ᠤᠯᠠᠭᠠᠨᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ 
ᠨᠡᠶᠢᠲᠡᠯᠡᠭᠰᠡᠨ ᠴᠠᠭ᠄
2022/1/6
   ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ        ︵ᠨᠢᠭᠡ︶ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠣᠷᠣᠨ ᠨᠤᠲᠤᠭ ᠤᠨ ᠴᠢᠨᠠᠷᠲᠠᠶ ᠲᠦᠷᠢᠮ ᠲᠣᠭᠲᠠᠭᠠᠯ ᠤᠨ ᠲᠥᠰᠦᠯ᠂ ᠲᠥᠯᠥᠪᠵᠢᠭᠦᠯᠭᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃        ︵ᠬᠤᠶᠠᠷ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ ᠰᠤᠳᠤᠯᠤᠯᠲᠠ  ᠬᠢᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠢᠶᠠᠷ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠲᠣᠭᠲᠠᠭᠠᠨ᠎ᠠ᠃        ︵ᠭᠤᠷᠪᠠ︶ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠴᠤ᠂ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃        ︵ᠳᠥᠷᠪᠡ︶ ᠪᠥᠬᠦ ᠬᠤᠲᠠ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ  ᠰᠤᠷᠠᠭ ᠵᠠᠩᠭᠢ ᠶᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃        ︵ᠲᠠᠪᠤ︶ ᠶᠠᠳᠠᠭᠤ ᠶᠢ ᠲᠡᠳᠬᠦᠬᠦ ᠲᠥᠷᠥᠯ ᠵᠦᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠬᠥᠭᠵᠢᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠰᠠᠶᠢᠲᠤᠷ ᠬᠢᠨ᠎ᠠ᠃        ︵ᠵᠢᠷᠭᠤᠭ᠎ᠠ︶ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤ ᠣᠷᠣᠯᠴᠠᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ ᠵᠣᠬᠢᠴᠠᠭᠤᠯᠵᠤ᠂ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ ᠬᠢ ᠰᠣᠯᠢᠯᠴᠠᠭ᠎ᠠ ᠬᠢᠭᠡᠳ ᠬᠤᠷᠰᠢᠯᠴᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃        ︵ᠳᠣᠯᠤᠭ᠎ᠠ︶ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢᠨ ᠵᠣᠬᠢᠴᠠᠭᠤᠯᠤᠨ ᠬᠠᠷᠢᠯᠴᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠬᠢᠶᠠᠨ ᠪᠠᠶᠢᠭᠤᠯᠤᠨ᠎ᠠ᠃        ︵ᠨᠠᠢᠮᠠ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠡ᠃        ︵ᠶᠢᠰᠦ︶ ᠤᠯᠠᠭᠠᠨᠬᠤᠲᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠣᠭᠤᠳᠬᠤ ᠶᠢ ᠡᠭᠦᠷᠭᠡᠯᠡᠨ᠎ᠡ᠃        ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号