ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠬᠠᠮᠢᠶ᠎ᠠ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠭᠯᠡᠯᠲᠡ᠂ ᠲᠥᠷᠥ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠵᠢᠯ ᠢ ᠨᠢᠭᠡᠳᠦᠯᠲᠡᠶ ᠲᠦᠯᠦᠪᠯᠡᠨ ᠵᠣᠬᠢᠴᠠᠭᠤᠯᠤᠨ᠎ᠠ᠃ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃     ︵ᠬᠤᠶᠠᠷ︶ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠣᠨ ᠤ ᠲᠥᠯᠥᠪᠯᠡᠭᠡ ᠶᠢ ᠬᠠᠷᠢᠭᠤᠴᠠᠨ᠎ᠠ ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ᠂ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠬᠠᠮᠢᠶᠠᠷᠬᠤ ᠵᠢᠴᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠵᠢᠯᠣᠭᠤᠳᠤᠨ᠎ᠠ᠃ ᠬᠤᠲᠠ ᠶᠢᠨ ᠶᠠᠪᠤᠳᠠᠯ ᠤᠨ ᠣᠷᠣᠨ ᠪᠦᠰᠡ ᠶᠢᠨ ᠳᠣᠲᠣᠷᠠᠬᠢ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ᠂ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠭᠠᠵᠠᠷ ᠳᠣᠣᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠪᠠ ᠬᠤᠲᠠ ᠶᠢᠨ ᠱᠤᠭᠤᠮᠠᠯ ᠤᠨ ᠠᠵᠢᠯ ᠢ ᠬᠠᠷᠢᠭᠤᠴᠠᠨ᠎ᠠ᠃ ᠬᠤᠳᠠ ᠶᠢ ᠰᠡᠯᠪᠢᠨ ᠵᠠᠰᠠᠬᠤ ᠪᠠ ᠠᠮᠢ ᠠᠬᠤᠶ ᠶᠢ ᠰᠡᠷᠭᠦᠭᠡᠬᠦ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ  ᠵᠦᠢᠯᠡᠰ ᠤᠨ ᠬᠠᠮᠢᠶᠠᠷᠦᠯᠳᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ︵ᠰᠢᠶᠠᠩ ᠪᠠᠯᠭᠠᠰᠤ᠂ ᠭᠠᠴᠠᠭ᠎ᠠ ᠲᠣᠰᠬᠤᠨ︶ ᠶᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠤᠯᠠᠭᠠᠨᠬᠤᠲᠠ ᠣᠷᠣᠨ ᠤ ᠬᠤᠲᠠ ᠶᠢᠨ ᠢᠯᠴᠢ ᠬᠠᠩᠭᠠᠬᠤ᠂ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠳᠠ ᠶᠢᠨ ᠪᠦᠳᠦᠭᠡᠠ ᠪᠠᠶᠢᠭᠤᠯᠤᠯᠲᠠ ᠶᠢᠨ ᠲᠡᠩᠰᠠ ᠡᠪᠬᠡᠮᠡᠯ ᠢ ᠴᠤᠭᠯᠠᠭᠤᠯᠬᠤ᠂ ᠡᠮᠬᠢᠳᠬᠡᠬᠦ᠂ ᠬᠠᠳᠠᠭᠠᠯᠠᠨ ᠬᠠᠮᠢᠶᠠᠷᠬᠤ ᠪᠠ ᠠᠰᠢᠭᠯᠠᠬᠤ ᠶᠢ ᠬᠠᠷᠢᠭᠤᠴᠠᠨ᠎ᠠ᠃ ᠤᠯᠠᠭᠠᠨᠬᠤᠲᠠ ᠣᠷᠣᠨ ᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠦᠷᠢᠳᠬᠡᠵᠦ ᠳᠡᠭᠡᠭᠰᠢ ᠮᠡᠳᠡᠭᠦᠯᠦᠨ᠎ᠡ᠃     ︵ᠭᠤᠷᠪᠠ︶ ᠭᠠᠴᠠᠭ᠎ᠠ ᠪᠠᠯᠭᠠᠰᠤᠨ ᠤ ᠪᠦᠳᠦᠭᠡᠠ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠭᠠᠴᠠᠭ᠎ᠠ ᠲᠣᠰᠬᠤᠨ ᠪᠠ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠪᠠᠯᠭᠠᠰᠤ ᠪᠠ ᠠᠶᠢᠯ ᠲᠣᠰᠬᠤᠨ ᠤ ᠣᠷᠣᠰᠢᠨ ᠠᠮᠢᠳᠤᠷᠠᠬᠤ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠠᠵᠢᠯ ᠢ ᠵᠢᠯᠣᠭᠤᠳᠤᠨ᠎ᠠ᠃ ᠪᠥᠬᠦ ᠬᠤᠲᠠ ᠶᠢᠨ ᠵᠢᠵᠢᠭ ᠬᠤᠲᠠ ᠪᠠᠯᠭᠠᠰᠤ ᠪᠠ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠤᠯᠠᠮᠵᠢᠯᠠᠯᠲᠤ  ᠭᠠᠴᠠᠭ᠎ᠠ ᠲᠣᠰᠬᠤᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠ ᠬᠠᠮᠠᠭᠠᠯᠠᠬᠤ ᠠᠵᠢᠯ ᠢ ᠵᠢᠯᠣᠭᠤᠳᠤᠨ᠎ᠠ᠃     ︵ᠲᠦᠷᠪᠡ︶ ᠵᠠᠰᠠᠭ ᠤᠨ ᠣᠷᠳᠣᠨ ᠠᠴᠠ ᠵᠢᠭᠠᠵᠦ ᠲᠣᠭᠲᠠᠭᠠᠭᠰᠠᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ᠂ ᠬᠠᠮᠢᠶᠠᠷᠤᠯᠲᠠ᠂ ᠠᠰᠢᠭᠯᠠᠯᠲᠠ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠲᠥᠪ ᠤᠨ ᠬᠠᠮᠢᠶᠠᠷᠤᠯᠲᠠ ᠶᠢᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠢᠨᠠᠯᠲᠠ ᠪᠤᠯᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠲᠠᠪᠤ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠵᠠᠬ᠎ᠠ ᠳᠡᠯᠭᠡᠭᠦᠷ ᠤᠨ ᠡᠯ᠎ᠡ ᠲᠠᠯ᠎ᠠ ᠶᠢᠨ ᠭᠤᠣᠯ ᠴᠣᠭᠴᠠ ᠶᠢᠨ ᠥᠢᠯᠡ ᠠᠵᠢᠯᠯᠠᠭ᠎ᠠ ᠶᠢ ᠵᠢᠷᠤᠮᠵᠢᠭᠤᠯᠵᠤ᠂ ᠪᠥᠬᠦ ᠬᠤᠲᠠ ᠶᠢᠨ ᠪᠠᠷᠢᠯᠭ᠎ᠠ ᠶᠢᠨ ᠦᠢᠯᠡᠰ ᠤᠨ ᠠᠵᠢᠯᠯᠠᠭ᠎ᠠ ᠶᠢ ᠵᠢᠯᠣᠭᠤᠳᠴᠤ᠂ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠠᠵᠢᠯ᠂ ᠪᠦᠳᠦᠭᠡᠠ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ᠂ ᠪᠠᠷᠢᠯᠭ᠎ᠠ ᠶᠢᠨ ᠦᠢᠯᠡᠰ ᠤᠨ ᠠᠵᠢᠯ ᠲᠦᠷᠦᠯ ᠤᠨ ᠬᠥᠭᠵᠢᠯᠲᠡ ᠶᠢᠨ ᠪᠠᠶᠢᠯᠳᠤᠬᠤ ᠪᠤᠳᠦᠯᠭ᠎ᠠ᠂ ᠥᠭᠡᠷᠡᠴᠢᠯᠡᠯᠲᠡ ᠶᠢᠨ ᠲᠥᠰᠦᠯ᠂ ᠠᠵᠤ ᠦᠢᠯᠡᠰ ᠤᠨ ᠲᠦᠷᠦ ᠶᠢᠨ ᠪᠤᠳᠦᠯᠭ᠎ᠠ᠂ ᠲᠦᠷᠢᠮ ᠲᠣᠭᠲᠠᠭᠠᠯ ᠢ ᠬᠡᠷᠡᠭᠵᠢᠭᠦᠯᠦᠨ᠎ᠡ᠃     ︵ᠵᠢᠷᠭᠤᠭ᠎ᠠ︶ ᠪᠠᠷᠢᠯᠭ᠎ᠠ ᠶᠢᠨ ᠠᠵᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠠᠶᠤᠯᠭᠦᠶ ᠦᠢᠯᠡᠳᠪᠦᠷᠢᠯᠡᠯ ᠪᠠ ᠪᠠᠷᠢᠯᠭ᠎ᠠ ᠶᠢᠨ ᠠᠵᠢᠯ ᠲᠠᠭᠤᠰᠤᠪᠠᠯ ᠰᠢᠯᠭᠠᠨ ᠠᠪᠴᠤ ᠳᠠᠩᠰᠠᠯᠠᠬᠤ ᠲᠦᠷᠦ ᠶᠢᠨ ᠪᠤᠳᠦᠯᠭ᠎ᠠ᠂ ᠲᠦᠷᠢᠮ ᠲᠣᠭᠲᠠᠭᠠᠯ ᠢ ᠬᠡᠷᠡᠭᠵᠢᠭᠦᠯᠦᠨ᠎ᠡ᠃ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠬᠦᠨᠳᠦ ᠶᠡᠭᠡ ᠶᠠᠰᠤ ᠴᠢᠨᠠᠷ᠂ ᠠᠮᠤᠷ ᠲᠦᠪᠰᠢᠨ ᠤ ᠡ᠊ᠡᠳᠡᠯ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠬᠤ ᠪᠤᠶᠤ  ᠲᠤᠰ ᠠᠵᠢᠯ ᠳᠤ ᠣᠷᠣᠯᠴᠠᠨ᠎ᠠ᠃     ︵ᠲᠤᠯᠤᠭ᠎ᠠ︶ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠷᠢᠯᠭ᠎ᠠ ᠶᠢᠨ ᠡᠨᠧᠷᠭᠢ ᠶᠢᠨ ᠰᠤᠷᠪᠤᠯᠵᠢ ᠶᠢ ᠠᠷᠪᠢᠯᠠᠬᠤ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ ᠤᠨ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ ᠢ ᠬᠡᠷᠡᠭᠯᠡᠵᠦ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ ᠪᠣᠬᠢᠷᠲᠤᠯ ᠦᠭᠡᠢ ᠪᠠᠷᠢᠯᠭ᠎ᠠ ᠪᠠ ᠪᠠᠷᠢᠯᠭ᠎ᠠ ᠶᠢᠨ ᠦᠢᠯᠡᠰ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠬᠠᠷᠢᠭᠤᠴᠠᠨ᠎ᠠ᠃     ︵ᠨᠠᠢᠮᠠ︶ ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠳᠥᠭᠡᠨ ᠪᠠᠶᠢᠭᠤᠯᠤᠯᠲᠠ ᠶᠢ ᠬᠠᠤᠯᠢ ᠶᠣᠰᠣᠭᠠᠷ ᠬᠢᠨᠠᠯᠲᠠ ᠲᠠᠯᠪᠢᠨ ᠬᠢᠨᠠᠨ ᠪᠠᠶᠢᠴᠠᠭᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠤᠨ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠬᠢᠭᠡᠳ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠬᠤᠲᠠ ᠶᠢᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠲᠤᠯᠠᠭ᠎ᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠠᠭᠠᠷ ᠤᠨ ᠰᠡᠷᠭᠡᠶᠢᠯᠡᠯᠲᠡ ᠶᠢᠨ ᠳᠠᠭᠠᠷᠢᠯᠲᠠ ᠶᠢᠨ ᠲᠥᠰᠦᠯ ᠪᠠ ᠡᠯ᠎ᠡ ᠵᠦᠢᠯ ᠤᠨ ᠪᠠᠲᠤᠯᠠᠭ᠎ᠠ ᠶᠢᠨ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ᠎ᠠ᠃ ᠤᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠯ ᠤᠨ ᠲᠥᠯᠥᠪᠯᠡᠭᠡ ᠶᠢ ᠲᠣᠭᠲᠠᠭᠠᠨ᠂ ᠤᠯᠠᠨ ᠲᠦᠮᠡᠨ  ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠣᠯᠤᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃ ᠲᠡᠶᠢᠠ ᠤ ᠦᠶ᠎ᠡ ᠳᠤ ᠬᠤᠳᠠ ᠶᠢᠨ ᠠᠭᠠᠷ ᠤᠨ ᠰᠡᠷᠭᠡᠶᠢᠯᠡᠯᠲᠡ ᠶᠢᠨ ᠲᠡᠭᠠᠷᠢᠯᠳᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠠᠭᠠᠷ ᠤᠨ ᠲᠡᠭᠠᠷᠢᠯᠳᠠ ᠶᠢᠨ ᠦᠷ᠎ᠡ  ᠳ᠋ᠦᠩ ᠢ ᠰᠢᠢᠳᠪᠦᠷᠢᠯᠡᠵᠦ᠂ ᠦᠢᠯᠡᠳᠪᠦᠷᠢᠯᠡᠯ ᠪᠠ ᠠᠮᠢᠳᠤᠷᠠᠯ ᠤᠨ ᠡᠮᠬᠢ ᠲᠢᠭᠯᠢᠮ ᠢ ᠰᠡᠷᠭᠦᠭᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠲᠥᠷᠥᠯ ᠤᠨ ᠲᠦᠬᠦᠭᠡᠷᠦᠮᠵᠢ ᠶᠢ ᠡᠪᠳᠡᠭᠰᠡᠨ ᠬᠠᠤᠯᠢ ᠪᠤᠰᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃     ︵ᠶᠢᠰᠦ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ︵ᠭᠠᠵᠠᠷ ᠳᠡᠭᠡᠷᠡᠬᠢ ᠪᠠᠷᠢᠯᠭ᠎ᠠ ᠲᠠᠢ ᠤᠶᠠᠯᠳᠤᠭᠤᠯᠤᠨ ᠪᠠᠶᠢᠭᠤᠯᠤᠭᠰᠠᠨ ᠲᠠᠶᠢᠨ ᠤ ᠦᠶ᠎ᠡ ᠳᠤ ᠠᠭᠠᠷ ᠤᠨ ᠰᠡᠷᠭᠡᠶᠢᠯᠡᠯᠲᠡ ᠳᠤ ᠬᠡᠷᠡᠭᠯᠡᠵᠦ ᠪᠣᠯᠬᠤ ᠭᠠᠵᠠᠷ ᠳᠣᠣᠷᠠᠬᠢ ᠭᠡᠷ ᠪᠠᠭᠲᠠᠨ᠎ᠠ︶ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠪᠥᠳᠥᠭᠡᠨ ᠪᠠᠶᠢᠭᠤᠯᠬᠤ᠂ ᠮᠡᠷᠭᠡᠵᠢᠯ ᠂ ᠲᠣᠭᠲᠠᠭᠰᠠᠨ ᠨᠤᠷᠮ᠎ᠠ᠂ ᠶᠠᠰᠤ ᠴᠢᠨᠠᠷ ᠤᠨ ᠬᠠᠮᠢᠶᠠᠷᠤᠯᠲᠠ ᠬᠢᠭᠡᠳ ᠣᠨᠳᠣᠣ ᠭᠠᠵᠠᠷ ᠪᠥᠳᠥᠭᠡᠨ ᠪᠠᠶᠢᠭᠤᠯᠬᠤ ᠵᠠᠷᠤᠳᠠᠯ ᠢ ᠬᠤᠷᠢᠶᠠᠵᠤ ᠲᠤᠰᠢᠶᠠᠬᠤ ᠠᠵᠢᠯ ᠢ ᠬᠠᠷᠢᠭᠤᠴᠠᠨ᠎ᠠ᠃  ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠤᠨᠠᠭᠠᠵᠤ ᠨᠤᠷᠠᠭᠠᠬᠤ ᠵᠠᠰᠠᠭ ᠵᠠᠬᠢᠷᠭᠠᠨ ᠤ ᠵᠥᠪᠰᠢᠶᠡᠷᠡᠯ ᠪᠠ ᠤᠨᠠᠭᠠᠵᠤ ᠨᠤᠷᠠᠭᠠᠬᠤ ᠨᠢᠭᠡᠴᠡ ᠶᠢᠨ ᠡᠭᠦᠷᠭᠡᠯᠡᠭᠰᠡᠨ ᠨᠥᠬᠦᠵᠦ ᠪᠠᠶᠢᠭᠤᠯᠬᠤ ᠪᠤᠶᠤ ᠨᠥᠬᠦᠪᠥᠷᠢ ᠵᠣᠭᠤᠰ ᠢ ᠬᠤᠷᠢᠶᠠᠬᠤ ᠠᠵᠢᠯ ᠢ ᠬᠠᠷᠢᠭᠤᠴᠠᠨ᠎ᠠ᠃ ᠬᠤᠲᠠ ᠪᠣᠯᠤᠨ ᠠᠵᠤ ᠠᠬᠤᠶ ᠶᠢᠨ ᠬᠠᠷᠠᠯᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠠᠰᠢᠭᠯᠠᠯᠲᠠ ᠶᠢ ᠬᠠᠤᠯᠢ ᠶᠣᠰᠣᠭᠠᠷ ᠠᠰᠢᠭᠯᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠲᠣᠤᠷ ᠰᠦᠯᠵᠢᠶ᠎ᠡ ᠶᠢᠨ  ᠲᠦᠬᠦᠭᠡᠷᠦᠮᠵᠢ ᠶᠢ ᠤᠭᠰᠠᠷᠠᠬᠤ᠂ ᠤᠨᠠᠭᠠᠵᠤ ᠨᠤᠷᠠᠭᠠᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠴᠢ ᠪᠥᠲᠥᠭᠡᠨ ᠪᠠᠶᠢᠭᠤᠯᠬᠤ ᠲᠥᠯᠥᠪᠯᠡᠭᠡ᠂ ᠮᠡᠷᠭᠡᠵᠢᠯ᠂ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭᠠᠨ ᠤ ᠰᠡᠷᠡᠮᠵᠢ ᠶᠢᠨ ᠲᠤᠬᠢᠶ᠎ᠠ ᠶᠢᠨ ᠰᠢᠭᠤᠳ ᠰᠢᠯᠤᠭᠤᠨ ᠢ ᠪᠠᠲᠤᠯᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠷᠠᠳᠢᠣ᠋ ᠬᠤᠯᠪᠣᠭᠠᠨ ᠤ ᠬᠠᠮᠢᠶᠠᠷᠤᠨ ᠡᠵᠡᠮᠳᠡᠬᠦ ᠤᠬᠠᠭᠤᠯᠭ᠎ᠠ ᠬᠥᠮᠦᠵᠢᠯ ᠢ ᠬᠡᠷᠡᠭᠵᠢᠭᠦᠯᠦᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠦᠮᠴᠢᠯᠡᠯᠳᠤ ᠡᠳ᠋ ᠬᠥᠷᠥᠩᠭᠡ ᠪᠠ ᠠᠷᠠᠳ ᠤᠨ ᠰᠡᠷᠭᠡᠶᠢᠯᠡᠯᠲᠡ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠠᠷᠪᠠ︶ ᠭᠡᠷ ᠬᠥᠷᠥᠩᠭᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠳᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠤᠯᠠᠨ ᠪᠡᠶᠡᠴᠢ ᠴᠣᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠰᠢᠰᠲ᠋ᠧᠮ ᠢ ᠪᠠᠶᠢᠭᠤᠯᠵᠤ᠂ ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢ ᠵᠢᠯᠤᠭᠤᠳᠤᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ᠂ ᠡᠵᠡᠩᠨᠡᠬᠦ ᠪᠠ ᠭᠡᠷ ᠪᠠᠶᠢᠰᠢᠩ ᠢ ᠲᠠᠸᠠᠷᠴᠢᠯᠠᠬᠤ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠤᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ  ᠠᠰᠢᠭᠯᠠᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠬᠤ᠂ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ ᠬᠠᠮᠢᠶᠠᠷᠤᠯᠲᠠ ᠶᠢᠨ ᠣᠷᠣᠨ ᠰᠠᠭᠤᠴᠠ᠂ ᠪᠠᠭ᠎ᠠ ᠲᠣᠭᠤᠷᠢᠭ ᠪᠠ ᠰᠢᠭᠤᠳ ᠬᠠᠮᠢᠶᠠᠷᠬᠤ ᠨᠡᠶᠢᠲᠡ ᠶᠢᠨ ᠬᠡᠷ ᠪᠠᠶᠢᠰᠢᠩ ᠢ ᠬᠠᠷᠢᠭᠤᠴᠠᠵᠤ᠂ ᠨᠡᠶᠢᠲᠡ ᠶᠢᠨ ᠬᠡᠷ ᠪᠠᠶᠢᠰᠢᠩ ᠢ ᠪᠠᠶᠢᠭᠤᠯᠵᠤ ᠳᠠᠭᠤᠰᠤᠭᠰᠠᠨ ᠤ ᠳᠠᠷᠠᠭᠠᠬᠢ ᠠᠳᠠᠯ ᠠᠬᠤᠶ ᠶᠢᠨ ᠬᠠᠮᠢᠶᠠᠷᠤᠯᠲᠠ ᠶᠢ ᠭᠥᠯᠢᠶᠡᠨ ᠠᠪᠴᠤ ᠬᠠᠮᠢᠶᠠᠷᠤᠨ᠎ᠠ᠃ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠮᠢᠶᠠᠷᠤᠯᠲᠠ᠂ ᠬᠡᠷ ᠪᠠᠶᠢᠰᠢᠩ ᠤᠨ ᠲᠠᠯᠠᠪᠠᠶ ᠶᠢᠨ ᠬᠠᠮᠢᠶᠠᠷᠤᠯᠲᠠ᠂ ᠬᠡᠷ ᠪᠠᠶᠢᠰᠢᠩ ᠤᠨ ᠳᠡᠩᠰᠡᠯᠡᠯᠲᠡ᠂ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠬᠦ ᠠᠵᠢᠯ ᠢ ᠬᠠᠷᠢᠭᠤᠴᠠᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠬᠤ᠂ ᠬᠡᠷ ᠪᠠᠶᠢᠰᠢᠩ ᠠᠷᠠᠯᠵᠢᠶᠠᠯᠠᠬᠤ᠂ ᠲᠦᠷᠢᠶᠡᠰᠦᠯᠡᠬᠦ᠂ ᠬᠠᠭᠤᠴᠢᠨ ᠬᠤᠲᠠ ᠶᠢ ᠥᠭᠡᠷᠡᠴᠢᠯᠡᠬᠦ᠂ ᠬᠢᠮᠳᠠ ᠣᠷᠣᠨ ᠰᠠᠭᠤᠴᠠ ᠶᠢᠨ ᠢᠨᠵᠧᠨᠧᠷᠢᠩ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠶᠢ ᠵᠢᠱᠢᠬᠦ ᠪᠠ ᠵᠠᠭᠤᠴᠢᠯᠠᠬᠤ ᠬᠠᠮᠢᠶᠠᠷᠤᠯᠲᠠ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠦᠳᠡᠭᠡ ᠲᠤᠰᠬᠤᠨ ᠤ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢ ᠵᠢᠯᠣᠭᠤᠳᠴᠤ᠂ ᠪᠠᠯᠭᠠᠰᠤ  ᠭᠠᠴᠠᠭ᠎ᠠ ᠲᠤᠰᠬᠤᠨ ᠤ ᠪᠦᠳᠦᠭᠡᠨ ᠪᠠᠶᠢᠭᠤᠯᠤᠯᠲᠠ ᠶᠢᠨ ᠰᠠᠨᠠᠯ ᠪᠠ ᠰᠠᠨᠠᠭᠤᠯᠭ᠎ᠠ ᠶᠢ ᠲᠤᠭᠤᠷᠪᠢᠨ ᠲᠣᠭᠲᠠᠭᠠᠨ᠎ᠠ︔ ᠪᠠᠯᠭᠠᠰᠤ ᠭᠠᠴᠠᠭ᠎ᠠ ᠲᠤᠰᠬᠤᠨ ᠤ ᠪᠦᠳᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠵᠢᠯᠤᠭᠤᠳᠤᠨ᠎ᠠ᠃     ︵ᠠᠷᠪᠠᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠳᠠᠭᠠᠭᠠᠨ ᠭᠦᠢᠴᠡᠳᠬᠡᠨ᠎ᠡ᠃  
 
ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号