ᠤᠯᠠᠭᠠᠨᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2021/7/13
    ᠪᠠᠶᠢᠭᠤᠯᠤᠮᠵᠢ ᠶᠢᠨ ᠡᠭᠦᠷᠭᠡ ᠴᠢᠳᠠᠪᠤᠷᠢ᠄     ︵ᠨᠢᠭᠡ︶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶ᠎ᠠ ᠶᠢᠨ ᠵᠢᠷᠤᠮᠵᠢᠯ᠂ ᠲᠥᠬᠦᠷ ᠲᠦᠷᠢᠮ ᠵᠢᠴᠢ ᠬᠠᠮᠢᠶ᠎ᠠ ᠪᠥᠬᠦᠶ  ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠬᠤᠶᠠᠷ︶ ᠤᠯᠠᠭᠠᠨᠬᠤᠲᠠ ᠶᠢᠨ ᠲᠡᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠬᠤ ᠶᠢᠨ ᠬᠠᠮᠲᠤ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠵᠠᠰᠠᠭ ᠤᠨ ᠣᠷᠳᠣᠨ ᠤ ᠰᠤᠷᠠᠭ ᠵᠠᠩᠭᠢ ᠶᠢ ᠢᠯᠡ ᠪᠣᠯᠭᠠᠬᠤ᠂ ᠵᠠᠰᠠᠭ ᠵᠠᠬᠢᠷᠭᠠᠨ ᠤ ᠡᠷᠬᠡ ᠶᠢ ᠢᠯᠡ ᠪᠣᠯᠭᠠᠬᠤ ᠶᠢ ᠵᠢᠷᠤᠮᠵᠢᠭᠤᠯᠤᠨ ᠠᠵᠢᠯᠯᠠᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠤᠯᠠᠭᠠᠨᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠦᠢᠯᠡᠴᠢᠯᠡᠭᠡᠨ ᠤ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃     ︵ᠭᠤᠷᠪᠠ︶ ᠤᠯᠠᠭᠠᠨᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠠᠭᠠᠨᠬᠤᠲᠠ ᠶᠢᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ ᠬᠡᠷᠡᠭᠵᠢᠭᠦᠯᠦᠨ᠎ᠡ᠃ ᠤᠯᠠᠭᠠᠨᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠤᠯᠠᠭᠠᠨᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠠᠭᠤᠯᠭ᠎ᠠ ᠶᠢᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠤᠯᠠᠭᠠᠨᠬᠤᠲᠠ ᠶᠢᠨ ᠵᠠᠰᠠᠭ ᠤᠨ ᠣᠷᠳᠣᠨ ᠤ ᠲᠣᠤᠷ ᠰᠦᠯᠵᠢᠶ᠎ᠡ ᠬᠢᠭᠡᠳ ᠬᠢᠩᠭᠠᠨ ᠠᠶᠢᠮᠠᠭ ᠤᠨ ᠲᠣᠤᠷ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠳᠥᠷᠪᠡ︶ ᠤᠯᠠᠭᠠᠨᠬᠤᠲᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠤᠨ᠎ᠠ᠃     ︵ᠲᠠᠪᠤ︶ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠢᠮ ᠲᠣᠭᠲᠠᠭᠠᠯ ᠤᠨ ᠲᠥᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ  ᠶᠢ ᠴᠣᠮᠬᠠᠳᠬᠠᠨ ᠰᠢᠯᠢᠳᠡᠭᠵᠢᠭᠦᠯᠵᠦ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠥᠷᠨᠢᠭᠦᠯᠬᠦ ᠶᠢ ᠬᠠᠷᠢᠭᠤᠴᠠᠨ᠎ᠠ᠃     ︵ᠵᠢᠷᠭᠤᠭ᠎ᠠ︶ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠣᠨ ᠤ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠯᠠᠪᠯᠠᠭ᠎ᠠ᠂  ᠵᠠᠷᠭᠤ ᠵᠠᠭᠠᠯᠳᠤᠯᠭ᠎ᠠ᠂ ᠰᠠᠨᠠᠭᠤᠯᠭ᠎ᠠ ᠶᠢᠨ ᠠᠵᠢᠯ ᠢ ᠭᠥᠯᠢᠶᠡᠨ ᠠᠪᠴᠤ ᠰᠢᠢᠳᠪᠦᠷᠢᠯᠡᠨ᠎ᠡ᠃ ︵ᠳᠣᠯᠤᠭ᠎ᠠ︶ ᠤᠯᠠᠭᠠᠨᠬᠤᠲᠠ ᠶᠢᠨ ᠲᠡᠰ ᠤᠨ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠢᠨᠠᠯᠲᠠ ᠲᠠᠯᠪᠢᠵᠤ ᠬᠠᠮᠢᠶᠠᠷᠤᠨ᠎ᠠ᠃     ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠲᠠᠭᠠᠭᠠᠯᠭᠠᠬᠰᠠᠨ ᠪᠤᠰᠤᠳ ᠡᠬᠦᠷᠭᠡ ᠶᠢ ᠪᠡᠶᠡᠯᠡᠬᠦᠯᠦᠨ᠎ᠡ᠃
 
ᠢᠷᠡᠯᠲᠡ᠄ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号