ᠮᠠ ᠱᠦ ᠭᠠᠩ
ᠨᠡᠶᠢᠲᠡᠯᠡᠭᠰᠡᠨ ᠴᠠᠭ᠄
2021/9/8
ᠮᠠ ᠱᠦ ᠭᠠᠩ
       ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄ ᠡᠷᠡᠭᠲᠡᠶ᠂ ᠬᠢᠲᠠᠳ ᠦᠨᠳᠦᠰᠦᠲᠡᠨ᠂ 1978 ᠣᠨ ᠤ 3 ᠰᠠᠷ᠎ᠠ ᠳᠤ ᠲᠦᠷᠦᠵᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃        ᠠᠵᠢᠯ ᠤᠨ ᠬᠤᠪᠢᠶᠠᠷᠢᠯᠠᠯ᠄ ᠬᠤᠲᠠ ᠶᠢᠨ ᠳᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠶ᠂  ᠬᠤᠳᠠ ᠶᠢᠨ ᠬᠡᠪᠴᠢᠶᠡᠨ ᠤ ᠠᠵᠤ ᠠᠬᠤᠶ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠦᠨᠳᠦᠰᠦᠲᠡᠨ ᠤ ᠶᠠᠪᠤᠳᠠᠯ᠂ ᠰᠣᠶᠣᠯ ᠵᠤᠭᠠᠴᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠬᠤᠪᠢᠳᠠᠨ ᠬᠠᠮᠢᠶᠠᠷᠬᠤ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠃        ᠬᠠᠷᠢᠯᠴᠠᠬᠤ ᠨᠢ᠄ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠤᠲᠠ ᠶᠢᠨ ᠬᠠᠮᠲᠤᠷᠠᠯᠴᠠᠭ᠎ᠠ ᠰᠣᠯᠢᠯᠴᠠᠭᠠᠨ ᠤ ᠲᠥᠪ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠤ ᠬᠦᠨᠳᠦ ᠡᠪᠡᠳᠴᠢᠨ ᠤ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦᠨ ᠤ ᠨᠡᠶᠢᠭᠡᠮᠯᠢᠭ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠨᠡᠶᠢᠭᠡᠮᠯᠢᠭ᠂ ᠡᠯ᠎ᠡ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠃    
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号