ᠯᠢᠦ ᠬᠤᠩ ᠪᠥᠸᠧ
ᠨᠡᠶᠢᠲᠡᠯᠡᠭᠰᠡᠨ ᠴᠠᠭ᠄
2021/9/8
ᠯᠢᠦ ᠬᠤᠩ ᠪᠥᠸᠧ
       ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄ ᠡᠷᠡᠭᠲᠡᠶ᠂ ᠮᠣᠩᠭᠤᠯ ᠦᠨᠳᠦᠰᠦᠲᠡᠨ᠂ 1971 ᠣᠨ ᠤ 5 ᠰᠠᠷ᠎ᠠ ᠳᠤ ᠲᠦᠷᠦᠵᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠤ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠳᠤ ᠪᠠᠶᠢᠨ᠎ᠠ᠃        ᠠᠵᠢᠯ ᠤᠨ ᠬᠤᠪᠢᠶᠠᠷᠢᠯᠠᠯ᠄ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠠᠵᠢᠯ ᠢ ᠬᠠᠮᠵᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠶᠠᠪᠤᠭᠳᠠᠭᠤᠯᠬᠤ᠂ ᠵᠣᠬᠢᠴᠠᠭᠤᠯᠬᠤ ᠪᠠ ᠬᠦᠯᠢᠶᠡᠨ ᠠᠪᠬᠤ ᠠᠵᠢᠯ ᠢ ᠬᠠᠷᠢᠭᠤᠴᠠᠨ᠎ᠠ᠃ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃        ᠬᠤᠪᠢᠳᠠᠨ ᠬᠠᠮᠢᠶᠠᠷᠬᠤ᠄ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠪᠠᠭᠳᠠᠨ᠎ᠠ᠃  
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号