ᠮᠠᠨ ᠤ ᠠᠶᠢᠮᠠᠭ ᠪᠦᠬᠦ ᠤᠯᠤᠰ ᠤᠨ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢᠶᠠᠷ ᠳᠠᠬᠢᠨᠲᠠ ᠦᠨᠡᠯᠡᠭᠳᠡᠵᠡᠢ
ᠨᠡᠶᠢᠲᠡᠯᠡᠭᠰᠡᠨ ᠴᠠᠭ᠄
2022/1/28
       ᠮᠠᠨ ᠤ ᠠᠶᠢᠮᠠᠭ 2016 ᠣᠨ ᠳᠤ ᠪᠦᠬᠦ ᠤᠯᠤᠰ ᠤᠨ ᠠᠩᠬᠠᠨ ᠤ ᠪᠦᠯᠦᠭ᠂ ᠪᠦᠬᠦ ᠣᠷᠤᠨ ᠤ ᠠᠩᠬᠠᠳᠠᠭᠴᠢ ︽ᠪᠦᠬᠦ ᠤᠯᠤᠰ ᠤᠨ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ︾ ᠪᠣᠯᠤᠭᠰᠠᠨ ᠤ 5 ᠵᠢᠯ ᠤᠨ ᠳᠠᠷᠠᠭ᠎ᠠ ᠳᠠᠬᠢᠨᠲᠠ ᠡᠨᠡ ᠬᠦ ᠢᠷᠠᠭᠤ ᠠᠯᠳᠠᠷ ᠢ ᠬᠦᠷᠲᠡᠵᠦ᠂ ︽ᠵᠢᠱᠢᠶᠡᠴᠢ ᠥᠪᠡᠷᠲᠡᠭᠡᠨ ᠵᠠᠰᠬᠠᠤ ᠣᠷᠤᠨ︾ ᠤ ᠡᠷᠬᠢᠮ ᠳᠡᠭᠡᠳᠦ ᠢᠷᠠᠭᠤ ᠠᠯᠳᠠᠷ ᠤᠨ ᠲᠦᠯᠦᠭᠡ ᠬᠢᠩᠭᠠᠨ ᠠᠶᠢᠮᠠᠭ ᠤᠨ ᠡᠭᠦᠷᠭᠡᠯᠡᠯ ᠢᠶᠠᠨ ᠡᠭᠦᠷᠭᠡᠯᠡᠵᠦ᠂ ᠬᠢᠩᠭᠠᠨ ᠤ ᠬᠦᠴᠦᠨ ᠢᠶᠠᠨ ᠡᠷᠭᠦᠵᠦ᠂ ᠬᠢᠩᠭᠠᠨ ᠤ ᠴᠤᠭ ᠵᠢᠪᠬᠤᠭ᠎ᠠ ᠪᠠᠨ ᠪᠠᠳᠠᠷᠠᠭᠤᠯᠤᠭᠰᠠᠨ ᠪᠠᠶᠢᠨ᠎ᠠ᠃        ᠣᠶᠢᠷ᠎ᠠ ᠶᠢᠨ ᠵᠢᠯ ᠠᠴᠠ ᠨᠠᠭᠠᠰᠢ᠂ ᠠᠶᠢᠮᠠᠭ ᠤᠨ ᠨᠠᠮ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ  ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠡᠷᠡᠰ ᠢᠶᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠱᠣᠭᠤᠮ ᠪᠣᠯᠭᠠᠵᠤ᠂ ︽14466︾ ᠠᠵᠢᠯ ᠤᠨ ᠰᠢᠰᠲ᠋ᠧᠮ ᠢ ᠪᠦᠲᠦᠭᠡᠯᠴᠢ ᠴᠢᠨᠠᠷ ᠲᠠᠢ ᠡᠭᠦᠳᠦᠨ ᠪᠠᠶᠢᠭᠤᠯᠵᠤ᠂ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠬᠢᠩᠭᠠᠨ ᠠᠶᠢᠮᠠᠭ ᠤᠨ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠣᠳᠤᠯᠭᠠᠨ ᠤ ᠲᠥᠪ︾ ᠪᠠ ᠠᠶᠢᠮᠠᠭ ᠬᠤᠰᠢᠭᠤ ᠭᠠᠴᠠᠭ᠎ᠠ ᠲᠤᠰᠬᠤᠨ ᠢ ᠪᠦᠷᠬᠦᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ︾ ᠢ 835 ᠪᠠᠶᠢᠭᠤᠯᠵᠤ᠂ ᠬᠤᠲᠠ  ᠶᠢᠨ ᠨᠡᠶᠢᠭᠡᠮ ᠲᠣᠭᠤᠷᠢᠭ ᠲᠤ ︽ᠠᠨᠠᠷ ᠤᠨ ᠦᠷ᠎ᠡ ᠶᠢᠨ ᠲᠦᠯᠦᠪᠯᠡᠭᠡ︾ ᠪᠣᠯᠤᠨ ᠮᠠᠯᠵᠢᠬᠤ ᠲᠠᠷᠢᠶᠠᠯᠠᠬᠤ ᠣᠷᠤᠨ ᠤ ︽ᠬᠤᠤᠰ ᠠᠷᠪᠠ ᠬᠤᠤᠰ ᠵᠠᠭᠤ ᠬᠤᠤᠰ ᠮᠢᠩᠭ᠎ᠠ︾ ᠶᠢᠨ ᠢᠨᠵᠧᠨᠧᠷᠢᠩ ᠢ ᠬᠡᠷᠡᠭᠵᠢᠭᠦᠯᠵᠦ᠂ ︽ᠠᠨᠠᠷ ᠤᠨ ᠦᠷ᠎ᠡ ᠰᠢᠭ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ ᠭᠤᠤᠯ ᠰᠡᠳᠦᠪᠲᠦ ᠦᠢᠯᠡᠳᠦᠯᠭᠡ  ᠶᠢᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠠᠮᠢᠳᠤᠯᠢᠭ ᠦᠯᠢᠭᠡᠷ ᠪᠠ ᠰᠡᠳᠬᠢᠯ ᠬᠦᠳᠡᠯᠭᠡᠮ᠎ᠡ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠴᠡᠷᠢᠭ ᠠᠷᠠᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠣᠷᠢᠭ ᠰᠠᠨᠠᠭ᠎ᠠ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠦᠭᠰᠡᠨ ᠪᠠᠶᠢᠨ᠎ᠠ᠃        ᠮᠠᠨ ᠤ ᠠᠶᠢᠮᠠᠭ ᠡᠯ᠎ᠡ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠮᠲᠤ ᠶᠢᠨ ᠤᠶᠤᠨ ᠰᠠᠨᠠᠭᠠᠨ ᠤ ᠭᠡᠷ ᠣᠷᠤᠨ ᠢ ᠪᠠᠶᠢᠭᠤᠯᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠬᠦᠨ ᠦᠨᠳᠦᠰᠦᠯᠡᠭᠦᠯᠵᠡᠢ᠃ ᠬᠤᠲᠠ ᠶᠢᠨ ᠨᠡᠶᠢᠭᠡᠮ ᠲᠣᠭᠤᠷᠢᠭ ᠲᠤ ᠦᠨᠳᠦᠰᠦᠲᠡᠨ ᠤ ᠠᠮᠲᠠᠲᠤ ᠢᠳᠡᠭᠡᠨ ᠤ ᠵᠠᠭᠤᠨ ᠠᠶᠢᠯ ᠤᠨ ᠳᠠᠶᠢᠯᠠᠯᠭ᠎ᠠ᠂ ᠤᠯᠠᠮᠵᠢᠯᠠᠯᠲᠤ ᠪᠠᠶᠠᠷ ᠤᠨ ᠡᠳᠦᠷ ᠤᠨ ᠤᠷᠠᠨ ᠰᠠᠶᠢᠬᠠᠨ ᠤ ᠲᠣᠭᠯᠠᠯᠲᠠ᠂ ᠬᠦᠷᠰᠢ ᠵᠡᠷᠭᠡᠯᠡᠳᠡᠭᠡ ᠶᠢᠨ ᠪᠠᠶᠠᠷ ᠵᠡᠷᠭᠡ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠥᠪᠡᠷ ᠢ ᠪᠠᠨ ᠪᠠᠳᠠᠷᠠᠭᠤᠯᠬᠤ ᠲᠠᠪᠴᠠᠩ ᠪᠣᠯᠪᠠ᠃ ᠮᠠᠯᠵᠢᠬᠤ ᠲᠠᠷᠢᠶᠠᠯᠠᠬᠤ ᠣᠷᠤᠨ ᠳᠤ ᠡᠯ᠎ᠡ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠨ ᠬᠠᠷᠢᠯᠴᠠᠨ ᠬᠠᠪᠰᠣᠷᠤᠯᠴᠠᠨ ᠲᠠᠷᠢᠵᠤ ᠲᠡᠵᠢᠭᠡᠬᠦ ᠮᠡᠷᠭᠡᠵᠢᠯ ᠰᠣᠷᠤᠯᠴᠠᠵᠤ᠂ ᠦᠨᠳᠦᠰᠦᠲᠡᠨ ᠤ ᠬᠤᠪᠴᠠᠰᠤ ᠵᠠᠰᠠᠯ᠂ ᠣᠨᠴᠠᠯᠢᠭᠲᠤ ᠢᠳᠡᠭᠡᠨ ᠦᠢᠯᠡᠳᠬᠦ ᠵᠡᠷᠭᠡ ᠠᠵᠤ ᠦᠢᠯᠡᠰ ᠢ ᠬᠥᠭᠵᠢᠭᠦᠯᠵᠦ᠂ ᠪᠠᠶᠠᠵᠢᠯ ᠤᠨ ᠵᠠᠮ ᠢᠶᠠᠷ ᠭᠠᠷ ᠬᠤᠯᠪᠤᠨ ᠵᠠᠮᠨᠠᠪᠠ᠃ ᠴᠡᠷᠢᠭ ᠴᠠᠭᠳᠠᠭ᠎ᠠ ᠴᠡᠷᠢᠭ ᠠᠩᠭᠢ ᠶᠢᠨ ᠳᠣᠲᠤᠷ᠎ᠠ᠂ ᠴᠡᠷᠢᠭ ᠴᠠᠭᠳᠠᠭ᠎ᠠ ᠠᠷᠠᠳ ᠬᠠᠮᠲᠤ ᠪᠠᠷ ᠪᠠᠶᠢᠭᠤᠯᠬᠤ ᠣᠯᠠᠨ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠴᠡᠷᠢᠭ ᠴᠠᠭᠳᠠᠭ᠎ᠠ ᠠᠷᠠᠳ ᠤᠨ ᠵᠢᠭᠠᠰᠤ ᠤᠰᠤᠨ ᠤ ᠬᠦᠨ ᠵᠤᠵᠠᠭᠠᠨ ᠬᠠᠶᠢᠷ᠎ᠠ ᠰᠡᠳᠬᠢᠯᠭᠡ ᠶᠢ ᠪᠠᠬᠢᠵᠢᠭᠦᠯᠪᠡ᠃ ᠰᠣᠶᠤᠯ ᠤᠨ ᠲᠠᠯ᠎ᠠ ᠪᠠᠷ ᠬᠠᠷᠢᠯᠴᠠᠨ ᠮᠡᠳᠡᠷᠡᠵᠦ᠂ ᠬᠠᠷᠢᠯᠴᠠᠨ ᠪᠠᠭᠲᠠᠭᠠᠵᠤ ᠠᠭᠤᠰᠤᠯᠴᠠᠬᠤ ᠨᠢ ᠨᠢᠭᠡᠨᠲᠡ ᠬᠢᠩᠭᠠᠨ ᠠᠶᠢᠮᠠᠭ ᠤᠨ ᠦᠨᠳᠦᠰᠦᠲᠡᠨ ᠨᠦᠭᠦᠳ ᠨᠢᠭᠡ ᠭᠡᠷ ᠪᠦᠯᠢ ᠮᠠᠲᠦ ᠲᠣᠳᠤᠨᠤ ᠪᠠᠶᠢᠬᠤ ᠶᠢᠨ ᠦᠨᠡᠨ ᠪᠣᠳᠠᠲᠠᠢ ᠵᠢᠷᠤᠭᠯᠠᠯ ᠪᠣᠯᠵᠠᠢ᠃        ᠮᠠᠨ ᠤ ᠠᠶᠢᠮᠠᠭ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠤᠯ ᠰᠢᠵᠢᠮ ᠪᠣᠯᠭᠠᠵᠤ᠂ ︽ᠳᠤᠮᠳᠠᠳᠤ ᠪᠠᠨ ᠬᠠᠶᠢᠷᠠᠯᠠᠬᠤ︾ ᠭᠤᠤᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠨᠠᠮ ᠤᠨ ᠦᠭᠡ ᠶᠢ ᠰᠣᠨᠤᠰᠴᠤ᠂ ᠨᠠᠮ ᠤᠨ ᠠᠴᠢ ᠶᠢ ᠮᠡᠳᠡᠷᠡᠵᠦ᠂ ᠨᠠᠮ  ᠢᠶᠠᠨ ᠳᠠᠭᠠᠬᠤ︾ ᠵᠡᠷᠭᠡ ᠰᠢᠷᠢᠰ ᠠᠵᠢᠯᠯᠠᠭ᠎ᠠ ᠥᠷᠨᠢᠭᠦᠯᠵᠡᠢ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠪᠣᠯᠤᠨ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠮᠡᠳᠡᠷᠡᠬᠦᠢ︾ ᠭᠡᠬᠦ ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠬᠦᠨ ᠬᠠᠳᠠᠩᠰᠢᠭᠤᠯᠵᠤ᠂ ᠳᠤᠮᠳᠠᠳᠤ  ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠲᠣᠳᠤᠨᠤ᠂ ᠰᠡᠳᠬᠢᠯ ᠢᠶᠠᠨ ᠨᠢᠭᠡᠳᠭᠡᠵᠦ ᠳᠤᠮᠳᠠᠳᠤ ᠶᠢᠨ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠨᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠮᠲᠤ ᠶᠢᠨ ᠬᠥᠭᠡᠭᠡᠴᠡᠯᠳᠦᠯ ᠪᠣᠯᠪᠠ᠃        ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠭᠰᠢ ᠶᠢᠨ ᠵᠢᠭᠠᠨ ᠰᠣᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ  ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠪᠠ᠃ ᠣᠳᠤ ᠪᠣᠯᠲᠠᠯ᠎ᠠ᠂ ᠪᠦᠬᠦ ᠠᠶᠢᠮᠠᠭ ᠤᠨ ᠦᠨᠳᠦᠰᠦᠲᠡᠨ ᠤ ᠬᠡᠯᠡ  ᠪᠠᠷ ᠬᠢᠴᠢᠶᠡᠯᠯᠡᠵᠦ ᠪᠠᠶᠢᠭ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ 68 ᠰᠤᠷᠭᠠᠭᠤᠯᠢ ᠪᠠ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ 53 ᠬᠡᠦᠬᠡᠳ ᠤᠨ ᠴᠡᠴᠡᠷᠯᠢᠭ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠣᠯᠤᠭᠰᠠᠨ ᠪᠠᠶᠢᠨ᠎ᠠ᠃        ︵ᠬᠤᠷᠴᠠ ᠭᠤᠣ ᠮᠢᠨ ᠨᠠ︶
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号