ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠤᠯᠠᠭᠠᠨᠬᠤᠲᠠ ᠶᠢᠨ ᠬᠤᠪᠢᠶᠠᠷᠢ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠤᠣᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ᠂ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠶ ᠣᠷᠴᠢᠨ ᠲᠣᠭᠤᠷᠢᠨ  ᠤ ᠲᠥᠯᠥᠪᠵᠢᠭᠦᠯᠭᠡ ᠪᠠ ᠤᠰᠤᠨ ᠤ ᠴᠢᠳᠠᠮᠵᠢᠳᠤ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠬᠤᠶᠠᠷ︶ ᠪᠥᠬᠦ ᠬᠤᠲᠠ ᠶᠢᠨ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠨᠢᠭᠡᠳᠦᠯᠲᠡᠶ ᠲᠥᠯᠥᠪᠯᠡᠨ ᠵᠣᠬᠢᠴᠠᠭᠤᠯᠤᠭᠰᠠᠨ ᠪᠠᠶᠢᠳᠠᠯ ᠳᠣᠤᠷ᠎ᠠ᠂ ᠬᠦᠨᠳᠦ ᠣᠨᠴᠠ ᠶᠡᠭᠡ ᠭᠡᠨᠡᠳᠲᠡ ᠡᠭᠦᠰᠦᠭᠰᠡᠨ ᠠᠮᠢ ᠠᠬᠤᠶ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠰᠢᠢᠳᠪᠦᠷᠢᠯᠡᠨ᠎ᠡ᠃     ︵ᠭᠤᠷᠪᠠ︶ ᠪᠥᠬᠦ ᠬᠤᠲᠠ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠡᠷᠡᠭᠵᠢᠭᠦᠯᠵᠦ ᠪᠠᠶᠢᠭ᠎ᠠ ᠠᠭᠠᠷ ᠮᠠᠨᠳᠠᠯ᠂ ᠤᠰᠤ ᠶᠢ ᠪᠣᠬᠢᠷᠲᠤᠭᠤᠯᠬᠤ ᠪᠣᠳᠠᠰ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠵᠤ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃     ︵ᠳᠥᠷᠪᠡ︶ ᠪᠥᠬᠦ ᠬᠤᠲᠠ ᠶᠢᠨ ᠣᠷᠴᠢᠯ ᠠᠵᠤ ᠠᠬᠤᠶ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠬᠤ ᠳᠤ ᠣᠷᠣᠯᠴᠠᠨ᠎ᠠ᠃     ︵ᠲᠠᠪᠤ︶ ᠪᠥᠬᠦ ᠬᠤᠲᠠ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠲᠣᠭᠲᠠᠭᠠᠭᠰᠠᠨ ᠪᠥᠬᠦ ᠠᠶᠢᠮᠠᠭ ᠤᠨ ᠡᠯ᠎ᠡ ᠲᠥᠷᠥᠯ ᠤᠨ ᠣᠷᠴᠢᠨ ᠲᠣᠭᠤᠷᠢᠨ ᠤ ᠴᠢᠬᠤᠯᠠ ᠬᠦᠴᠦᠨ ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ ᠤᠨ ᠠᠷᠭ᠎ᠠ ᠬᠡᠮᠵᠢᠶ᠎ᠡ ᠶᠣᠰᠣᠭᠠᠷ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠶ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠴᠤ᠂ ᠬᠤᠳᠠ ᠬᠥᠳᠡᠭᠡ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠬᠢᠨᠠᠨ ᠵᠢᠯᠣᠭᠤᠳᠴᠤ᠂ ᠬᠤᠳᠠ ᠬᠥᠳᠡᠭᠡ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃ ᠠᠭᠠᠷ ᠮᠠᠨᠳᠠᠯ᠂ ᠲᠠᠭᠤ ᠱᠤᠤᠭᠢᠶᠠᠨ᠂ ᠤᠰᠤᠨ ᠤ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃     ︵ᠵᠢᠷᠭᠤᠭ᠎ᠠ︶ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠨ ᠰᠡᠷᠭᠦᠭᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠ ᠲᠡᠭᠦᠨ ᠳᠤ ᠬᠢᠨᠠᠯᠲᠠ ᠲᠠᠯᠪᠢᠨ᠎ᠠ᠃ ᠠᠮᠢ ᠠᠬᠤᠶ ᠣᠷᠴᠢᠨ ᠲᠣᠭᠤᠷᠢᠨ ᠳᠤ ᠨᠥᠯᠥᠭᠡ ᠲᠠᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯᠯᠠᠭ᠎ᠠ᠂ ᠴᠢᠬᠤᠯᠠ ᠠᠮᠢ ᠠᠬᠤᠶ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠪᠠ ᠠᠮᠢ ᠠᠬᠤᠶ ᠶᠢᠨ ᠡᠪᠳᠡᠭᠰᠡᠨ ᠢ ᠰᠡᠷᠭᠦᠭᠡᠬᠦ ᠠᠵᠢᠯ ᠳᠤ ᠬᠢᠨᠠᠯᠲᠠ ᠲᠠᠯᠪᠢᠨ᠎ᠠ᠃ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠂ ᠨᠤᠭᠤ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠵᠢᠯ ᠳᠤ ᠬᠢᠨᠠᠯᠲᠠ ᠲᠠᠯᠪᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠬᠢᠨᠠᠯᠲᠠ ᠲᠠᠯᠪᠢᠨ ᠬᠠᠮᠢᠶᠠᠷᠴᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢᠯᠡᠬᠦ ᠠᠵᠢᠯ ᠳᠤ ᠣᠷᠣᠯᠴᠠᠨ᠎ᠠ᠃     ︵ᠳᠣᠯᠤᠭ᠎ᠠ︶ ᠪᠥᠬᠦ ᠬᠤᠲᠠ ᠶᠢᠨ ᠬᠥᠷᠥᠰᠥ ᠰᠢᠷᠣᠶ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠢᠮᠢ ᠶᠢᠨ ᠪᠣᠳᠠᠰ᠂ ᠬᠦᠨᠳᠦ ᠲᠡᠮᠦᠷᠯᠢᠭ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃     ︵ᠨᠠᠢᠮᠠ︶ ᠴᠥᠮ᠎ᠡ ᠪᠣᠯᠤᠨ ᠰᠠᠴᠤᠷᠠᠭ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠤ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠴᠥᠮ᠎ᠡ ᠶᠢᠨ ᠡ᠊ᠡᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠣᠷᠣᠯᠴᠠᠵᠤ᠂ ᠰᠠᠴᠤᠷᠠᠭ ᠤᠨ ᠣᠷᠴᠢᠨ ᠲᠣᠭᠤᠷᠢᠨ ᠤ ᠪᠠᠷᠢᠯᠭ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠴᠥᠮ᠎ᠡ ᠶᠢᠨ ᠲᠥᠬᠦᠭᠡᠷᠦᠮᠵᠢ ᠪᠠ ᠰᠠᠴᠤᠷᠠᠭ ᠡᠭᠦᠰᠭᠡᠭᠴᠢ ᠶᠢᠨ ᠠᠮᠤᠷ ᠲᠥᠪᠰᠢᠨ ᠢ ᠬᠢᠨᠠᠨ ᠬᠠᠮᠢᠶᠠᠷᠴᠤ᠂ ᠴᠥᠮ᠎ᠡ ᠶᠢᠨ ᠲᠥᠬᠦᠭᠡᠷᠦᠮᠵᠢ᠂ ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ᠂ ᠴᠠᠬᠢᠯᠭᠠᠨ ᠰᠣᠷᠢᠨᠵᠢᠨ ᠰᠠᠴᠤᠷᠠᠭ᠂ ᠰᠠᠴᠤᠷᠠᠭ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠶᠠᠪᠤᠳᠠᠯ ᠢ ᠬᠢᠨᠠᠨ ᠬᠠᠮᠢᠶᠠᠷᠤᠨ᠎ᠠ᠃     ︵ᠶᠢᠰᠦ︶ ᠠᠮᠢ ᠠᠬᠤᠶ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠲᠤᠭᠤᠷᠪᠢᠭᠰᠠᠨ ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠶᠢ ᠦᠨᠳᠦᠰᠦᠯᠡᠨ᠂ ᠲᠣᠭᠲᠠᠭᠠᠯ ᠶᠣᠰᠣᠭᠠᠷ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠪᠤᠶᠤ ᠬᠢᠨᠠᠨ ᠪᠠᠶᠢᠴᠠᠭᠠᠨ᠎ᠠ᠃     ︵ᠠᠷᠪᠠ︶ ᠠᠮᠢ ᠠᠬᠤᠶ ᠣᠷᠴᠢᠨ ᠲᠣᠭᠤᠷᠢᠨ ᠤ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠠᠮᠢ ᠠᠬᠤᠶ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠦᠷᠢᠮ᠂ ᠪᠠᠷᠢᠮᠵᠢᠶ᠎ᠠ ᠪᠠ ᠵᠢᠷᠤᠮᠵᠢᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠪᠣᠬᠢᠷᠲᠤᠯ ᠤᠨ ᠡᠬᠢ ᠰᠤᠷᠪᠤᠯᠵᠢ ᠳᠤ ᠬᠢᠨᠠᠯᠲᠠ ᠲᠠᠯᠪᠢᠬᠤ ᠴᠢᠨᠠᠷᠲᠠᠶ ᠬᠢᠨᠠᠨ ᠬᠡᠮᠵᠢᠯᠲᠡ᠂ ᠣᠷᠴᠢᠨ ᠠᠬᠤᠶ ᠶᠢᠨ ᠬᠢᠨᠠᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠠᠷᠪᠠᠨ ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠥᠬᠦᠶ ᠠᠵᠢᠯ ᠢ ᠨᠠᠶᠢᠳᠠᠪᠤᠷᠢᠵᠢᠭᠤᠯᠤᠨ᠎ᠠ᠃     ︵ᠠᠷᠪᠠᠨ ᠬᠤᠶᠠᠷ︶ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ ᠬᠠᠮᠢᠶ᠎ᠠ ᠪᠥᠬᠦᠶ ᠠᠵᠢᠯ ᠢ ᠨᠠᠶᠢᠳᠠᠪᠤᠷᠢᠵᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠢᠶ᠎ᠠ ᠪᠥᠬᠦᠶ ᠵᠢᠷᠤᠮᠵᠢᠭᠰᠠᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠡᠮᠬᠢᠳᠬᠡᠨ ᠨᠠᠶᠢᠷᠠᠭᠤᠯᠬᠤ ᠠᠵᠢᠯ ᠢ ᠬᠠᠷᠢᠭᠤᠴᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠵᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠬᠦᠯᠢᠶᠡᠬᠦ᠂ ᠬᠡᠷᠡᠭ ᠢ ᠰᠢᠯᠵᠢᠭᠦᠯᠦᠨ ᠲᠤᠰᠢᠶᠠᠵᠤ ᠰᠢᠯᠵᠢᠭᠦᠯᠦᠨ ᠬᠦᠷᠭᠡᠬᠦ᠂ ᠠᠮᠢ ᠠᠬᠤᠶ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠥᠭᠬᠦ ᠵᠡᠷᠭᠡ ᠠᠵᠢᠯ ᠢ ᠡᠭᠦᠷᠭᠡᠯᠡᠨ᠎ᠡ᠃     ︵ᠠᠷᠪᠠᠨ ᠭᠤᠷᠪᠠ︶ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠵᠣᠬᠢᠴᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠯᠠᠨ ᠨᠡᠶᠢᠲᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠶᠢ ᠠᠬᠢᠭᠤᠯᠤᠨ᠎ᠠ᠃     ︵ᠠᠷᠪᠠᠨ ᠳᠥᠷᠪᠡ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠠᠴᠠ ᠲᠤᠰᠢᠶᠠᠭᠰᠠᠨ ᠪᠤᠰᠤᠳ ᠵᠦᠢᠯᠡᠰ ᠢ ᠪᠡᠶᠡᠯᠡᠭᠦᠯᠦᠨ᠎ᠡ᠃  
 
ᠢᠷᠡᠯᠲᠡ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号