ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠦᠷᠦᠯ᠂ ᠪᠠᠶᠢᠭᠠᠯᠢ ᠶᠢᠨ ᠭᠠᠮᠰᠢᠭ ᠤᠨ ᠲᠦᠷᠦᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠤᠨ᠎ᠠ᠃ ᠠᠶᠤᠯᠭᠦᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠮᠢᠶ᠎ᠠ ᠪᠥᠬᠦᠢ ᠦᠢᠯᠡᠳᠪᠦᠷᠢ ᠠᠭᠤᠷᠬᠠᠶ  ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ   ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠬᠤᠶᠠᠷ︶ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠠ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠤᠭᠤᠷᠪᠢᠵᠤ᠂ ᠬᠠᠮᠢᠶ᠎ᠠ ᠪᠥᠬᠦᠶ ᠲᠦᠷᠢᠮ ᠲᠣᠭᠲᠠᠭᠠᠯ ᠪᠠ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃     ︵ᠭᠤᠷᠪᠠ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡ᠊ᠡᠳᠡᠯ ᠤᠨ ᠭᠠᠶ ᠭᠠᠮᠰᠢᠭ ᠪᠠ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠭᠠᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ᠪᠠ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠲᠥᠷᠥᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ  ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃     ︵ᠳᠥᠷᠪᠡ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ  ᠰᠤᠷᠠᠭ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠰᠤᠷᠠᠭ ᠵᠠᠩᠭᠢ ᠳᠠᠮᠵᠢᠭᠤᠯᠬᠤ ᠠᠷᠭ᠎ᠠ ᠵᠠᠮ ᠤᠨ ᠲᠥᠯᠥᠪᠵᠢᠭᠦᠯᠭᠡ ᠪᠠ ᠪᠠᠶᠢᠷᠢᠰᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ  ᠰᠤᠷᠠᠭ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤᠪᠠᠷ ᠭᠥᠷᠳᠡᠬᠦ ᠲᠣᠭᠲᠠᠴᠠ ᠶᠢ ᠪᠦᠷᠢᠨᠰᠢᠬᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃     ︵ᠲᠠᠪᠤ︶ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠬᠤᠲᠠ ᠶᠢᠨ ᠨᠡᠯᠢᠶᠡᠳ ᠶᠡᠭᠡ ᠭᠠᠮᠰᠢᠭ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠭᠠᠬᠤ ᠰᠠᠨᠠᠭᠤᠯᠭ᠎ᠠ ᠳᠤᠷᠠᠳᠴᠤ᠂ ᠳᠡᠭᠡᠳᠦ ᠱᠠᠲᠤ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃     ︵ᠵᠢᠷᠭᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠲᠠ ᠶᠢᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ ᠲᠠᠪᠴᠠᠩ ᠤᠨ ᠵᠣᠯᠭᠠᠭᠤᠯᠭ᠎ᠠ ᠶᠢ ᠠᠬᠢᠭᠤᠯᠵᠤ᠂ ᠭᠠᠯ ᠰᠡᠷᠬᠡᠶᠢᠯᠡᠨ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠡᠷ ᠢ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭᠠᠨ ᠤ ᠴᠡᠷᠢᠭ ᠠᠩᠭᠢ ᠶᠢᠨ ᠤ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠬᠤ ᠶᠢ ᠵᠤᠯᠭᠠᠭᠤᠯᠤᠨ᠎ᠠ᠃ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠯ ᠰᠡᠷᠬᠡᠶᠢᠯᠡᠨ ᠤᠨᠲᠠᠷᠠᠭᠠᠬᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠤᠶᠢᠮᠡᠷ ᠤᠨ ᠭᠠᠮᠰᠢᠭ ᠢ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠬᠠᠤ᠂ ᠭᠠᠵᠠᠷ ᠬᠥᠳᠡᠯᠦᠯᠲᠡ ᠪᠠ ᠭᠠᠵᠠᠷ ᠤᠨ ᠭᠠᠶ ᠭᠠᠮᠰᠢᠭ ᠠᠴᠠ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠡᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃     ︵ᠲᠤᠯᠤᠭ᠎ᠠ︶ ᠪᠥᠬᠦ ᠬᠤᠳᠠ ᠶᠢᠨ ᠭᠠᠯ ᠲᠤᠶᠢᠮᠡᠷ ᠢ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠲᠤᠶᠢᠮᠡᠷ ᠢ ᠤᠨᠲᠠᠷᠠᠭᠠᠵᠤ ᠠᠶᠤᠯ ᠠᠴᠠ ᠠᠪᠤᠷᠠᠬᠤ ᠵᠡᠷᠭᠡ ᠠᠵᠢᠯ ᠢ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠣᠬᠢᠴᠠᠭᠤᠯᠤᠨ ᠵᠢᠯᠣᠭᠤᠳᠤᠨ᠎ᠠ᠃     ︵ᠨᠠᠢᠮᠠ︶ ᠪᠦᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ  ᠲᠤᠶᠢᠮᠡᠷ ᠤᠨ ᠠᠶᠤᠯ᠂ ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠬᠡᠨ ᠤ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠭᠠᠯ ᠰᠡᠷᠭᠡᠶᠢᠯᠡᠬᠦ ᠬᠤᠭᠤᠴᠠᠭᠠᠨ ᠳᠤ  ᠤᠶᠢᠳᠤ ᠣᠷᠣᠨ ᠳᠤ ᠣᠷᠣᠵᠤ  ᠭᠠᠷᠬᠤ ᠦᠨᠡᠮᠯᠡᠯ ᠪᠣᠯᠤᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠲᠤᠬᠠᠢ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠶᠢ ᠬᠠᠷᠢᠭᠤᠴᠠᠵᠤ᠂ ᠭᠤᠣᠯ ᠮᠦᠷᠡᠨ ᠨᠠᠭᠤᠷ ᠴᠦᠬᠦᠷᠦᠮ ᠳᠤ ᠬᠤᠯᠪᠣᠭᠳᠠᠬᠤ ᠪᠠᠷᠢᠯᠭ᠎ᠠ ᠶᠢᠨ ᠦᠶᠡᠷ ᠰᠡᠷᠭᠡᠶᠢᠯᠡᠬᠦ ᠨᠥᠯᠥᠭᠡ ᠶᠢ ᠦᠨᠡᠯᠡᠨ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠦᠶᠡᠷ ᠢ ᠪᠠᠴᠢᠮ ᠰᠡᠷᠭᠡᠶᠢᠯᠡᠬᠦ ᠬᠤᠭᠤᠴᠠᠭᠠᠨ ᠳᠤ ᠦᠶᠡᠷ ᠰᠡᠷᠭᠡᠶᠢᠯᠡᠬᠦ ᠪᠠᠶᠢᠭᠤᠯᠤᠮᠵᠢ ᠶᠢᠨ ᠡᠳ᠋ ᠪᠠᠷᠠᠭ᠎ᠠ ᠰᠢᠯᠵᠢᠭᠦᠯᠦᠨ ᠬᠡᠷᠡᠭᠯᠡᠬᠦ ᠡᠷᠬᠡ ᠪᠣᠯᠤᠨ ᠪᠠᠴᠢᠮ ᠬᠡᠷᠡᠭᠯᠡᠬᠦ ᠡᠷᠬᠡ ᠪᠠᠨ ᠬᠠᠤᠯᠢ ᠶᠣᠰᠤᠭᠠᠷ ᠶᠠᠪᠤᠭᠳᠠᠭᠤᠯᠬᠤ ᠶᠢ ᠬᠠᠷᠢᠭᠤᠴᠠᠵᠤ᠂ ᠪᠥᠬᠦ ᠬᠤᠳᠠ ᠶᠢᠨ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠥᠬᠦ ᠬᠤᠳᠠ ᠶᠢᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ︵ᠶᠢᠰᠦ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠬᠠᠤ ᠳᠤ ᠬᠠᠨᠳᠢᠪᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ᠂ ᠤᠯᠠᠭᠠᠨᠬᠤᠲᠠ ᠶᠢᠨ ᠭᠠᠮᠰᠢᠭ ᠠᠴᠠ ᠠᠪᠤᠷᠬᠠᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ ᠪᠠ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠯᠡᠨ᠎ᠡ᠃     ︵ᠠᠷᠪᠠ︶ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠵᠦ᠂ ᠬᠤᠳᠠ ᠶᠢᠨ ᠬᠠᠮᠢᠶ᠎ᠠ ᠪᠥᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ ᠬᠢᠨᠠᠯᠲᠠ ᠲᠠᠯᠪᠢᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠨᠢᠭᠡ︶ ᠱᠠᠳᠤ ᠬᠤᠪᠢᠶᠠᠬᠤ ᠵᠠᠷᠴᠢᠮ ᠶᠣᠰᠣᠭᠠᠷ᠂ ᠬᠠᠷᠢᠶᠠᠲᠤ ᠣᠷᠣᠨ ᠤ ᠬᠢᠨᠠᠯᠲᠠ ᠬᠠᠮᠢᠶᠠᠷᠤᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠦᠢᠯᠡᠳᠪᠦᠷᠢ ᠠᠭᠤᠷᠬᠠᠶ  ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠠᠮᠢᠶ᠎ᠠ ᠪᠥᠬᠦᠢ ᠲᠥᠬᠦᠭᠡᠷᠦᠮᠵᠢ ︵ᠣᠨᠴᠠ ᠲᠥᠷᠥᠯ ᠤᠨ ᠲᠤᠨᠤᠭ ᠲᠥᠬᠦᠭᠡᠷᠦᠮᠵᠢ ᠠᠴᠠ ᠭᠠᠳᠠᠨ᠎ᠠ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠲᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠷᠢᠶᠠᠲᠤ ᠣᠷᠣᠨ ᠤ ᠬᠢᠨᠠᠯᠲᠠ ᠬᠠᠮᠢᠶᠠᠷᠤᠯᠲᠠ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠪᠥᠬᠦ ᠬᠤᠲᠠ ᠶᠢᠨ ᠠᠶᠤᠯᠲᠤ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠠᠷᠪᠠᠨ ᠬᠤᠶᠠᠷ︶ ᠪᠥᠬᠦ ᠬᠤᠲᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠡᠳᠡᠯ ᠢ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠡ᠊ᠡᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠭᠤᠷᠪᠠ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠨᠥᠭᠡᠴᠡᠯᠡᠯᠲᠡ ᠪᠠ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠠᠮᠤ ᠪᠤᠳᠠᠭ᠎ᠠ ᠪᠠ ᠡᠳ᠋ ᠪᠠᠷᠠᠭ᠎ᠠ ᠶᠢᠨ ᠨᠥᠭᠡᠴᠡᠯᠡᠯᠲᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ  ᠰᠤᠷᠠᠭ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠭᠠᠮᠰᠢᠭ ᠠᠴᠠ ᠠᠪᠤᠷᠠᠬᠤ ᠳᠤ ᠨᠢᠭᠡᠳᠦᠯᠲᠡᠶ ᠳᠣᠭᠢᠷᠠᠭᠤᠯᠤᠨ᠎ᠠ᠃     ︵ᠠᠷᠪᠠᠨ ᠳᠥᠷᠪᠡ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠᠨ ᠵᠢᠷᠭᠤᠭ᠎ᠠ︶ ᠡᠭᠦᠷᠭᠡ ᠴᠢᠳᠠᠪᠤᠷᠢ ᠶᠢ ᠬᠤᠪᠢᠷᠠᠭᠤᠯᠤᠯᠲᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠨᠢᠭᠡᠳᠦᠯᠲᠡᠶ ᠲᠥᠯᠥᠪᠯᠡᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠰᠢᠯᠢᠳᠡᠭᠵᠢᠭᠦᠯᠦᠨ᠂ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷ ᠲᠠᠢ ᠥᠨᠳᠥᠷ ᠪᠦᠲᠦᠮᠵᠢᠲᠡᠶ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠰᠢᠰᠲ᠋ᠧᠮ ᠢ ᠪᠠᠶᠢᠭᠤᠯᠵᠤ᠂ ᠨᠢᠭᠡᠳᠦᠯᠲᠡᠶ ᠵᠢᠯᠣᠭᠤᠳᠤᠭᠰᠠᠨ᠂ ᠲᠤᠰᠬᠠᠶ ᠪᠠᠶᠢᠩᠭᠤ ᠶᠢ ᠬᠤᠤᠰᠯᠠᠭᠤᠯᠤᠭᠰᠠᠨ᠂ ᠲᠤᠰᠬᠠᠯ ᠬᠤᠷᠴᠠ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ᠂ ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠪᠥᠬᠦᠶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠣᠶ ᠪᠣᠯᠭᠠᠬᠤ ᠶᠢ ᠳᠥᠯᠭᠢᠨ ᠠᠬᠢᠭᠤᠯᠤᠨ᠎ᠠ᠃ ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠯᠲᠠ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠤᠨ᠂ ᠲᠠᠩ ᠭᠠᠭᠴᠠ ᠭᠠᠮᠰᠢᠭ ᠤᠨ ᠲᠦᠷᠦᠯ ᠢ ᠠᠷᠭᠠᠴᠠᠭᠠᠵᠤ ᠪᠠᠶᠢᠭᠰᠠᠨ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠶᠢᠰᠢ ᠬᠤᠪᠢᠷᠠᠭᠤᠯᠵᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠬᠤ ᠲᠡᠶᠢᠰᠢ ᠬᠤᠪᠢᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠵᠤ᠂ ᠤᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ ᠤ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ ᠭᠤᠷᠪᠠ ᠳᠤ᠂ ᠠᠮᠤᠷ ᠲᠦᠪᠰᠢᠨ ᠢᠶᠠᠷ ᠬᠥᠭᠵᠢᠭᠦᠯᠬᠦ ᠤᠢᠢᠯᠠᠭᠠᠭᠳᠠᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠡ᠊ᠡᠳᠡᠯ ᠭᠠᠷᠬᠤ ᠶᠢ ᠡᠷᠡᠰ ᠬᠤᠷᠢᠭᠯᠠᠨ᠎ᠠ᠃     ︵ᠠᠷᠪᠠᠨ ᠳᠣᠯᠤᠭ᠎ᠠ︶ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃     1. ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠪᠤᠷᠬᠠᠤ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃     ︵1︶ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠪᠠ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠢᠯ ᠤᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ᠃ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠠᠯ ᠭᠠᠷᠭᠠᠨ᠎ᠠ᠃ ᠬᠤᠲᠠ ᠶᠢᠨ ᠨᠡᠯᠢᠶᠡᠳ ᠶᠡᠭᠡ ᠭᠠᠮᠰᠢᠭ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠳᠡᠭᠡᠳᠦ ᠱᠠᠲᠤ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠢ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠨᠢᠭᠡᠳᠦᠯᠲᠡᠶ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠶ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠬᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠤᠯᠠᠨ ᠭᠠᠮᠰᠢᠭ ᠤᠨ ᠲᠦᠷᠦᠯ ᠵᠦᠢᠯ ᠪᠠ ᠭᠠᠮᠰᠢᠭ ᠤᠨ ᠬᠡᠯᠬᠢᠶ᠎ᠡ ᠶᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠡᠷᠬᠡ ᠣᠯᠭᠤᠭᠰᠠᠨ ᠶᠣᠰᠣᠭᠠᠷ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ  ᠲᠤᠶᠢᠮᠡᠷ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠯ ᠤᠨ ᠠᠶᠤᠯ᠂ ᠭᠠᠯ ᠤᠨ ᠠᠶᠤᠯ ᠤᠨ ᠰᠤᠷᠠᠭ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃     ︵2︶ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ  ᠰᠢᠨᠵᠢᠯᠡᠬᠡᠨ ᠤ ᠭᠠᠶ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠭᠠᠵᠠᠷ  ᠰᠢᠨᠵᠢᠯᠡᠬᠡᠨ ᠤ ᠭᠠᠶ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠭᠠᠵᠠᠷ  ᠰᠢᠨᠵᠢᠯᠡᠬᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃     ︵3︶ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠦᠶᠡᠷ ᠪᠠ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠰᠤᠨ ᠤ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠴᠢᠬᠤᠯᠠ ᠭᠤᠤᠯ ᠮᠥᠷᠡᠨ ᠨᠠᠭᠤᠷ ᠴᠥᠭᠦᠷᠥᠮ ᠪᠠ ᠴᠢᠬᠤᠯᠠ ᠤᠰᠤᠨ ᠤ ᠢᠨᠵᠧᠨᠧᠷᠢᠩ ᠤᠨ ᠦᠶᠡᠷ ᠤᠨ ᠤᠰᠤ ᠶᠢ ᠰᠡᠷᠭᠡᠶᠢᠯᠡᠬᠦ᠂ ᠭᠠᠩ ᠬᠠᠭᠰᠠᠷᠠᠭᠠᠨ ᠤ ᠭᠠᠮᠰᠢᠭ ᠢ ᠡᠰᠡᠷᠭᠦᠴᠡᠬᠦ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ ᠳᠣᠭᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠂ ᠲᠠᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠡᠷ ᠤᠨ ᠤᠰᠤ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃     ︵4︶ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ ᠬᠤᠳᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠵᠢᠴᠢ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠬᠤᠳᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠵᠢᠭᠠᠪᠤᠷᠢ ᠶᠢ ᠬᠡᠷᠡᠭᠵᠢᠭᠦᠯᠦᠨ᠎ᠡ᠃     ︵5︶ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠤᠶᠢᠮᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠢ ᠰᠢᠭᠤᠶ ᠪᠣᠯᠤᠨ ᠨᠤᠲᠤᠭ ᠪᠡᠯᠴᠢᠭᠡᠷ  ᠤᠨ ᠭᠠᠯ ᠲᠤᠶᠢᠮᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠱᠠᠯᠠᠪᠳᠠᠭᠤᠯᠤᠨ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠯ ᠲᠤᠶᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠲᠤᠶᠢᠮᠡᠷ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠡᠷ  ᠤᠨ ᠭᠠᠮᠰᠢᠭ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃     ︵6︶ ᠪᠣᠳᠠᠲᠠᠶ ᠪᠠᠶᠢᠳᠠᠯ ᠢ ᠦᠨᠳᠦᠰᠦᠯᠡᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠵᠥᠪᠳᠡᠯᠴᠡᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠥᠬᠦᠶ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠣᠯᠤᠨ᠎ᠠ᠃     2. ᠬᠤᠳᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠯᠤᠭ᠎ᠠ ᠶᠢᠨ ᠬᠤᠳᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠨᠥᠭᠡᠴᠡᠯᠡᠬᠦ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃     ︵1︶ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠬᠤᠳᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠬᠡᠷᠡᠭᠴᠡᠭᠡ ᠪᠠ ᠬᠡᠷᠡᠭᠯᠡᠬᠦ ᠰᠢᠢᠳᠪᠦᠷᠢᠲᠦ ᠪᠤᠳᠤᠯᠭ᠎ᠠ ᠶᠢ ᠬᠠᠷᠢᠭᠤᠴᠠᠨ ᠳᠤᠷᠠᠳᠴᠤ᠂ ᠬᠤᠳᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ᠂ ᠲᠦᠷᠦᠯ ᠵᠦᠢᠯ ᠤᠨ ᠭᠠᠷᠴᠠᠭ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠳᠠ ᠶᠢᠨ ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠢᠯ ᠤᠨ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ ᠵᠠᠷᠯᠢᠭ ᠪᠠᠭᠤᠯᠭᠠᠨ᠎ᠠ᠃     ︵2︶ ᠬᠤᠳᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠠᠴᠠ ᠬᠤᠳᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ᠂ ᠲᠦᠷᠦᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠬᠤᠳᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠬᠤᠷᠢᠶᠠᠨ ᠨᠥᠭᠡᠴᠡᠯᠡᠬᠦ᠂ ᠡᠭᠡᠯᠵᠢᠯᠡᠨ ᠰᠣᠯᠢᠬᠤ ᠪᠠ ᠡᠳᠦᠷ ᠲᠤᠳᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠬᠥᠳᠡᠯᠭᠡᠨ ᠬᠡᠷᠡᠭᠯᠡᠬᠦ ᠵᠠᠷᠯᠢᠭ ᠢ ᠦᠨᠳᠦᠰᠦᠯᠡᠨ ᠵᠢᠷᠤᠮ ᠶᠣᠰᠣᠭᠠᠷ ᠵᠣᠬᠢᠶᠠᠨ ᠪᠠᠶᠢᠭᠤᠯᠵᠤ ᠰᠢᠯᠵᠢᠭᠦᠯᠦᠨ ᠭᠠᠷᠭᠠᠨ᠎ᠠ᠃  
 
ᠢᠷᠡᠯᠲᠡ᠄ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号