ᠤᠯᠠᠭᠠᠨᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/13
    ᠭᠤᠣᠯ ᠡᠭᠦᠷᠭᠡ ᠲᠤᠰᠢᠶᠠᠯ᠄     ︵ᠨᠢᠭᠡ︶ ᠪᠦᠬᠦ ᠠᠷᠠᠳ ᠤᠨ ᠥᠮᠴᠢᠯᠡᠬᠦ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ ᠨᠤᠲᠤᠭ ᠪᠡᠯᠴᠢᠭᠡᠷ᠂  ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠵᠦᠶ ᠵᠣᠬᠢᠰᠲᠠᠶ ᠠᠰᠢᠭᠯᠠᠬᠤ ᠲᠥᠯᠥᠪᠵᠢᠭᠦᠯᠭᠡ ᠪᠠ ᠬᠡᠮᠵᠢᠨ ᠵᠢᠷᠤᠬᠤ ᠵᠠᠰᠠᠭ ᠵᠠᠬᠢᠷᠭᠠᠨ ᠤ ᠬᠠᠮᠢᠶᠠᠷᠤᠯᠲᠠ ᠵᠡᠷᠭᠡ ᠣᠷᠣᠨ ᠨᠤᠲᠤᠭ ᠤᠨ ᠴᠢᠨᠠᠷᠲᠠᠶ ᠲᠥᠷᠥ ᠶᠢᠨ ᠪᠣᠳᠣᠯᠭ᠎ᠠ᠂ ᠠᠷᠭ᠎ᠠ ᠶᠢᠨ ᠲᠥᠰᠦᠯ ᠢ ᠲᠤᠭᠤᠷᠪᠢᠨ ᠲᠣᠭᠲᠠᠭᠠᠨ᠎ᠠ᠃     ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠭᠦᠢᠴᠡᠳᠬᠡᠬᠦ ᠲᠤᠭ᠎ᠠ ᠶᠢᠨ ᠰᠢᠰᠲ᠋ᠧᠮ ᠪᠣᠯᠤᠨ ᠪᠦᠷᠢᠳᠬᠡᠬᠦ ᠪᠠᠷᠢᠮᠵᠢᠶ᠎ᠠ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠨᠢᠭᠡᠳᠦᠯᠲᠡᠶ ᠵᠢᠷᠤᠮᠵᠢᠭᠰᠠᠨ ᠲᠥᠷᠢᠮ ᠢ ᠪᠠᠶᠢᠭᠤᠯᠤᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠶ ᠲᠥᠷᠥᠯ ᠤᠨ ᠪᠠᠶᠢᠴᠠᠭᠠᠯᠲᠠ ᠪᠠ ᠬᠥᠳᠡᠯᠦᠩᠭᠦᠶ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠤᠨ ᠬᠠᠮᠢᠶᠠᠷᠤᠯᠲᠠ ᠪᠠ  ᠰᠤᠷᠠᠭ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃     ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠵᠤ ᠳᠠᠩᠰᠠᠯᠠᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠶ ᠨᠤᠲᠠᠯᠠᠨ ᠳᠡᠩᠰᠡᠯᠡᠵᠦ ᠲᠡᠮᠳᠡᠭᠯᠡᠬᠦ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠲᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ  ᠰᠤᠷᠠᠭ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠶᠢ ᠬᠠᠷᠢᠭᠤᠴᠠᠵᠤ᠂ ᠨᠡᠶᠢᠭᠡᠮ ᠤᠨ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃     ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦᠯᠬᠦ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠦᠬᠦ ᠠᠷᠠᠳ ᠤᠨ  ᠥᠮᠴᠢᠯᠡᠬᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠪᠦᠷᠢᠳᠬᠡᠬᠦ ᠲᠦᠷᠢᠮ ᠶᠣᠰᠣᠭᠠᠷ᠂ ᠪᠥᠬᠦ ᠬᠤᠲᠠ ᠶᠢᠨ ᠠᠷᠠᠳ ᠤᠨ ᠥᠮᠴᠢᠯᠡᠬᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠥᠷᠢ ᠪᠥᠬᠦ ᠬᠤᠲᠠ ᠶᠢᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠬᠦ᠂ ᠬᠠᠩᠰᠢᠯᠠᠨ ᠪᠠᠯᠠ ᠭᠠᠷᠭᠠᠬᠤ ᠪᠠ ᠭᠠᠵᠠᠷ ᠰᠢᠷᠣᠶ ᠶᠢ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠵᠦᠶ ᠵᠣᠬᠢᠰᠲᠠᠶ ᠳᠣᠭᠢᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠠᠰᠢᠭ  ᠤᠯᠵᠠᠪᠦᠷᠢ ᠶᠢ ᠬᠠᠤᠯᠢ ᠶᠤᠰᠤᠭᠠᠷ ᠬᠤᠷᠢᠶᠠᠵᠦ ᠠᠪᠤᠨ᠎ᠠ᠃     ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠢᠯᠡ ᠨᠡᠶᠢᠲᠡᠯᠡᠬᠦ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ  ᠰᠢᠰᠲ᠋ᠧᠮ ᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠲᠠᠰ ᠬᠤᠪᠢᠶᠠᠨ ᠲᠠᠰ ᠲᠣᠭᠲᠠᠭᠠᠬᠤ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠬᠦ  ᠰᠢᠰᠲ᠋ᠧᠮ ᠢ ᠥᠷᠨᠢᠭᠦᠯᠦᠨ᠂ ᠠᠷᠪᠢᠲᠠᠶ ᠡᠷᠴᠢᠮᠯᠢᠭ ᠠᠰᠢᠭᠯᠠᠬᠤ ᠶᠢ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠤᠯᠤᠰ ᠠᠴᠠ ᠭᠠᠵᠠᠷ ᠬᠠᠩᠭᠠᠬᠤ ᠶᠢ ᠴᠠᠭᠠᠵᠠᠯᠠᠬᠤ ᠪᠠ ᠬᠢᠵᠠᠭᠠᠷᠯᠠᠬᠤ ᠭᠠᠷᠴᠠᠭ᠂ ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ ᠤᠨ ᠭᠠᠷᠴᠠᠭ ᠵᠡᠷᠭᠡ ᠶᠢ ᠬᠡᠷᠡᠭᠵᠢᠭᠦᠯᠦᠨ᠎ᠡ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠤᠯ ᠡᠵᠡᠮᠳᠡᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠠᠪᠴᠢᠯ ᠢ ᠵᠤᠬᠢᠶᠠᠨ ᠪᠠᠶᠢᠭᠤᠯᠵᠦ ᠰᠤᠳᠤᠯᠤᠨ᠎ᠠ᠃     ︵ᠵᠢᠷᠭᠤᠭ᠎ᠠ︶ ᠣᠷᠣᠨ ᠵᠠᠶ ᠶᠢᠨ ᠲᠥᠯᠥᠪᠵᠢᠭᠦᠯᠭᠡ ᠶᠢᠨ  ᠰᠢᠰᠲ᠋ᠧᠮ ᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠡᠶᠡᠴᠢ ᠴᠣᠭᠴᠠ ᠶᠢᠨ ᠴᠢᠳᠠᠮᠵᠢᠳᠦ ᠣᠷᠣᠨ ᠤ ᠪᠠᠶᠢᠯᠳᠤᠬᠤ ᠪᠤᠳᠤᠯᠭ᠎ᠠ ᠪᠠ ᠲᠦᠷᠢᠮ ᠢ ᠲᠦᠯᠬᠢᠨ ᠠᠬᠢᠭᠤᠯᠵᠤ᠂ ᠪᠦᠬᠦ ᠬᠤᠳᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠂ ᠭᠠᠵᠠᠷ ᠰᠢᠷᠣᠶ ᠶᠢ ᠡᠮᠬᠢᠯᠡᠨ ᠲᠢᠭᠯᠡᠵᠦ ᠲᠠᠬᠢᠨ ᠬᠠᠭᠠᠯᠪᠤᠷᠢᠯᠠᠵᠤ ᠨᠡᠭᠡᠭᠡᠨ ᠠᠰᠢᠭᠯᠠᠬᠤ ᠲᠥᠯᠥᠪᠵᠢᠭᠦᠯᠭᠡ᠂ ᠬᠤᠳᠠ ᠬᠥᠳᠡᠭᠡ ᠶᠢᠨ ᠲᠥᠯᠥᠪᠵᠢᠭᠦᠯᠭᠡ ᠵᠡᠷᠭᠡ ᠬᠤᠯᠪᠣᠭᠳᠠᠯ ᠪᠦᠬᠦᠢ ᠲᠤᠰᠬᠠᠶ ᠵᠦᠢᠯᠡᠰ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠨᠡᠭᠡᠭᠡᠨ ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠰᠠᠭᠤᠷᠢ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠢ ᠪᠠᠶᠢᠭᠤᠯᠤᠨ᠎ᠠ᠃ ᠪᠦᠬᠦ ᠬᠤᠳᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠪᠠᠷᠢᠯᠭ᠎ᠠ ᠶᠢᠨ ᠲᠥᠰᠦᠯ ᠢ ᠬᠢᠨᠠᠨ ᠲᠣᠭᠲᠠᠭᠠᠬᠤ ᠠᠵᠢᠯ ᠪᠣᠯᠤᠨ ᠪᠦᠬᠦ ᠬᠤᠲᠠ ᠶᠢᠨ ᠭᠠᠴᠠᠭ᠎ᠠ ᠲᠣᠰᠬᠤᠨ ᠪᠠᠯᠭᠠᠰᠤ ᠶᠢᠨ ᠲᠥᠯᠥᠪᠵᠢᠭᠦᠯᠭᠡ ᠶᠢᠨ ᠪᠠᠷᠢᠯᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠠᠵᠠᠷ ᠰᠢᠷᠣᠶ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠭᠠᠵᠠᠷ ᠰᠢᠷᠣᠶ ᠵᠡᠷᠭᠡ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃     ︵ᠳᠣᠯᠤᠭ᠎ᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢᠨ ᠰᠡᠷᠭᠦᠭᠡᠯᠲᠡ ᠶᠢ ᠨᠢᠭᠡᠳᠦᠯᠲᠡᠶ ᠪᠦᠬᠦ ᠬᠤᠳᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠠᠮᠢ ᠠᠬᠤᠶ ᠶᠢ ᠰᠡᠷᠭᠦᠭᠡᠬᠦ ᠬᠤᠯᠪᠣᠭᠳᠠᠯ ᠪᠦᠬᠦᠢ ᠴᠢᠬᠤᠯᠠ ᠶᠡᠭᠡ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠶ ᠠᠰᠢᠭᠯᠠᠨ ᠠᠮᠢ ᠠᠬᠤᠶ ᠶᠢ ᠰᠡᠷᠭᠦᠭᠡᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠴᠢᠬᠤᠯᠠ ᠶᠡᠭᠡ ᠰᠣᠩᠭᠤᠭᠤᠯᠢ ᠳᠤ ᠪᠡᠯᠡᠳᠬᠡᠬᠦ ᠵᠦᠢᠯᠡᠰ ᠢ ᠳᠤᠷᠠᠳᠤᠨ ᠭᠠᠷᠭᠠᠨ᠎ᠠ᠃     ︵ᠨᠠᠢᠮᠠ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠪᠥᠬᠦ ᠬᠤᠲᠠ ᠶᠢᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠶᠢᠨ ᠬᠠᠮᠠᠭᠠᠯᠠᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠥᠷᠢ ᠥᠭᠬᠦ ᠲᠦᠷᠢᠮ ᠢ  ᠲᠤᠭᠤᠰᠢᠯᠠᠭᠤᠯᠤᠨ ᠬᠡᠷᠡᠭᠵᠢᠭᠦᠯᠦᠨ᠎ᠡ᠃     ︵ᠶᠢᠰᠦ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠠ ᠭᠠᠵᠠᠷ ᠰᠢᠨᠵᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠪᠦᠬᠦ ᠬᠤᠳᠠ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠦᠬᠦ ᠬᠤᠳᠠ ᠶᠢᠨ ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠬᠤ ᠪᠥᠬᠦ ᠬᠤᠲᠠ ᠶᠢᠨ ᠭᠠᠵᠠᠷ ᠤᠨ ᠭᠠᠶ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ᠂ ᠭᠠᠵᠠᠷ ᠳᠣᠤᠷᠠᠬᠢ ᠤᠰᠤ ᠶᠢ ᠬᠡᠲᠦ ᠶᠡᠭᠡ ᠨᠡᠭᠡᠭᠡᠨ  ᠠᠰᠢᠬᠯᠠᠬᠤ ᠵᠢᠴᠢ ᠭᠠᠵᠠᠷ ᠤᠨ ᠭᠠᠳᠠᠷᠭᠤ ᠳᠣᠷᠣᠭᠰᠢ  ᠰᠠᠭᠤᠬᠤ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃ ᠪᠦᠬᠦ ᠬᠤᠲᠠ ᠶᠢᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃     ︵ᠠᠷᠪᠠ︶ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ  ᠪᠠᠭᠠᠰᠬᠠᠬᠤ ᠶᠡᠷᠦᠩᠭᠡᠢ ᠲᠥᠯᠥᠪᠵᠢᠭᠦᠯᠭᠡ ᠶᠢᠨ ᠬᠠᠮᠢᠶ᠎ᠠ ᠪᠥᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠥᠬᠦ ᠬᠤᠳᠠ ᠶᠢᠨ ᠭᠠᠵᠠᠷ ᠰᠢᠨᠵᠢᠯᠡᠬᠡᠨ ᠤ ᠭᠠᠮᠰᠢᠭ   ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠭᠠᠵᠠᠷ ᠰᠢᠨᠵᠢᠯᠡᠬᠡᠨ ᠤ ᠭᠠᠶ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠭᠠᠵᠠᠷ  ᠰᠢᠨᠵᠢᠯᠡᠬᠡᠨ ᠤ ᠭᠠᠶ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠲᠠ ᠶᠢᠨ ᠭᠠᠵᠠᠷ ᠰᠢᠨᠵᠢᠯᠡᠬᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃     ︵ᠠᠷᠪᠠᠨ ᠨᠢᠭᠡ︶ ᠠᠭᠤᠷᠬᠠᠶ   ᠶᠢᠨ ᠭᠠᠷᠤᠯᠲᠠ ᠶᠢᠨ ᠡᠬᠢ ᠪᠠᠶᠠᠯᠢᠭ   ᠤᠨ ᠬᠠᠮᠢᠶᠠᠷᠤᠯᠲᠠ ᠶᠢᠨ ᠠᠵᠢᠯ   ᠢ ᠬᠠᠷᠢᠭᠤᠴᠠᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠢᠴᠢ ᠳᠠᠷᠤᠵᠤ ᠪᠦᠷᠬᠦᠭᠰᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠠᠶᠢᠴᠠᠭᠠᠨ ᠯᠠᠪᠯᠠᠬᠤ ᠪᠠ ᠪᠥᠬᠦ ᠬᠤᠲᠠ ᠶᠢᠨ ᠠᠭᠤᠷᠬᠠᠶ ᠶᠢᠨ ᠦᠢᠯᠡᠰ ᠤᠨ ᠡᠷᠬᠡ ᠶᠢᠨ ᠬᠢᠨᠠᠯᠲᠠ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠠᠭᠰᠠᠨ ᠠᠭᠤᠷᠬᠠᠶ ᠶᠢᠨ ᠲᠥᠷᠥᠯ ᠵᠦᠢᠯ᠂ ᠳᠠᠪᠠᠭᠤᠯᠢᠭ ᠠᠭᠤᠷᠬᠠᠶ ᠶᠢᠨ ᠭᠠᠷᠤᠯᠲᠠ ᠶᠢ ᠲᠣᠬᠢᠷᠠᠭᠤᠯᠤᠨ ᠡᠵᠡᠮᠳᠡᠬᠦ ᠵᠢᠴᠢ ᠬᠤᠯᠪᠣᠭᠳᠠᠯ ᠪᠥᠬᠦᠢ ᠠᠵᠢᠯ ᠢ ᠨᠠᠶᠢᠳᠠᠪᠤᠷᠢᠵᠢᠭᠤᠯᠤᠨ᠎ᠠ᠃ ᠪᠦᠬᠦ ᠬᠤᠳᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠠᠵᠢᠯ ᠢ ᠵᠤᠬᠢᠶᠠᠨ ᠪᠠᠶᠢᠭᠤᠯᠵᠦ ᠦᠷᠨᠢᠬᠦᠯᠦᠨ᠎ᠡ᠃     ︵ᠠᠷᠪᠠᠨ ᠬᠤᠶᠠᠷ︶ ᠬᠡᠮᠵᠢᠨ ᠵᠢᠷᠤᠬᠤ ᠭᠠᠵᠠᠷ ᠵᠦᠢ ᠶᠢᠨ  ᠰᠤᠷᠠᠭ ᠵᠠᠩᠭᠢ ᠶᠢᠨ ᠬᠠᠮᠢᠶᠠᠷᠤᠯᠲᠠ ᠶᠢᠨ ᠠᠵᠢᠯ   ᠢ ᠬᠠᠷᠢᠭᠤᠴᠠᠨ᠎ᠠ᠃ ᠪᠦᠬᠦ ᠬᠤᠲᠠ ᠶᠢᠨ ᠰᠠᠭᠤᠷᠢ ᠬᠡᠮᠵᠢᠨ ᠵᠢᠷᠤᠭᠯᠠᠯᠲᠠ ᠪᠠ ᠬᠡᠮᠵᠢᠨ ᠵᠢᠷᠤᠭᠯᠠᠯᠲᠠ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠬᠡᠮᠵᠢᠨ ᠵᠢᠷᠤᠬᠤ ᠬᠢᠷᠢ ᠴᠢᠳᠠᠯ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠭᠠᠵᠠᠷ ᠵᠦᠶ ᠶᠢᠨ  ᠰᠤᠷᠠᠭ ᠵᠠᠩᠭᠢ ᠶᠢᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠪᠥᠬᠦ ᠬᠤᠲᠠ ᠶᠢᠨ ᠭᠠᠵᠠᠷ ᠵᠦᠶ ᠶᠢᠨ ᠰᠤᠷᠠᠭ ᠵᠠᠩᠭᠢ ᠶᠢᠨ ᠣᠯᠠᠨ ᠨᠡᠶᠢᠲᠡ ᠶᠢᠨ  ᠦᠢᠯᠡᠴᠢᠯᠡᠬᠡᠨ ᠤ ᠬᠠᠮᠢᠶᠠᠷᠤᠯᠲᠠ ᠪᠠ ᠬᠠᠷᠢᠶ᠎ᠠ ᠣᠷᠣᠨ ᠳᠠᠬᠢ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ  ᠃     ︵ᠠᠷᠪᠠᠨ ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠪᠠ ᠴᠢᠳᠠᠪᠤᠷᠢᠲᠠᠨ ᠢ ᠬᠥᠮᠦᠵᠢᠭᠦᠯᠬᠦ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠴᠢᠬᠤᠯᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠮᠡᠷᠭᠡᠵᠢᠯ ᠤᠨ ᠪᠠᠷᠢᠮᠵᠢᠶ᠎ᠠ᠂ ᠲᠦᠷᠢᠮ ᠤᠨ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ  ᠰᠤᠷᠠᠭ ᠵᠠᠩᠭᠢ ᠶᠢᠨ ᠮᠠᠲ᠋ᠧᠷᠢᠶᠠᠯ ᠤᠨ ᠣᠯᠠᠨ ᠨᠡᠶᠢᠲᠡ ᠶᠢᠨ  ᠦᠢᠯᠡᠴᠢᠯᠡᠭᠡ ᠶᠢ ᠠᠬᠢᠭᠤᠯᠤᠨ᠎ᠠ᠃     ︵ᠠᠷᠪᠠᠨ ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠤᠬᠠᠶ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂  ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ᠃ ᠪᠦᠬᠦ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠭᠯᠠᠯᠲᠠ ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠨ᠎ᠠ᠃ ᠡᠷᠬᠡ ᠣᠯᠭᠤᠭᠰᠠᠨ ᠨᠠᠶᠢᠳᠠᠯᠭ᠎ᠠ ᠶᠢ ᠦᠨᠳᠦᠰᠦᠯᠡᠨ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠵᠢᠯᠣᠭᠤᠳᠤᠨ  ᠱᠠᠯᠠᠪᠳᠠᠭᠤᠯᠤᠨ ᠪᠠᠶᠢᠴᠠᠭᠠᠨ᠎ᠠ᠃     ︵ᠠᠷᠪᠠᠨ ᠲᠠᠪᠤ︶ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃     ︵ᠠᠷᠪᠠᠨ ᠵᠢᠷᠭᠤᠭ᠎ᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃     ︵ᠠᠷᠪᠠᠨ ᠳᠣᠯᠤᠭ᠎ᠠ︶ ᠡᠭᠦᠷᠭᠡ ᠴᠢᠳᠠᠪᠤᠷᠢ  ᠶᠢᠨ ᠬᠤᠪᠢᠷᠠᠭᠤᠯᠤᠯᠳᠠ     ᠤᠯᠠᠭᠠᠨᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠶᠢ ᠨᠠᠶᠢᠳᠠᠪᠤᠷᠢᠵᠢᠭᠤᠯᠵᠤ᠂ ᠪᠤᠢ ᠪᠦᠬᠦᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠶ ᠶᠢ ᠬᠠᠮᠠᠭᠠᠯᠠᠨ ᠰᠡᠷᠭᠦᠭᠡᠬᠦ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠨᠢᠭᠡᠳᠦᠯᠲᠡᠶ ᠬᠡᠷᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠰᠤᠷᠪᠤᠯᠵᠢ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠶᠢ ᠰᠡᠷᠭᠦᠭᠡᠨ ᠵᠠᠰᠠᠬᠤ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠪᠠᠷ ᠰᠡᠷᠭᠦᠭᠡᠨ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠲᠦᠷᠢᠮ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠣᠮᠬᠠᠳᠬᠠᠨ ᠳᠣᠷᠣᠭᠰᠢ ᠪᠠᠭᠤᠯᠭᠠᠵᠤ᠂ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ᠂ ᠪᠠᠷᠢᠮᠵᠢᠶ᠎ᠠ᠂ ᠲᠦᠷᠢᠮ ᠤᠨ ᠬᠢᠵᠠᠭᠠᠷᠯᠠᠬᠤ ᠴᠢᠨᠠᠷᠲᠠᠶ ᠦᠢᠯᠡᠳᠦᠯ ᠢ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠪᠠ ᠦᠨᠡᠯᠡᠨ ᠵᠢᠱᠢᠬᠦ ᠶᠢᠨ ᠠᠷᠠᠳ ᠲᠤ ᠲᠦᠬᠦᠮ ᠦᠵᠡᠭᠦᠯᠵᠦ ᠥᠨᠳᠥᠷ ᠪᠦᠲᠦᠮᠵᠢᠲᠡᠶ ᠪᠠᠶᠢᠬᠤ ᠶᠢ ᠲᠦᠯᠬᠢᠨ ᠠᠬᠢᠭᠤᠯᠤᠨ᠎ᠠ᠃  
 
ᠢᠷᠡᠯᠲᠡ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号