᠠᠭᠠᠵᠤ ᠭᠦᠢᠴᠡᠳᠬᠡᠬᠦ ᠶᠢ ᠬᠠᠷᠢᠭᠤᠴᠠᠨ ᠪᠡᠶᠡᠯᠡᠭᠦᠯᠦᠨ᠎ᠡ᠃     6. ᠳᠡᠭᠡᠳᠦ ᠱᠠᠲᠤᠨ ᠤ ᠱᠠᠯᠠᠪᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ ᠤᠨ ᠲᠣᠰ ᠱᠠᠲᠤᠨ ᠤ ᠵᠠᠰᠠᠭ ᠤᠨ ᠣᠷᠳᠣᠨ ᠳᠤ ᠲᠤᠰᠬᠠᠶ ᠵᠦᠢᠯ ᠢᠶᠠᠷ ᠱᠠᠯᠠᠪᠳᠠᠭᠤᠯᠤᠨ ᠪᠠᠶᠢᠴᠠᠭᠠᠬᠤ ᠠᠵᠢᠯ ᠢ ᠵᠣᠬᠢᠴᠠᠭᠤᠯᠤᠨ ᠬᠠᠮᠵᠢᠯᠴᠠᠬᠤ ᠠᠵᠢᠯ ᠢ ᠬᠠᠷᠢᠭᠤᠴᠠᠨ᠎ᠠ᠃     7. ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠳᠦᠷᠪᠡ᠂ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠲᠠᠰᠤᠭ ᠤᠨ ᠭᠤᠣᠯ ᠡᠭᠦᠷᠭᠡ ᠬᠠᠷᠢᠭᠤᠴᠠᠯᠭ᠎ᠠ     1. ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ᠂ ᠬᠢᠨᠠᠨ ᠪᠠᠶᠢᠴᠠᠭᠠᠬᠤ᠂ ᠵᠠᠰᠠᠪᠤᠷᠢ ᠣᠷᠣᠭᠤᠯᠵᠤ ᠳᠠᠩᠰᠠᠯᠠᠭᠤᠯᠬᠤ ᠪᠠ ᠢᠯᠭᠠᠷᠠᠭᠤᠯᠬᠤ ᠠᠵᠢᠯ ᠢ ᠬᠠᠷᠢᠭᠤᠴᠠᠬᠤ ᠶᠢᠨ ᠬᠠᠮᠲᠤ ᠬᠠᠮᠢᠶ᠎ᠠ ᠪᠥᠬᠦᠢ ᠵᠣᠬᠢᠴᠠᠭᠤᠯᠬᠤ ᠠᠵᠢᠯ ᠢ ᠰᠠᠶᠢᠲᠤᠷ ᠬᠢᠨ᠎ᠡ᠃     2. ᠬᠠᠮᠢᠶ᠎ᠠ ᠪᠥᠬᠦᠶ ᠰᠠᠯᠠᠭ᠎ᠠ ᠮᠥᠴᠢᠷ ᠢ ᠬᠠᠮᠵᠢᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠰᠠᠶᠢᠲᠤᠷ ᠬᠢᠨ᠎ᠠ᠃     3. ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠥᠷᠨᠢᠭᠦᠯᠬᠦ ᠶᠢᠨ ᠬᠠᠮᠲᠤ ᠳᠡᠭᠡᠳᠦ ᠱᠠᠲᠤᠨ ᠤ ᠬᠠᠮᠢᠶ᠎ᠠ ᠪᠥᠬᠦᠢ ᠰᠠᠯᠠᠭ᠎ᠠ ᠮᠥᠴᠢᠷ ᠲᠤ ᠣᠷᠣᠰᠢᠵᠤ ᠪᠠᠶᠢᠭ᠎ᠠ ᠠᠰᠠᠭᠤᠳᠠᠯ ᠢ ᠲᠤᠰᠬᠠᠬᠤ ᠶᠢᠨ ᠬᠠᠮᠲᠤ ᠰᠠᠨᠠᠭᠤᠯᠭ᠎ᠠ ᠪᠠ ᠰᠠᠨᠠᠯ ᠢᠶᠠᠨ ᠳᠤᠷᠠᠳᠤᠨ᠎ᠠ᠃     4. ᠬᠤᠲᠠ ᠶᠢᠨ ᠵᠠᠰᠠᠭ ᠤᠨ ᠣᠷᠳᠣᠨ ᠤ ᠭᠥᠯᠢᠶᠡᠨ ᠠᠪᠴᠤ ᠰᠢᠢᠳᠪᠦᠷᠢᠯᠡᠭᠰᠡᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ᠂ ᠵᠠᠰᠠᠭ ᠵᠠᠬᠢᠷᠭᠠᠨ ᠤ ᠲᠥᠯᠥᠪᠦᠷᠢ ᠶᠢᠨ ᠬᠡᠷᠡᠭ ᠪᠠ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠶᠠᠪᠤᠳᠠᠯ ᠢ ᠳᠠᠭᠠᠭᠠᠨ ᠭᠦᠢᠴᠡᠳᠭᠡᠨ᠎ᠡ᠃     5. ᠪᠥᠬᠦ ᠬᠤᠲᠠ ᠶᠢᠨ ᠬᠠᠤᠯᠢ ᠲᠦᠷᠢᠮ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠵᠤ ᠂ ᠬᠠᠤᠯᠢ ᠴᠠᠭᠠᠵᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠦᠨ᠂ ᠬᠠᠤᠯᠢ ᠲᠦᠷᠢᠮ ᠤᠨ ᠠᠵᠢᠯ ᠤᠨ ᠺᠠᠳ᠋ᠷ ᠪᠣᠯᠤᠨ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠪᠣᠯᠪᠠᠰᠤᠷᠠᠭᠤᠯᠤᠨ᠎ᠠ᠃     6. ᠡᠯ᠎ᠡ ᠪᠠᠯᠭᠠᠰᠤ ᠵᠢᠴᠢ ᠵᠠᠰᠠᠭ ᠤᠨ ᠣᠷᠳᠣᠨ ᠤ ᠬᠠᠷᠢᠶ᠎ᠠ ᠰᠠᠯᠠᠭ᠎ᠠ ᠮᠥᠴᠢᠷ ᠤᠨ ᠬᠠᠤᠯᠢ ᠳᠦᠷᠢᠮ ᠤᠨ ᠠᠵᠢᠯ ᠥᠷᠨᠢᠭᠦᠯᠬᠦ ᠶᠢ ᠵᠢᠯᠣᠭᠤᠳᠴᠤ᠂ ᠪᠦᠬᠦ ᠬᠤᠲᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠣᠨ ᠤ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃       7. ᠪᠥᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠬᠢᠨᠠᠨ ᠬᠠᠷᠭᠤᠭᠤᠯᠬᠤ᠂ ᠳᠠᠩᠰᠠᠯᠠᠬᠤ᠂ ᠣᠨ ᠤ ᠪᠠᠶᠢᠴᠠᠭᠠᠯᠲᠠ ᠵᠢᠴᠢ ᠬᠠᠤᠯᠢ ᠬᠡᠷᠡᠭᠵᠢᠭᠦᠯᠬᠦ ᠡᠩᠨᠡᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ  ᠬᠦᠢᠴᠡᠳᠬᠡᠨ᠎ᠡ᠃     8. ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ᠂ ᠵᠠᠭᠠᠯᠳᠤᠬᠤ ᠵᠢᠴᠢ ᠬᠠᠤᠯᠢ ᠲᠦᠷᠢᠮ ᠤᠨ ᠯᠠᠪᠯᠠᠯᠭ᠎ᠠ ᠶᠢᠨ ᠠᠵᠢᠯ ᠢ ᠭᠥᠯᠢᠶᠡᠨ ᠠᠪᠴᠤ ᠰᠢᠢᠳᠪᠦᠷᠢᠯᠡᠨ᠎ᠡ᠃     9. ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠲᠠᠪᠤ᠂ ᠮᠡᠳᠡᠭᠡ ᠵᠠᠩᠭᠢ ᠶᠢᠨ ᠲᠠᠰᠤᠭ ᠤᠨ ᠭᠤᠤᠯ ᠡᠭᠦᠷᠭᠡ ᠬᠠᠷᠢᠭᠤᠴᠠᠯᠭ᠎ᠠ     1. ᠣᠷᠣᠨ ᠠᠶᠢᠮᠠᠭ ᠤᠨ ᠮᠡᠳᠡᠭᠡ ᠵᠠᠩᠭᠢ ᠶᠢᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃       2. ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠭᠦᠨ ᠳᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠵᠢᠷᠤᠮᠵᠢᠯ ᠢ ᠲᠤᠭᠤᠷᠪᠢᠨ ᠲᠣᠭᠲᠠᠭᠠᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠱᠠᠯᠠᠪᠳᠠᠭᠤᠯᠤᠨ ᠵᠢᠯᠣᠭᠤᠳᠬᠤ᠂ ᠵᠣᠬᠢᠶᠠᠨ ᠪᠠᠶᠢᠭᠤᠯᠤᠯᠲᠠ ᠶᠢᠨ ᠪᠣᠳᠠᠲᠠᠶ ᠬᠢᠨᠠᠨ ᠰᠢᠯᠭᠠᠬᠤ ᠪᠠ ᠱᠠᠩᠨᠠᠵᠤ ᠲᠣᠷᠭᠠᠬᠤ ᠵᠡᠷᠭᠡ ᠠᠵᠢᠯ ᠪᠠᠭᠲᠠᠨ᠎ᠠ᠃         3. ᠮᠡᠳᠡᠭᠡ ᠵᠠᠩᠭᠢ ᠬᠥᠯᠢᠶᠡᠨ ᠠᠪᠬᠤ ᠰᠢᠰᠲ᠋ᠧᠮ ᠤᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠶᠢ ᠬᠠᠷᠢᠭᠤᠴᠠᠨ᠎ᠠ᠃     4. ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠬᠡᠷᠡᠭ ᠡᠷᠬᠢᠯᠡᠬᠦ ᠭᠠᠵᠠᠷ ᠪᠣᠯᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠴᠤᠭᠯᠠᠭᠤᠯᠤᠨ ᠡᠮᠬᠢᠳᠬᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠠᠶᠢᠮᠠᠭ ᠵᠠᠬᠢᠷᠭ᠎ᠠ ᠶᠢᠨ ᠮᠡᠳᠡᠭᠡ ᠵᠠᠩᠭᠢ ᠶᠢᠨ ᠭᠠᠵᠠᠷ ᠲᠤ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠨ᠎ᠡ᠃     5. ︽ᠤᠯᠠᠭᠠᠨᠬᠤᠲᠠ ᠶᠢᠨ ᠴᠢᠬᠤᠯᠠ ᠪᠠᠶᠢᠳᠠᠯ︾ ᠪᠠ ︽ᠴᠢᠬᠤᠯᠠ ᠪᠠᠶᠢᠳᠠᠯ ᠤᠨ ᠲᠤᠰᠬᠠᠶ ᠮᠡᠳᠡᠭᠦᠯᠦᠯᠲᠡ︾ ᠶᠢ ᠰᠤᠷᠪᠤᠯᠵᠢᠯᠠᠨ ᠨᠠᠶᠢᠷᠠᠭᠤᠯᠬᠤ᠂ ᠳᠠᠷᠤᠮᠠᠯᠯᠠᠨ ᠲᠠᠷᠬᠠᠭᠠᠬᠤ ᠶᠢ ᠬᠠᠷᠢᠭᠤᠴᠠᠨ᠎ᠠ᠃     6. ᠡᠯ᠎ᠡ ᠲᠥᠷᠥᠯ ᠤᠨ ᠭᠡᠨᠡᠳᠲᠡ ᠶᠢᠨ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠵᠢᠴᠢ ᠨᠢᠭᠤᠴᠠ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃       7. ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃         ᠵᠢᠷᠭᠤᠭ᠎ᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠥᠪ ᠤᠨ ᠭᠤᠤᠯ ᠡᠭᠦᠷᠭᠡ ᠬᠠᠷᠢᠭᠤᠴᠠᠯᠭ᠎ᠠ       1. ᠤᠯᠤᠰ᠂ ᠣᠷᠤᠨ᠂ ᠠᠶᠢᠮᠠᠭ ᠤᠨ ᠬᠠᠮᠢᠶ᠎ᠠ ᠪᠥᠬᠦᠶ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠲᠣᠰ ᠬᠤᠲᠠ ᠶᠢᠨ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠬᠠᠤᠯᠢ ᠶᠣᠰᠣᠭᠠᠷ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃         2. ᠮᠡᠳᠡᠭᠡ ᠵᠠᠩᠭᠢ ᠶᠢᠨ ᠠᠵᠤ ᠦᠢᠯᠡᠰ ᠤᠨ ᠲᠥᠷᠥ ᠶᠢᠨ ᠪᠤᠳᠤᠯᠭ᠎ᠠ ᠬᠢᠭᠡᠳ ᠮᠡᠷᠭᠡᠵᠢᠯ ᠤᠨ ᠬᠥᠭᠵᠢᠯᠲᠡ ᠶᠢᠨ ᠲᠥᠷᠥ ᠶᠢᠨ ᠪᠤᠳᠤᠯᠭ᠎ᠠ ᠶᠢ ᠦᠨᠳᠦᠰᠦᠯᠡᠨ᠂ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠪᠠ ᠲᠡᠳᠬᠦᠵᠦ᠂ ᠪᠥᠬᠦ ᠬᠤᠳᠠ ᠶᠢᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃     3. ᠰᠦᠯᠵᠢᠶᠡᠨ ᠳᠡᠭᠡᠷᠡᠬᠢ ᠤᠯᠠᠭᠠᠠᠬᠤᠲᠠ ᠪᠠ ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     4. ᠬᠢᠩᠭᠠᠨ ᠠᠶᠢᠮᠠᠭ ᠤᠨ ᠰᠦᠯᠵᠢᠶᠡᠨ ᠤ ᠲᠥᠪ ᠲᠤ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ᠃     5. ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠢᠴᠢ ᠴᠢᠬᠤᠯᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠵᠤ᠂ ᠴᠢᠭᠯᠡᠭᠦᠯᠬᠦ ᠴᠢᠨᠠᠷᠲᠠᠶ ᠪᠠᠷ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢ ᠪᠠᠭᠤᠯᠭᠠᠨ ᠠᠪᠴᠤ ᠨᠠᠶᠢᠷᠠᠭᠤᠯᠤᠨ ᠲᠠᠷᠬᠠᠭᠠᠨ᠎ᠠ᠃     6. ᠪᠥᠬᠦ ᠬᠤᠲᠠ ᠶᠢᠨ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠤᠬᠠᠭᠤᠯᠬᠤ᠂ ᠲᠦᠭᠡᠮᠡᠯᠵᠢᠭᠦᠯᠬᠦ ᠬᠥᠮᠦᠵᠢᠯ ᠪᠠ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃     7. ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠪᠠᠶᠢᠭᠤᠯᠭ᠎ᠠ ᠶᠢᠨ ᠠᠯᠪᠠᠨ ᠠᠵᠢᠯ ᠤᠨ ᠠᠦ᠋ᠲ᠋ᠣᠴᠢᠯᠠᠯᠲᠠ ᠶᠢᠨ ᠰᠦᠯᠵᠢᠶ᠎ᠡ᠂ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠤᠨ ᠳᠣᠲᠣᠷᠠᠬᠢ ᠬᠡᠰᠡᠭ ᠬᠡᠪᠴᠢᠶᠡᠨ ᠤ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠬᠠᠷᠢᠭᠤᠴᠠᠵᠤ᠂ ᠰᠦᠯᠵᠢᠶ᠎ᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃  8. ᠮᠡᠳᠡᠭᠡ ᠵᠠᠩᠭᠢᠵᠢᠯᠲᠠ ᠶᠢᠨ ᠠᠵᠢᠯ ᠤᠨ ᠭᠠᠳᠠᠷ ᠭᠠᠵᠠᠷ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠵᠣᠬᠢᠶᠠᠨ ᠪᠠᠶᠢᠭᠤᠯᠤᠨ᠎ᠠ᠃         9. ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠳᠣᠯᠤᠭ᠎ᠠ᠂ ᠵᠠᠰᠠᠭ ᠵᠠᠬᠢᠷᠭᠠᠨ ᠤ ᠠᠯᠪᠠᠨ ᠬᠡᠷ ᠤᠨ ᠭᠤᠤᠯ ᠡᠭᠦᠷᠭᠡ ᠬᠠᠷᠢᠭᠤᠴᠠᠯᠭ᠎ᠠ     1. ᠬᠤᠳᠠ ᠶᠢᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠠᠵᠢᠯ ᠢ ᠬᠠᠷᠢᠭᠤᠴᠠᠨ᠎ᠠ᠃     2. ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠤᠳᠤᠷᠢᠳᠤᠯᠭ᠎ᠠ ᠶᠢᠨ ᠠᠯᠪᠠᠨ ᠭᠡᠷ᠂ ᠵᠠᠰᠠᠭ ᠤᠨ ᠣᠷᠳᠣᠨ ᠤ ᠬᠤᠷᠠᠯ ᠤᠨ ᠭᠡᠷ ᠤᠨ ᠡᠷᠡᠭᠦᠯ ᠬᠠᠮᠠᠭᠠᠯᠠᠯ ᠵᠢᠴᠢ ᠡᠳᠦᠷ ᠲᠤᠳᠤᠮ ᠤᠨ ᠬᠠᠮᠢᠶᠠᠷᠤᠯᠲᠠ ᠪᠠ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃     3. ᠠᠵᠢᠯᠳᠠᠨ ᠠᠵᠢᠯᠴᠢᠨ ᠤ ᠤᠯᠤᠰ ᠲᠦᠷᠦ ᠦᠵᠡᠯ ᠰᠠᠨᠠᠭᠠᠨ ᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃       4. ᠡᠯ᠎ᠡ ᠵᠦᠢᠯ ᠤᠨ ᠡᠳ᠋ ᠪᠣᠳᠠᠰ ᠪᠠ ᠡᠳ᠋ ᠬᠦᠷᠦᠩᠭᠡ ᠶᠢ ᠳᠠᠩᠰᠠᠯᠠᠬᠤ᠂ ᠬᠥᠮᠥᠷᠭᠡ ᠳᠤ ᠣᠷᠣᠭᠤᠯᠬᠤ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       5. ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃         ᠨᠠᠢᠮᠠ᠂ ᠡᠳ᠋ ᠤᠨ ᠶᠠᠪᠤᠳᠠᠯ ᠤᠨ ᠲᠠᠰᠤᠭ ᠤᠨ ᠭᠤᠣᠯ ᠡᠭᠦᠷᠭᠡ ᠬᠠᠷᠢᠭᠤᠴᠠᠯᠭ᠎ᠠ     1. ᠵᠠᠷᠤᠳᠠᠯ ᠤᠨ ᠲᠣᠭᠠᠴᠠᠭ᠎ᠠ ᠬᠢᠬᠦ ᠪᠠ ᠬᠠᠮᠢᠶᠠᠷᠬᠤ ᠶᠢ ᠬᠠᠷᠢᠭᠤᠴᠠᠵᠤ᠂ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠣᠨᠣᠪᠴᠢᠲᠠᠶ᠂ ᠴᠠᠭ ᠲᠤᠬᠠᠶ ᠳᠤᠨᠢ᠂ ᠪᠦᠷᠢᠨ ᠪᠦᠲᠦᠨ ᠢᠶᠠᠷ ᠲᠡᠮᠳᠡᠭᠯᠡᠬᠦ ᠪᠠ ᠲᠤᠰᠬᠠᠨ᠎ᠠ᠃     2. ᠡᠳ᠋ ᠤᠨ ᠶᠠᠪᠤᠳᠠᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠡᠳ᠋ ᠤᠨ ᠶᠠᠪᠤᠳᠠᠯ ᠤᠨ ᠲᠦᠷᠢᠮ ᠢ ᠵᠢᠷᠤᠮᠯᠠᠨ ᠰᠠᠬᠢᠵᠤ᠂ ᠡᠯ᠎ᠡ ᠵᠦᠢᠯ ᠤᠨ ᠵᠠᠷᠤᠳᠠᠯ ᠤᠨ ᠵᠠᠷᠤᠯᠭ᠎ᠠ ᠳᠤ ᠬᠢᠨᠠᠯᠲᠠ ᠲᠠᠯᠪᠢᠨ᠎ᠠ᠃     3. ᠣᠨ᠂ ᠤᠯᠠᠷᠢᠯ᠂ ᠰᠠᠷ᠎ᠠ ᠶᠢᠨ ᠡᠳ᠋ ᠤᠨ ᠶᠠᠪᠤᠳᠠᠯ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠮᠡᠳᠡᠭᠦᠯᠬᠦ ᠠᠵᠢᠯ ᠢ ᠬᠠᠷᠢᠭᠤᠴᠠᠨ᠎ᠠ᠃       4. ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠪᠠᠶᠢᠴᠠᠭᠠᠨ ᠢᠯᠭᠠᠷᠠᠭᠤᠯᠬᠤ ᠪᠠ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃       5. ᠡᠮᠴᠢᠯᠡᠭᠡᠨ ᠤ ᠳᠠᠭᠠᠳᠬᠠᠯ ᠤᠨ ᠣᠨ ᠤ ᠬᠢᠨᠠᠯᠲᠠ᠂ ᠵᠠᠷᠤᠳᠠᠯ ᠢ ᠲᠠᠩᠰᠠ ᠲᠠᠶᠢᠯᠬᠤ ᠠᠵᠢᠯ ᠢ ᠬᠠᠷᠢᠭᠤᠴᠠᠨ᠎ᠠ᠃     6. ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠤᠷᠢᠶᠠᠨ ᠲᠤᠰᠢᠶᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃     7. ᠡᠳ᠋ ᠤᠨ ᠶᠠᠪᠤᠳᠠᠯ ᠤᠨ ᠬᠡᠷᠡᠴᠢ ᠪᠠᠷᠢᠮᠲᠠ ᠪᠠ ᠲᠠᠩᠰᠠ ᠬᠠᠷ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃     8. ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠶᠢᠰᠦ᠂ ᠵᠠᠰᠠᠭ ᠤᠨ ᠣᠷᠳᠣᠨ ᠤ ᠲᠡᠷᠭᠡ ᠬᠥᠰᠬᠡ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ     1. ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠭᠰᠠᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠵᠢᠴᠢ ᠠᠯᠪᠠᠨ ᠭᠡᠷ ᠤᠨ ᠤᠳᠤᠷᠢᠳᠤᠯᠭ᠎ᠠ ᠶᠢᠨ ᠵᠥᠪᠰᠢᠶᠡᠷᠡᠭᠰᠡᠨ ᠠᠵᠢᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     2. ᠲᠣᠭᠲᠠᠮᠠᠯ ᠬᠤᠭᠤᠴᠠᠭ᠎ᠠ ᠲᠠᠢ ᠪᠠᠷ ᠵᠢᠯᠣᠭᠤᠴᠢ ᠶᠢ ᠵᠣᠬᠢᠶᠠᠨ ᠪᠠᠶᠢᠭᠤᠯᠤᠨ ᠠᠮᠤᠷ ᠲᠥᠪᠰᠢᠨ ᠤ ᠬᠥᠮᠦᠵᠢᠯ ᠬᠢᠵᠦ᠂ ᠵᠢᠯᠣᠭᠤᠴᠢ ᠶᠢ ᠱᠠᠯᠠᠪᠳᠠᠭᠤᠯᠵᠤ ᠪᠠᠶᠢᠭᠠᠳ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠭᠤᠯᠵᠤ᠂ ᠠᠮᠤᠷ ᠲᠥᠪᠰᠢᠨ ᠢᠶᠠᠷ ᠲᠡᠷᠭᠡ ᠵᠢᠯᠣᠭᠤᠳᠬᠤ ᠶᠢ ᠦᠨᠡᠨᠬᠦ ᠪᠠᠲᠤᠯᠠᠨ᠂ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃     3. ᠲᠡᠷᠭᠡ ᠬᠥᠰᠬᠡ ᠶᠢ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠤᠳᠤᠷᠢᠳᠤᠯᠭ᠎ᠠ ᠶᠢᠨ ᠡᠳᠦᠷ ᠲᠤᠳᠤᠮ  ᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠪᠠᠲᠤᠯᠠᠨ᠎ᠠ᠃     4. ᠲᠡᠷᠭᠡ ᠬᠥᠰᠬᠡ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠲᠡᠷᠭᠡ ᠬᠥᠰᠬᠡ ᠶᠢ ᠠᠷᠠᠴᠢᠯᠠᠨ ᠬᠠᠮᠠᠭᠠᠯᠠᠬᠤ᠂ ᠰᠡᠯᠪᠢᠨ ᠵᠠᠰᠠᠬᠤ᠂ ᠣᠨ ᠤ ᠪᠠᠶᠢᠴᠠᠭᠠᠯᠲᠠ ᠬᠢᠬᠦ ᠪᠠ ᠳᠠᠭᠠᠳᠬᠠᠯ ᠤᠨ ᠠᠵᠢᠯ ᠢ ᠰᠠᠶᠢᠲᠤᠷ ᠬᠢᠨ᠎ᠡ᠃     5. ᠲᠡᠷᠭᠡ ᠬᠥᠰᠬᠡ ᠶᠢᠨ ᠲᠣᠰᠣ ᠬᠡᠷᠡᠭᠯᠡᠬᠦ᠂ ᠰᠡᠯᠪᠢᠨ ᠵᠠᠰᠠᠬᠤ ᠵᠡᠷᠭᠡ ᠲᠠᠯ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠠᠶᠢᠲᠤᠷ ᠠᠷᠪᠢᠯᠠᠨ ᠭᠠᠮᠨᠠᠵᠤ᠂ ᠵᠠᠷᠤᠯᠭ᠎ᠠ ᠶᠢ ᠠᠷᠪᠢᠯᠠᠨ᠎ᠠ᠃     6. ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号