ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠦᠰᠦᠭᠳᠤ ﹇2022﹈ 117 ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠡᠷᠬᠡᠨ ᠣᠲᠣ ᠦᠶ᠎ᠡ ᠶᠢᠨ | ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠄ | ᠪᠥᠬᠦ ᠬᠤᠲᠠ ᠶᠢᠨ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠠᠶᠦᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ ᠂ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠶᠢᠨ ᠲᠤᠰᠠᠳᠠ᠂ ᠬᠤᠲᠠ ᠶᠢᠨ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ | ᠵᠥᠪᠯᠡᠵᠦ ᠪᠠᠲᠤᠯᠠᠭᠠᠳ᠂ ᠡᠳᠦᠭᠡ ︽ᠤᠯᠠᠭᠠᠨᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ | ᠪᠠᠶᠢᠭᠤᠯᠭ᠎ᠠ ᠨᠢᠬᠡᠴᠢ ᠶᠢᠨ ᠠᠶᠦᠯᠬᠦᠢ ᠦᠢᠯᠡᠳᠪᠦᠷᠢᠡᠯᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠲᠦᠭᠡᠶ᠃ | 2022 ᠣᠨ ᠤ 6 ᠰᠠᠷ᠎ᠠ ᠶᠢᠨ 28 ᠤ ᠡᠳᠦᠷ | ᠤᠯᠠᠭᠠᠨᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠬᠡᠴᠢ ᠶᠢᠨ ᠠᠶᠦᠯᠬᠦᠢ | ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠨᠢᠭᠡᠳᠦᠭᠡᠷ ᠪᠦᠯᠦᠭ ᠶᠡᠷᠦᠩᠭᠡᠢ ᠲᠦᠷᠢᠮ | ᠨᠢᠭᠡᠳᠦᠭᠡᠷ ᠵᠦᠢᠯ ᠠᠶᠦᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ | ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠶᠤᠯᠭᠦᠢ ᠦᠢᠯᠡᠳᠪᠦᠷᠢᠯᠡᠯ ᠤᠨ ᠬᠠᠤᠯᠢ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠦᠯᠬᠦᠢ | ᠦᠢᠯᠡᠳᠪᠦᠷᠢᠯᠡᠯ ᠤᠨ ᠲᠦᠷᠢᠮ ︾ ︽ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠦᠪᠡᠷᠳᠡᠬᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠢᠢᠳᠪᠦᠷᠢ︾ ︽︿ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠶᠦᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ | ᠮᠡᠳᠡᠭᠳᠡᠯ︾ ︵ᠥᠪᠥᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠦᠰᠦᠭᠳᠤ ﹇ | 2021﹈ 131 ᠳ᠋ᠦ᠋ᠬᠡᠷ ᠲᠣᠭᠠᠲᠤ︶ ︽ᠬᠢᠩᠭᠠᠨ ᠠᠶᠢᠮᠠᠭ ᠤᠨ ᠠᠶᠦᠯᠬᠦᠢ ᠦᠢᠯᠡᠳᠪᠦᠷᠢᠯᠡᠯ ᠤᠨ ︿ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ﹀ | ᠲᠦᠷ ᠬᠡᠷᠡᠭᠵᠢᠭᠦᠯᠬᠦ ᠠᠷᠭ᠎ᠠ︾ ︽ᠬᠢᠩᠭᠠᠨ ᠠᠶᠢᠮᠠᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠪᠠᠶᠢᠭᠤᠯᠭ᠎ᠠ | ᠨᠢᠬᠡᠴᠢ ᠶᠢᠨ ᠠᠶᠦᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠣᠭᠲᠠᠭᠠᠯ᠂ ᠰᠠᠯᠠᠭ᠎ᠠ ᠮᠥᠴᠢᠷ ᠤᠨ ᠭᠤᠤᠯ ᠪᠣᠯᠬᠤ | ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠤᠯᠠᠭᠠᠨᠬᠤᠲᠠ ᠶᠢᠨ ᠠᠶᠦᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠬᠦᠢᠴᠡᠳᠬᠡᠬᠦ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠲᠣᠰ ᠲᠣᠭᠲᠠᠭᠠᠯ ᠢ ᠬᠡᠷᠡᠭᠯᠡᠨ᠎ᠡ᠃ | ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ ᠲᠡᠷᠡ ᠲᠣᠭᠲᠠᠭᠠᠯ ᠢ ᠵᠢᠷᠤᠮᠯᠠᠨ᠎ᠠ᠃ | | ᠭᠤᠷᠪᠠᠳᠤᠭᠠᠷ ᠵᠦᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠂ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠠᠮᠤᠷ | ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠤᠷ ᠲᠦᠪᠰᠢᠨ ᠤ ᠬᠦᠨᠳᠦ | ᠶᠡᠭᠡ ᠠᠶᠤᠯ ᠲᠦᠭᠰᠢᠭᠦᠷᠢ ᠶᠢ ᠴᠢᠷᠮᠠᠶᠢᠨ ᠰᠡᠷᠭᠡᠶᠢᠯᠡᠨ ᠠᠷᠢᠯᠭᠠᠵᠤ᠂ ᠠᠶᠦᠯᠬᠦᠢ ᠦᠢᠯᠡᠳᠪᠦᠷᠢᠯᠡᠯ ᠤᠨ ᠵᠠᠰᠠᠯᠲᠠ ᠶᠢᠨ | ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠵᠤ᠂ | ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠣᠨᠴᠠ ᠶᠡᠭᠡ ᠡ᠊ᠨᠳᠡᠯ ᠢ ᠡᠷᠡᠰ ᠰᠡᠷᠭᠡᠶᠢᠯᠡᠨ ᠬᠤᠷᠢᠭᠯᠠᠵᠤ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠳᠥᠷᠪᠡᠳᠦᠭᠡᠷ ᠵᠦᠢᠯ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ | ᠬᠤᠶᠠᠷ ᠬᠠᠷᠢᠭᠤᠴᠠᠯᠭ᠎ᠠ ᠲᠠᠢ ᠪᠠᠶᠢᠬᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ | ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ︽ᠬᠡᠨ ᠡᠷᠬᠢᠯᠡᠨ | ᠬᠠᠮᠢᠶᠠᠷᠪᠠᠯ ᠬᠡᠨ ᠬᠠᠷᠢᠭᠤᠴᠠᠬᠤ᠂ ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ ᠂ ᠬᠡᠨ ᠬᠢᠨᠠᠨ ᠬᠠᠮᠢᠶᠠᠷᠪᠠᠯ | ᠬᠡᠨ ᠬᠠᠷᠢᠭᠤᠴᠠᠬᠤ︾ ︽ᠬᠠᠷᠢᠶ᠎ᠠ ᠣᠷᠣᠨ ᠠᠴᠠ ᠬᠠᠮᠢᠶᠠᠷᠬᠤ ᠪᠠ ᠱᠠᠲᠤ ᠬᠤᠪᠢᠶᠠᠨ ᠬᠠᠷᠢᠭᠤᠴᠠᠬᠤ ᠶᠢ ᠬᠠᠷᠢᠯᠴᠠᠨ | ᠤᠶᠠᠯᠳᠤᠭᠤᠯᠬᠤ ᠬᠡᠷᠡᠭᠲᠡᠶ᠃ ᠬᠠᠷᠢᠶ᠎ᠠ ᠭᠠᠵᠠᠷ ᠤᠨ ᠬᠠᠮᠢᠶᠠᠷᠤᠯᠲᠠ ᠪᠠᠷ ᠭᠤᠣᠯ ᠪᠤᠯᠭᠠᠬᠤ ᠬᠡᠷᠡᠭᠳᠡᠢ︾᠂ ︽ | ᠰᠢᠨ᠎ᠡ ᠪᠠᠷ ᠮᠠᠨᠳᠤᠭᠰᠠᠨ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠣᠳᠣᠷᠬᠠᠢ ᠦᠭᠡᠢ ᠪᠠᠶᠢᠪᠠᠯ᠂ ᠲᠤᠬᠠᠶᠢᠯᠠᠭᠰᠠᠨ ᠠᠵᠢᠯ ᠨᠢ | ᠠᠳᠠᠯᠢᠪᠲᠤᠷ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠯᠲᠠ ᠲᠠᠯᠪᠢᠵᠤ ᠬᠠᠮᠢᠶᠠᠷᠬᠤ ᠬᠡᠷᠡᠭᠳᠡᠢ︾ ᠭᠡᠵᠦ ᠱᠠᠭᠠᠷᠳᠠᠵᠤ | ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ | ᠲᠠᠪᠤᠳᠤᠭᠠᠷ ᠵᠦᠢᠯ ᠠᠶᠦᠯᠬᠦᠢ ᠦᠢᠯᠡᠳᠪᠦᠷᠢᠯᠡᠯ ᠤᠨ ᠠᠵᠢᠯ ᠳᠤ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠲᠠᠢ ᠪᠠᠶᠢᠯᠭᠠᠬᠤ ︾ ᠲᠥᠷᠢᠮ ᠢ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠪᠣᠯ ᠲᠤᠰ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠦᠬᠦ ᠲᠠᠯ᠎ᠠ ᠶᠢᠨ | ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠤᠯᠭᠦᠶ ᠦᠢᠯᠡᠳᠪᠦᠷᠢᠯᠡᠯ ᠤᠨ ᠠᠵᠢᠯ ᠢ ᠬᠤᠪᠢᠳᠠᠨ ᠬᠠᠮᠢᠶᠠᠷᠴᠤ | ᠪᠠᠶᠢᠭ᠎ᠠ ᠬᠠᠷᠢᠭᠤᠴᠠᠯᠭᠠᠲᠠᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠴᠢᠬᠤᠯᠠ ᠤᠳᠤᠷᠢᠳᠬᠤ ᠬᠠᠷᠢᠭᠤᠴᠠᠯᠭ᠎ᠠ | ᠡᠭᠦᠷᠭᠡᠯᠡᠨ᠎ᠡ ᠃ ᠪᠤᠰᠤᠳ ᠬᠠᠷᠢᠭᠤᠴᠠᠯᠭᠠᠲᠠᠨ ᠨᠢ ᠬᠤᠪᠢᠳᠠᠨ ᠬᠠᠮᠢᠶᠠᠷᠴᠤ ᠪᠥᠬᠦᠶ ᠡᠭᠦᠷᠭᠡ | ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷᠠᠬᠢ ᠠᠶᠦᠯᠬᠦᠢ ᠦᠢᠯᠡᠳᠪᠦᠷᠢᠯᠡᠯ ᠤᠨ ᠠᠵᠢᠯ ᠳᠤ ᠰᠢᠭᠤᠳ | ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠵᠢᠷᠭᠤᠳᠤᠭᠠᠷ ᠵᠦᠢᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠣᠯ ᠲᠤᠰ ᠨᠢᠭᠡᠴᠢ ᠶᠢᠨ ᠠᠶᠦᠯᠬᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠡᠶᠡᠴᠢ ᠴᠣᠭᠴᠠ ᠮᠥᠨ᠂ ᠲᠤᠰ ᠨᠢᠭᠡᠴᠢ ᠶᠢᠨ ᠢᠶᠠᠨ ᠠᠶᠦᠯᠬᠦᠢ | ᠦᠢᠯᠡᠳᠪᠦᠷᠢᠯᠡᠯ ᠳᠤ ᠪᠦᠬᠦ ᠲᠠᠯ᠎ᠠ ᠶᠢᠨ ᠬᠠᠷᠢᠭᠤᠴᠠᠯᠭ᠎ᠠ ᠡᠭᠦᠷᠭᠡᠯᠡᠨ᠎ᠡ ᠃ | ᠳᠣᠯᠣᠳᠤᠭᠠᠷ ᠵᠦᠢᠯ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠪᠥᠬᠦ ᠬᠤᠲᠠ ᠶᠢᠨ ᠠᠶᠦᠯᠬᠦᠢ ᠦᠢᠯᠡᠳᠪᠦᠷᠢᠯᠡᠯ ᠤᠨ ᠠᠵᠢᠯ ᠳᠤ ᠬᠠᠤᠯᠢ ᠶᠣᠰᠣᠭᠠᠷ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ | ᠠᠵᠢᠯ ᠲᠥᠷᠥᠯ ᠤᠨ ᠬᠦᠷᠢᠶᠡᠨ ᠳᠠᠬᠢ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ | ᠨᠠᠢᠮᠠᠳᠤᠭᠠᠷ ᠵᠦᠢᠯ ᠠᠶᠦᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ | ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷ᠎ᠠ ᠪᠠᠨ ᠲᠤᠰ ᠠᠵᠢᠯ ᠲᠥᠷᠥᠯ ᠤᠨ ᠬᠡᠪᠴᠢᠶᠡᠨ ᠤ ᠠᠶᠦᠯᠬᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠡᠷᠡᠭᠵᠢᠭᠦᠯᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠂ | ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ ᠃ | | ᠶᠢᠰᠦᠳᠦᠭᠡᠷ ᠵᠦᠢᠯ ᠠᠶᠦᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ | ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠠᠶᠦᠯᠬᠦᠢ ᠦᠢᠯᠡᠳᠪᠦᠷᠢᠯᠡᠯ ᠢ ᠴᠢᠬᠤᠯᠠ ᠠᠵᠢᠯ ᠤᠨ | ᠠᠭᠤᠯᠭ᠎ᠠ ᠪᠠᠨ ᠪᠣᠯᠭᠠᠵᠤ᠂ ᠵᠣᠬᠢᠴᠠᠩᠭᠤᠶ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ᠂ ᠦᠢᠯᠡᠳᠪᠦᠷᠢᠯᠡᠯ | ᠡᠵᠡᠩᠨᠡᠯᠲᠡ ᠶᠢᠨ ᠨᠢᠬᠡᠴᠢ ᠶᠢ ᠱᠠᠯᠠᠪᠳᠠᠭᠤᠯᠵᠦ ᠪᠠᠶᠢᠭᠠᠳ ᠠᠶᠦᠯᠬᠦᠢ ᠦᠢᠯᠡᠳᠪᠦᠷᠢᠯᠡᠯ ᠤᠨ ᠠᠵᠢᠯ ᠢ ᠰᠠᠶᠢᠲᠤᠷ | ᠬᠢᠯᠭᠡᠵᠦ᠂ ᠠᠶᠦᠯᠬᠦᠢ ᠦᠢᠯᠡᠳᠪᠦᠷᠢᠯᠡᠯ ᠳᠤ ᠠᠰᠢᠭᠲᠠᠶ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠨ ᠬᠡᠷᠡᠭᠵᠢᠭᠦᠯᠵᠦ᠂ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠨᠥᠬᠦᠴᠡᠯ ᠢ ᠴᠢᠩᠭᠠᠳᠬᠠᠨ᠂ | ᠠᠵᠢᠯ ᠲᠥᠷᠥᠯ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠲᠡᠭᠡᠭᠰᠢᠯᠡᠬᠦᠯᠦᠨ᠎ᠡ ᠃ | ᠠᠷᠪᠠᠳᠤᠭᠠᠷ ᠵᠦᠢᠯ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ | ᠮᠥᠴᠢᠷ ᠤᠳ ᠠᠵᠢᠯ ᠲᠥᠷᠥᠯ ᠤᠨ ᠠᠶᠦᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠭᠦᠢᠴᠡᠳᠬᠡᠵᠦ᠂ ᠠᠶᠦᠯᠬᠦᠢ ᠦᠢᠯᠡᠳᠪᠦᠷᠢᠯᠡᠯ ᠤᠨ ᠠᠵᠢᠯ ᠢ ᠲᠤᠰ ᠠᠵᠢᠯ ᠲᠥᠷᠥᠯ ᠤᠨ | ᠬᠦᠷᠢᠶᠡᠨ ᠤ ᠬᠠᠮᠢᠶᠠᠷᠤᠯᠲᠠ ᠶᠢᠨ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠠᠵᠢᠯ ᠲᠥᠷᠥᠯ ᠤᠨ | ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠤᠳᠤᠯᠭ᠎ᠠ᠂ ᠬᠠᠤᠯᠢ ᠲᠣᠭᠲᠠᠭᠠᠯ ᠤᠨ ᠪᠠᠷᠢᠮᠵᠢᠶ᠎ᠠ᠂ ᠵᠠᠰᠠᠭ | ᠵᠠᠬᠢᠷᠭᠠᠨ ᠤ ᠵᠥᠪᠰᠢᠶᠡᠷᠡᠯ ᠵᠡᠷᠭᠡ ᠲᠠᠯ᠎ᠠ ᠪᠠᠷ ᠠᠶᠦᠯᠬᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠂ ᠠᠵᠤ | ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠠᠶᠦᠯᠬᠦᠢ ᠬᠠᠮᠢᠶᠠᠷᠤᠯᠲᠠ ᠪᠠᠨ ᠴᠢᠩᠭᠠᠳᠬᠠᠬᠤ ᠶᠢ ᠵᠢᠯᠣᠭᠤᠳᠴᠤ᠂ | ᠪᠠᠶᠢᠴᠠᠭᠠᠬᠤ ᠪᠠ ᠱᠠᠯᠠᠪᠳᠠᠭᠤᠯᠤᠨ᠎ᠠ᠃ | ᠠᠷᠪᠠᠨ ᠨᠢᠭᠡᠳᠦᠭᠡᠷ ᠵᠦᠢᠯ ᠪᠤᠰᠤᠳ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠢ ᠨᠦᠭᠦᠳ ᠠᠶᠤᠯᠭᠦᠶ | ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠢᠳᠡᠪᠬᠢᠲᠡᠶ ᠣᠷᠣᠯᠴᠠᠨ ᠬᠠᠮᠵᠢᠯᠴᠠᠵᠤ᠂ ᠠᠶᠤᠯᠭᠦᠶ | ᠦᠢᠯᠡᠳᠪᠦᠷᠢᠯᠡᠯ ᠤᠨ ᠠᠵᠢᠯ ᠳᠤ ᠳᠡᠮᠵᠢᠯᠭᠡ ᠪᠠ ᠪᠠᠲᠤᠯᠠᠭ᠎ᠠ ᠬᠠᠩᠭᠠᠵᠤ᠂ ᠠᠶᠤᠯᠭᠦᠶ ᠬᠥᠭᠵᠢᠯᠲᠡ ᠶᠢ ᠬᠠᠮᠲᠤ ᠪᠠᠷ | ᠲᠦᠯᠬᠢᠨ ᠠᠬᠢᠭᠤᠯᠤᠨ᠎ᠠ᠃ | ᠬᠤᠶᠠᠳᠤᠭᠠᠷ ᠪᠦᠯᠦᠭ ᠦᠨᠳᠦᠰᠦᠨ ᠲᠤᠰᠢᠶᠠᠯ ᠬᠠᠷᠢᠭᠤᠴᠠᠯᠭ᠎ᠠ | ᠠᠷᠪᠠᠨ ᠬᠤᠶᠠᠳᠤᠭᠠᠷ ᠵᠦᠢᠯ ᠪᠦᠬᠦ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠣᠣᠷᠠᠬᠢ | ᠦᠨᠳᠦᠰᠦᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠪᠡᠯ ᠵᠣᠬᠢᠨ᠎ᠠ᠄ | ︵ᠨᠢᠭᠡ︶ ᠰᠢ ᠶᠢᠨ ᠫᠢᠩ ᠶᠡᠷᠦᠩᠬᠡᠶ ᠱᠦᠵᠢ ᠶᠢᠨ ᠠᠶᠦᠯᠬᠦᠢ ᠦᠢᠯᠡᠳᠪᠦᠷᠢᠯᠡᠯ ᠤᠨ ᠲᠤᠬᠠᠶ ᠴᠢᠬᠤᠯᠠ | ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ᠂ ᠠᠶᠦᠯᠬᠦᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ | ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠲᠥᠷᠢᠮ ᠤᠨ ᠪᠠᠷᠢᠮᠵᠢᠶ᠎ᠠ ᠵᠡᠷᠭᠡ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠤᠨ ᠬᠡᠷᠡᠭᠵᠢᠭᠦᠯᠵᠦ᠂ ᠠᠶᠦᠯᠬᠦᠢ ᠦᠢᠯᠡᠳᠪᠦᠷᠢᠯᠡᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠢ ᠴᠢᠩᠭᠠᠳᠬᠠᠨ᠎ᠠ᠃ | ︵ᠬᠤᠶᠠᠷ︶ ᠲᠤᠰ ᠠᠵᠢᠯ ᠲᠥᠷᠥᠯ ᠤᠨ ᠬᠦᠷᠢᠶᠡᠨ ᠤ ᠠᠶᠦᠯᠬᠦᠢ ᠦᠢᠯᠡᠳᠪᠦᠷᠢᠯᠡᠯ ᠤᠨ ᠲᠥᠷᠥ ᠶᠢᠨ | ᠪᠤᠳᠤᠯᠭ᠎ᠠ ᠬᠠᠤᠯᠢ ᠲᠣᠭᠲᠠᠭᠠᠯ ᠂ ᠲᠥᠷᠢᠮ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠵᠡᠷᠭᠡ ᠶᠢ | ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠵᠢᠯ ᠲᠥᠷᠥᠯ ᠳᠤ ᠵᠥᠪᠰᠢᠶᠡᠷᠡᠨ | ᠣᠷᠣᠭᠤᠯᠬᠤ ᠶᠢ ᠴᠢᠩᠳᠠᠯᠠᠵᠤ᠂ ᠠᠵᠢᠯ ᠲᠥᠷᠥᠯ ᠤᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ | ᠪᠤᠳᠤᠯᠭ᠎ᠠ ᠂ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠲᠠᠯ᠎ᠠ ᠪᠠᠷ ᠲᠤᠰ ᠠᠵᠢᠯ ᠲᠥᠷᠥᠯ ᠤᠨ ᠬᠦᠷᠢᠶᠡᠨ ᠤ | ᠠᠶᠦᠯᠬᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠎ᠠ᠃ | ︵ᠭᠤᠷᠪᠠ︶ ᠲᠤᠰ ᠠᠵᠢᠯ ᠲᠦᠷᠦᠯ ᠤᠨ ᠢᠶᠠᠨ ᠬᠦᠷᠢᠶᠡᠨ ᠳᠠᠬᠢ ᠠᠶᠦᠯᠬᠦᠢ ᠦᠢᠯᠡᠳᠪᠦᠷᠢᠯᠡᠯ ᠤᠨ | ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠪᠠ ᠠᠵᠢᠯ ᠤᠨ ᠲᠥᠰᠦᠯ ᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ | ︵ᠲᠥᠷᠪᠡ︶ ᠲᠤᠰ ᠠᠵᠢᠯ ᠲᠥᠷᠥᠯ ᠤᠨ ᠬᠦᠷᠢᠶᠡᠨ ᠤ ᠠᠶᠦᠯᠬᠦᠢ ᠦᠢᠯᠡᠳᠪᠦᠷᠢᠯᠡᠯ ᠤᠨ ᠠᠵᠢᠯ ᠢ | ᠬᠠᠷᠢᠭᠤᠴᠠᠵᠤ ᠂ ᠠᠶᠦᠯᠬᠦᠢ ᠦᠢᠯᠡᠳᠪᠦᠷᠢᠯᠡᠯ ᠤᠨ ᠠᠵᠢᠯ ᠬᠢᠭᠡᠳ ᠲᠤᠬᠠᠶᠢᠯᠠᠭᠰᠠᠨ ᠠᠵᠢᠯ ᠢ ᠵᠡᠷᠭᠡ ᠲᠤᠨᠢ | ᠲᠣᠬᠢᠷᠠᠭᠤᠯᠤᠨ ᠪᠠᠶᠢᠷᠢᠯᠠᠭᠤᠯᠵᠤ ᠂ ᠵᠡᠷᠭᠡ ᠲᠤᠨᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠬᠠᠮᠳᠤ ᠳᠤᠨᠢ ᠬᠢᠨᠠᠯᠲᠠ | ᠲᠠᠯᠪᠢᠨ ᠪᠠᠶᠢᠴᠠᠭᠠᠵᠤ᠂ ᠠᠶᠦᠯᠬᠦᠢ ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠶ ᠲᠤᠨᠢ ᠵᠠᠳᠠᠯᠤᠨ ᠤᠷᠢᠳᠴᠢᠯᠠᠨ | ᠮᠠᠭᠠᠳᠯᠠᠵᠤ᠂ ᠠᠶᠦᠯᠬᠦᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ | ᠰᠢᠢᠳᠪᠦᠷᠢᠯᠡᠵᠦ ᠂ ᠲᠤᠰ ᠠᠵᠢᠯ ᠲᠥᠷᠥᠯ ᠤᠨ ᠬᠦᠷᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢᠨ | ᠠᠶᠦᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠣᠭᠤᠳᠴᠤ | ᠂ ᠪᠠᠶᠢᠴᠠᠭᠠᠵᠤ᠂ ᠱᠠᠯᠠᠪᠳᠠᠭᠤᠯᠤᠨ᠎ᠠ ᠃ | ︵ᠲᠠᠪᠤ︶ ᠲᠤᠰ ᠠᠵᠢᠯ ᠲᠥᠷᠥᠯ ᠤᠨ ᠬᠦᠷᠢᠶᠡᠨ ᠤ ᠠᠶᠦᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠥᠷᠢᠮ ᠢ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ᠂ | ᠠᠶᠦᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠭᠤᠯᠤᠮᠵᠢ ᠶᠢ ᠲᠡᠬᠦᠯᠳᠡᠷᠵᠢᠬᠦᠯᠦᠨ᠂ ᠠᠶᠤᠯᠭᠦᠢ ᠶᠢᠨ | ᠬᠠᠮᠢᠶᠠᠷᠤᠯᠲᠠ ᠶᠢᠨ ᠠᠵᠢᠯᠳᠠᠨ ᠬᠢᠭᠡᠳ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠲᠤᠰ ᠠᠵᠢᠯ ᠲᠦᠷᠦᠯ ᠤᠨ ᠬᠦᠷᠢᠶᠡᠨ ᠳᠠᠬᠢ ᠠᠵᠢᠯ ᠡᠷᠬᠢᠯᠡᠭᠰᠡᠳ ᠤᠨ ᠠᠶᠦᠯᠬᠦᠢ | ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠪᠠ ᠬᠢᠨᠠᠨ ᠰᠢᠯᠭᠠᠯᠲᠠ ᠵᠡᠷᠭᠡ ᠠᠵᠢᠯ ᠢ ᠵᠢᠯᠣᠭᠤᠳᠴᠤ ᠬᠢᠨᠠᠯᠲᠠ | ᠲᠠᠯᠪᠢᠨ᠎ᠠ ᠃ | ︵ᠳᠣᠯᠤᠭ᠎ᠠ︶ ᠲᠣᠰ ᠠᠵᠢᠯ ᠲᠥᠷᠥᠯ ᠤᠨ ᠬᠦᠷᠢᠶᠡᠨ ᠳᠠᠬᠢ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ | ᠦᠢᠯᠡᠳᠪᠦᠷᠢᠯᠡᠯ ᠡᠵᠡᠩᠨᠡᠯᠲᠡ ᠪᠥᠲᠥᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠵᠦ ᠲᠡᠭᠦᠨ ᠳᠤ ᠴᠣᠬᠢᠯᠲᠠ ᠥᠭᠭᠦᠨ᠎ᠡ ᠃ | ︵ᠨᠠᠢᠮᠠ︶ ᠲᠤᠰ ᠠᠵᠢᠯ ᠲᠥᠷᠥᠯ ᠤᠨ ᠬᠦᠷᠢᠶᠡᠨ ᠤ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ ᠂ ᠲᠤᠰ ᠠᠵᠢᠯ | ᠲᠥᠷᠥᠯ ᠤᠨ ᠬᠦᠷᠢᠶᠡᠨ ᠤ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠵᠦ | ᠠᠪᠤᠷᠠᠨ ᠲᠤᠰᠠᠯᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠣᠷᠢᠯᠲᠠ ᠬᠢᠵᠦ᠂ | ᠬᠠᠤᠯᠢ ᠶᠣᠰᠣᠭᠠᠷ ᠵᠢᠭᠠᠨ ᠵᠢᠯᠣᠭᠤᠳᠴᠤ᠂ ᠵᠣᠬᠢᠶᠠᠨ ᠪᠠᠶᠢᠭᠤᠯᠵᠤ᠂ ᠲᠤᠰ ᠠᠵᠢᠯ ᠲᠥᠷᠥᠯ ᠤᠨ ᠬᠦᠷᠢᠶᠡᠨ ᠤ | ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠳᠠᠩᠰᠠᠯᠠᠭᠤᠯᠬᠤ ᠠᠵᠢᠯ ᠢ | ᠪᠡᠶᠡᠯᠡᠭᠦᠯᠦᠨ᠎ᠡ᠃ | ︵ᠶᠢᠰᠦ︶ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠢᠶ᠎ᠠ ᠪᠥᠬᠦᠢ ᠦᠢᠯᠡᠳᠪᠦᠷᠢᠯᠡᠯ ᠤᠨ | ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ᠂ ᠪᠠᠶᠢᠴᠠᠭᠠᠨ | ᠰᠢᠢᠳᠪᠦᠷᠢᠯᠡᠬᠦ ᠪᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠬᠤ᠂ ᠬᠠᠮᠵᠢᠯᠴᠠᠬᠤ ᠪᠤᠶᠤ ᠲᠡᠭᠦᠨ ᠳᠤ ᠣᠷᠣᠯᠴᠠᠵᠤ᠂ | ᠲᠤᠰ ᠠᠵᠢᠯ ᠲᠥᠷᠥᠯ ᠤᠨ ᠬᠦᠷᠢᠶᠡᠨ ᠤ ᠡ᠊ᠨᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ | ︵ᠠᠷᠪᠠ︶ ᠲᠣᠰ ᠠᠵᠢᠯ ᠲᠥᠷᠥᠯ ᠤᠨ ᠬᠦᠷᠢᠶᠡᠨ ᠳᠠᠬᠢ ᠠᠶᠦᠯᠬᠦᠢ ᠦᠢᠯᠡᠳᠪᠦᠷᠢᠯᠡᠯ ᠤᠨ ᠵᠠᠰᠠᠯᠲᠠ ᠶᠢᠨ | ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠢᠳᠡᠪᠬᠢᠲᠡᠶ ᠠᠬᠢᠭᠤᠯᠵᠤ᠂ ᠠᠶᠦᠯᠬᠦᠢ | ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠰ ᠠᠵᠢᠯ | ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠦᠷᠢᠳᠬᠡᠨ | ᠵᠠᠳᠠᠯᠬᠤ ᠠᠵᠢᠯ ᠢ ᠡᠭᠦᠷᠭᠡᠯᠡᠨ᠎ᠡ ᠃ | ︵ᠠᠷᠪᠠᠨ ᠨᠢᠭᠡ︶ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠲᠦᠭᠰᠢᠭᠦᠷᠢ ᠶᠢ ᠱᠠᠲᠤ ᠬᠤᠪᠢᠶᠠᠨ | ᠬᠠᠮᠢᠶᠠᠷᠤᠨ ᠡᠵᠡᠮᠳᠡᠬᠦ ᠠᠵᠢᠯ ᠢ ᠬᠠᠤᠯᠢ ᠶᠣᠰᠣᠭᠠᠷ ᠪᠥᠬᠦ ᠲᠠᠯ᠎ᠠ ᠪᠠᠷ ᠥᠷᠨᠢᠭᠦᠯᠵᠦ᠂ ᠢᠯᠡᠷᠡᠭᠦᠯᠦᠭᠰᠡᠨ | ᠠᠰᠠᠭᠤᠳᠠᠯ ᠤᠨ ᠳᠠᠯᠳᠠ ᠬᠡᠮ ᠳᠤ ᠴᠡᠭᠴᠡᠯᠡᠨ ᠰᠠᠶᠢᠵᠢᠷᠠᠭᠤᠯᠬᠤ ᠵᠠᠷᠯᠢᠭ ᠪᠠᠭᠤᠯᠭᠠᠬᠤ ᠪᠤᠶᠤ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠪᠥᠬᠦ ᠶᠠᠪᠤᠴᠠ ᠳᠤ | ᠬᠢᠨᠠᠯᠲᠠ ᠲᠠᠯᠪᠢᠨ ᠰᠢᠯᠭᠠᠨ ᠠᠪᠴᠤ᠂ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠶᠢᠨ ᠬᠠᠮᠲᠤ ᠰᠢᠳᠭᠡᠯ ᠢ | ᠬᠦᠴᠦᠨ ᠥᠬᠡᠶ ᠪᠣᠯᠭᠠᠨ᠎ᠠ ᠃ | ︵ᠠᠷᠪᠠᠨ ᠬᠤᠶᠠᠷ︶ ᠬᠠᠮᠢᠶᠠᠷᠴᠦ ᠪᠠᠶᠢᠭ᠎ᠠ ᠠᠵᠢᠯ ᠲᠦᠷᠦᠯ ᠤᠨ ᠬᠦᠷᠢᠶᠡᠨ ᠳᠠᠬᠢ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢᠨ ᠠᠶᠦᠯᠬᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠬᠡᠷᠡᠭᠵᠢᠭᠦᠯᠦᠭᠰᠡᠨ | ᠪᠠᠶᠢᠳᠠᠯ ᠪᠠ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠳᠠᠭᠠᠭᠠᠴᠢᠯᠠᠭᠰᠠᠨ ᠪᠠᠶᠢᠳᠠᠯ ᠳᠤ | ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢᠨ ᠬᠠᠮᠲᠤ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠶᠣᠰᠣᠭᠠᠷ ᠬᠠᠮᠢᠶᠠᠷᠤᠯᠲᠠ ᠶᠠᠪᠤᠭᠤᠯᠤᠨ᠎ᠠ ᠃ | ︵ᠠᠷᠪᠠᠨ ᠭᠤᠷᠪᠠ︶ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠠᠶᠦᠯᠬᠦᠢ | ᠦᠢᠯᠡᠳᠪᠦᠷᠢᠯᠡᠯ ᠤᠨ ᠬᠢᠨᠠᠨ ᠵᠢᠯᠣᠭᠤᠳᠴᠤ ᠪᠠᠶᠢᠴᠠᠭᠠᠬᠤ ᠪᠤᠶᠤ ᠠᠶᠤᠯᠭᠦᠢ ᠶᠢᠨ ᠲᠠᠯᠳᠠ ᠭᠡᠮ ᠢ ᠵᠢᠭᠰᠠᠭᠠᠨ | ᠪᠠᠶᠢᠴᠠᠭᠠᠬᠤ ᠶᠢ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠪᠦᠯᠬᠦᠮ ᠳᠠᠭᠠᠭᠤᠯᠤᠨ ᠶᠠᠪᠤᠭᠳᠠᠭᠤᠯᠤᠨ᠎ᠠ ᠃ | ︵ᠠᠷᠪᠠᠨ ᠳᠥᠷᠪᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠲᠠ ᠶᠢᠨ | ᠠᠶᠦᠯᠬᠦᠢ ᠦᠢᠯᠡᠳᠪᠦᠷᠢᠯᠡᠯ ᠤᠨ ᠵᠥᠪᠯᠡᠯ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠭᠤᠷᠪᠠᠳᠤᠭᠠᠷ ᠪᠦᠯᠦᠭ ᠪᠣᠳᠠᠲᠠᠶ ᠡᠭᠦᠷᠭᠡ ᠬᠠᠷᠢᠭᠤᠴᠠᠯᠭ᠎ᠠ | ᠠᠷᠪᠠᠨ ᠭᠤᠷᠪᠠᠳᠤᠭᠠᠷ ᠵᠦᠢᠯ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ︵ᠨᠢᠭᠡ︶ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠠᠶᠦᠯᠬᠦᠢ ᠦᠢᠯᠡᠳᠪᠦᠷᠢᠯᠡᠯ ᠤᠨ ᠠᠵᠢᠯ ᠢ ᠤᠳᠤᠷᠢᠳᠬᠤ | ᠺᠠᠳ᠋ᠷ ᠤᠨ ᠬᠡᠪ ᠴᠢᠨᠠᠷ ᠤᠨ ᠪᠣᠯᠪᠠᠰᠤᠷᠠᠯ᠂ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠠᠵᠢᠯ ᠤᠨ ᠠᠮᠵᠢᠯᠲᠠ ᠶᠢ | ᠬᠢᠨᠠᠨ ᠦᠨᠡᠯᠡᠬᠦ ᠴᠢᠬᠤᠯᠠ ᠭᠦᠢᠴᠡᠳᠭᠡᠯ ᠲᠤᠭ᠎ᠠ ᠳᠤ ᠤᠷᠤᠭᠤᠯᠤᠨ᠎ᠠ ᠃ | ︵ᠬᠤᠶᠠᠷ︶ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠵᠤ ᠦᠨᠡᠯᠡᠬᠦ ᠦᠶ᠎ᠡ ᠳᠠᠬᠢ | ᠠᠶᠦᠯᠬᠦᠢ ᠦᠢᠯᠡᠳᠪᠦᠷᠢᠯᠡᠯ ᠤᠨ ᠬᠦᠢᠴᠡᠳᠬᠡᠯ ᠲᠤᠭ᠎ᠠ ᠶᠢᠨ ᠡᠵᠡᠯᠡᠬᠦᠨ ᠢ ᠨᠡᠮᠡᠭᠳᠡᠭᠦᠯᠵᠦ᠂ ᠠᠶᠦᠯᠬᠦᠢ | ᠦᠢᠯᠡᠳᠪᠦᠷᠢᠯᠡᠯ ᠤᠨ ︽ᠨᠢᠭᠡ ᠪᠢᠯᠧᠲ ᠢᠶᠠᠷ ᠦᠭᠡᠶᠢᠰᠬᠡᠬᠦ︾ ᠶᠢ ᠴᠢᠩᠳᠠᠯᠠᠨ᠎ᠠ᠃ | ᠠᠷᠪᠠᠨ ᠳᠥᠷᠪᠡᠳᠦᠭᠡᠷ ᠵᠦᠢᠯ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ︵ᠨᠢᠭᠡ︶ ᠠᠶᠦᠯᠬᠦᠢ ᠦᠢᠯᠡᠳᠪᠦᠷᠢᠯᠡᠯ ᠢ ᠤᠬᠠᠭᠤᠯᠭ᠎ᠠ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ | ᠳᠤ ᠣᠷᠣᠭᠤᠯᠵᠤ ᠂ ᠰᠣᠨᠢᠨ ᠮᠡᠳᠡᠭᠡᠨ ᠤ ᠵᠠᠭᠤᠴᠢᠯᠠᠭᠤᠷ ᠢ ᠬᠥᠲᠥᠯᠥᠨ ᠵᠢᠯᠣᠭᠤᠳᠴᠤ ᠪᠠᠶᠢᠭᠠᠳ | ᠠᠶᠤᠯᠭᠦᠢ ᠶᠢᠨ ᠡ᠊ᠨᠳᠡᠯ ᠪᠤᠶᠤ ᠪᠤᠰᠤᠳ ᠠᠶᠤᠯᠭᠦᠢ ᠶᠢᠨ ᠭᠡᠨᠡᠳᠲᠡ ᠶᠢᠨ ᠬᠡᠷᠡᠭ ᠢ ᠵᠥᠪ ᠢᠶᠠᠷ ᠤᠬᠠᠭᠤᠯᠵᠤ ᠂ | ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃ | ︵ᠬᠤᠶᠠᠷ︶ ᠠᠶᠦᠯᠬᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠲᠤᠰᠬᠠᠶ ᠪᠤᠯᠤᠩ ᠨᠡᠭᠡᠭᠡᠬᠦ ᠶᠢ ᠵᠣᠬᠢᠶᠠᠨ | ᠪᠠᠶᠢᠭᠤᠯᠬᠤ ᠪᠠ ᠵᠢᠯᠣᠭᠤᠳᠴᠤ᠂ ᠬᠤᠯᠪᠣᠭᠳᠠᠯ ᠪᠥᠬᠦᠢ ᠴᠢᠭᠯᠡᠯᠲᠡ ᠲᠥᠷᠥ ᠶᠢᠨ ᠪᠤᠳᠤᠯᠭ᠎ᠠ ᠪᠣᠯᠤᠨ ᠬᠠᠤᠯᠢ | ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠠᠶᠦᠯᠬᠦᠢ ᠦᠢᠯᠡᠳᠪᠦᠷᠢᠯᠡᠯ ᠤᠨ ᠲᠡᠷᠢᠭᠦᠨ ᠤ ᠨᠡᠶᠢᠲᠡᠯᠢᠭ ᠵᠢᠱᠢᠶ᠎ᠡ | ᠬᠢᠭᠡᠳ ᠠᠶᠦᠯᠬᠦᠢ ᠦᠢᠯᠡᠳᠪᠦᠷᠢᠯᠡᠯ ᠤᠨ ᠴᠢᠬᠤᠯᠠ ᠶᠡᠭᠡ ᠠᠵᠢᠯᠯᠠᠭ᠎ᠠ ᠶᠢ ᠮᠡᠳᠡᠭᠡᠯᠡᠨ᠎ᠡ᠃ | ᠠᠷᠪᠠᠨ ᠲᠠᠪᠤᠳᠤᠭᠠᠷ ᠵᠦᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ | ︵ᠨᠢᠭᠡ︶ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠬᠤ ᠶᠢᠨ ᠬᠠᠮᠲᠤ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠨ᠎ᠠ ᠃ | ︵ᠬᠤᠶᠠᠷ︶ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ | ᠂ ᠥᠷᠭᠡᠳᠬᠡᠨ ᠪᠠᠶᠢᠭᠤᠯᠬᠤ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ᠂ ᠳᠡᠩᠰᠡᠯᠡᠨ | ᠲᠡᠮᠳᠡᠭᠯᠡᠵᠦ᠂ ᠠᠮᠤᠷ ᠲᠦᠪᠰᠢᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠵᠦ᠂ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠭᠤᠷᠢ ᠲᠦᠬᠦᠭᠡᠷᠦᠮᠵᠢ᠂ ᠬᠠᠤᠯᠢ ᠬᠡᠷᠡᠭᠵᠢᠭᠦᠯᠬᠦ ᠲᠥᠬᠦᠭᠡᠷᠦᠮᠵᠢ᠂ ᠡᠳ᠋ | ᠪᠣᠳᠠᠰ ᠤᠨ ᠨᠥᠭᠡᠴᠡ᠂ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠪᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ | ᠲᠡᠮᠵᠢᠨ᠎ᠡ᠃ | ︵ᠭᠤᠷᠪᠠ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠠᠶᠦᠯᠬᠦᠢ ᠦᠢᠯᠡᠳᠪᠦᠷᠢᠯᠡᠯ ᠤᠨ | ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ ᠬᠦᠮᠦᠰ ᠲᠤ ᠵᠠᠯᠬᠠᠭᠠᠨ | ᠴᠡᠭᠡᠷᠯᠡᠭᠦᠯᠬᠦ ᠶᠢ ᠬᠡᠷᠡᠭᠵᠢᠭᠦᠯᠦᠨ᠎ᠡ ᠃ | ︵ᠲᠦᠷᠪᠡ︶ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠤᠯᠪᠣᠭᠳᠠᠯ ᠪᠦᠬᠦᠢ | ᠠᠭᠤᠷᠬᠠᠶ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠶᠡᠷᠦᠩᠬᠡᠶ ᠲᠥᠯᠥᠪᠵᠢᠭᠦᠯᠭᠡ ᠳᠤ | ᠨᠡᠶᠢᠴᠡᠬᠦ ᠦᠭᠡᠢ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ ᠦᠭᠡᠢ᠂ ᠪᠠᠶᠢᠷᠢᠰᠢᠯ ᠨᠢ ᠵᠤᠬᠢᠰ | ᠦᠭᠡᠢ ᠵᠡᠷᠭᠡ ᠠᠭᠤᠷᠬᠠᠶ ᠶᠢᠨ ᠬᠤᠳᠳᠤᠭ ᠤᠨ ᠡᠭᠦᠳᠡ ᠪᠠᠨ ᠬᠠᠭᠠᠭᠰᠠᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠯᠲᠠ ᠬᠢᠬᠦ ᠳᠤ ᠣᠷᠣᠯᠴᠠᠨ᠎ᠠ ᠃ | ︵ᠲᠠᠪᠤ︶ ᠠᠮᠤ ᠪᠤᠳᠠᠭᠠᠨ ᠤ ᠭᠦᠢᠯᠭᠡᠭᠡ᠂ ᠡᠳ᠋ᠰᠢᠬᠦᠯᠦᠨ ᠪᠣᠯᠪᠠᠰᠤᠷᠠᠭᠤᠯᠬᠤ ᠠᠵᠢᠯ ᠲᠦᠷᠦᠯ ᠤᠨ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠵᠢᠷᠭᠤᠭ᠎ᠠ︶ ᠬᠤᠲᠠ ᠶᠢᠨ ᠱᠠᠲᠤᠨ ᠤ ᠠᠮᠤ ᠪᠤᠳᠠᠭ᠎ᠠ᠂ ᠡᠮ ᠤᠨ ᠵᠦᠢᠯᠡᠰ ᠤᠨ ᠨᠥᠭᠡᠴᠡᠯᠡᠯᠲᠡ ᠪᠠ | ᠭᠠᠮᠰᠢᠭ ᠠᠴᠠ ᠠᠪᠤᠷᠬᠠᠤ ᠡᠳ᠋ ᠪᠣᠳᠠᠰ ᠤᠨ ᠨᠥᠭᠡᠴᠡᠯᠡᠯᠲᠡ ᠳᠠᠭᠠᠭᠠᠨ ᠨᠥᠭᠡᠴᠡᠯᠡᠬᠦ ᠨᠢᠬᠡᠴᠢ ᠶᠢᠨ ᠠᠶᠦᠯᠬᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠳᠣᠯᠤᠭ᠎ᠠ ︶ ᠬᠤᠲᠠ ᠶᠢᠨ ᠭᠠᠮᠰᠢᠭ ᠠᠴᠠ ᠠᠪᠤᠷᠬᠠᠤ ᠡᠳ᠋ ᠪᠣᠳᠠᠰ ᠢ ᠬᠤᠷᠢᠶᠠᠨ ᠬᠠᠳᠠᠭᠠᠯᠠᠬᠤ ᠂ ᠡᠭᠡᠯᠵᠢᠯᠡᠨ | ᠰᠣᠯᠢᠬᠤ ᠪᠠ ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ ᠳᠠᠬᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ ᠃ | ︵ᠨᠠᠢᠮᠠ︶ ᠨᠥᠭᠡᠴᠡᠯᠡᠬᠦ ᠰᠠᠭᠤᠷᠢ ᠲᠦᠬᠦᠬᠡᠷᠦᠮᠵᠢ᠂ ᠠᠮᠤ ᠪᠤᠳᠠᠭᠠᠨ ᠤ ᠭᠦᠢᠯᠭᠡᠭᠡᠨ ᠤ ᠲᠦᠬᠦᠭᠡᠷᠦᠮᠵᠢ ᠶᠢᠨ | ᠪᠥᠳᠥᠭᠡᠨ ᠪᠠᠶᠢᠭᠤᠯᠤᠯᠲᠠ ᠂ ᠡᠵᠡᠩᠨᠡᠯᠲᠡ ᠶᠢᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠶᠢᠰᠦ︶ ᠨᠡᠭᠦᠷᠡᠰᠦᠨ ᠠᠭᠤᠷᠬᠠᠶ ᠵᠢᠴᠢ ᠢᠵᠢ ᠪᠦᠷᠢᠳᠦᠭᠦᠯᠦᠭᠰᠡᠨ ᠤᠬᠢᠶᠠᠵᠤ ᠰᠢᠯᠢᠬᠦ ᠦᠢᠯᠡᠳᠪᠦᠷᠢ ᠶᠢᠨ | ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠠᠷᠪᠠ︶ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ | ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ ᠃ | ︵ᠠᠷᠪᠠᠨ ᠨᠢᠭᠡ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠴᠠᠬᠢᠯᠭᠠᠨ ᠬᠦᠴᠦᠨ ᠤ ᠠᠵᠢᠯ | ᠲᠥᠷᠥᠯ ︵ ᠡᠨᠧᠷᠬᠢ ᠬᠠᠳᠠᠭᠠᠯᠠᠬᠤ ᠴᠠᠬᠢᠯᠭᠠᠨ ᠥᠷᠳᠡᠭᠡ ᠪᠠᠭᠲᠠᠨ᠎ᠠ︶ ᠤᠨ ᠠᠶᠦᠯᠬᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠠᠷᠪᠠᠨ ᠬᠤᠶᠠᠷ︶ ᠬᠠᠷᠢᠶ᠎ᠠ ᠣᠷᠣᠨ ᠤ ᠪᠠᠨ ᠳᠣᠲᠣᠷᠠᠬᠢ ᠴᠠᠬᠢᠯᠭᠠᠨ ᠬᠦᠴᠦᠨ ᠤ ᠪᠦᠳᠦᠭᠡᠠ ᠪᠠᠶᠢᠭᠤᠯᠤᠯᠲᠠ ᠶᠢᠨ | ᠪᠠᠷᠢᠯᠭ᠎ᠠ ᠶᠢᠨ ᠠᠵᠢᠯ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠭᠤᠷᠪᠠ︶ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ ᠶᠢᠨ ᠠᠶᠦᠯᠬᠦᠢ | ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ ᠃ | ︵ᠠᠷᠪᠠᠨ ᠲᠥᠷᠪᠡ︶ ᠥᠷᠭᠡᠨ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ︵ᠡ᠊ᠨᠳᠡᠯ︶ ᠢ ᠠᠷᠭᠠᠴᠠᠭᠠᠨ | ᠰᠢᠢᠳᠪᠦᠷᠢᠯᠡᠬᠦ ᠶᠢ ᠵᠢᠯᠣᠭᠤᠳᠤᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ ᠃ | | ︵ᠠᠷᠪᠠᠨ ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ | ᠠᠶᠤᠯᠭᠦᠶ ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ ᠃ | ᠠᠷᠪᠠᠨ ᠵᠢᠷᠭᠤᠳᠤᠭᠠᠷ ᠵᠦᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ | ︵ᠨᠢᠭᠡ︶ ᠰᠤᠷᠭᠠᠨ ᠬᠥᠮᠦᠵᠢᠯ ᠤᠨ ᠰᠢᠰᠲ᠋ᠧᠮ ᠤᠨ ᠠᠶᠦᠯᠬᠦᠢ ᠶᠢᠨ ᠬᠢᠨᠠᠯᠲᠠ ᠬᠠᠮᠢᠶᠠᠷᠤᠯᠲᠠ ᠶᠢ ᠪᠥᠬᠦ | ᠲᠠᠯ᠎ᠠ ᠪᠠᠷ ᠬᠠᠷᠢᠭᠤᠴᠠᠨ᠎ᠠ᠃ | ︵ᠬᠤᠶᠠᠷ︶ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠵᠤ ᠂ ᠰᠤᠷᠭᠠᠭᠤᠯᠢ ᠶᠢ ᠵᠢᠯᠣᠭᠤᠳᠤᠨ | ᠱᠠᠯᠠᠪᠳᠠᠭᠤᠯᠵᠤ ᠪᠠᠶᠢᠭᠠᠳ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠵᠢᠴᠢ ᠪᠠᠴᠢᠮ | ᠪᠠᠶᠢᠳᠠᠯ ᠢ ᠠᠷᠭᠠᠴᠠᠭᠠᠬᠤ ᠲᠣᠭᠲᠠᠴᠠ ᠶᠢ ᠲᠣᠭᠲᠠᠭᠠᠯᠭᠠᠨ᠎ᠠ ᠃ | ︵ᠭᠤᠷᠪᠠ︶ ᠠᠮᠤᠷ ᠲᠦᠪᠰᠢᠨ ᠤ ᠬᠥᠮᠦᠵᠢᠯ ᠢ ᠰᠤᠷᠭᠠᠭᠤᠯᠢ ᠶᠢᠨ ᠬᠥᠮᠦᠵᠢᠯ ᠤᠨ ᠠᠭᠤᠯᠭ᠎ᠠ ᠳᠤ ᠣᠷᠣᠭᠤᠯᠬᠤ ᠶᠢ | ᠬᠠᠷᠢᠭᠤᠴᠠᠵᠤ᠂ ᠰᠤᠷᠭᠠᠭᠤᠯᠢ ᠶᠢ ᠵᠢᠯᠣᠭᠤᠳᠤᠨ ᠱᠠᠯᠠᠪᠳᠠᠭᠤᠯᠵᠤ ᠪᠠᠶᠢᠭᠠᠳ ᠠᠮᠤᠷ ᠲᠦᠪᠰᠢᠨ ᠤ ᠬᠥᠮᠦᠵᠢᠯ ᠪᠠ | ᠪᠠᠴᠢᠮ ᠪᠠᠶᠢᠳᠠᠯ ᠢ ᠠᠷᠭᠠᠴᠠᠭᠠᠵᠦ ᠠᠶᠤᠯ ᠠᠴᠠ ᠵᠠᠶᠢᠯᠠᠬᠤ ᠰᠣᠷᠢᠯᠲᠠ ᠶᠢ ᠥᠷᠨᠢᠭᠦᠯᠦᠨ᠎ᠡ ᠃ | ︵ᠲᠥᠷᠪᠡ︶ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠶᠤᠯᠲᠠᠶ ᠬᠢᠮᠢ ᠶᠢᠨ ᠵᠦᠢᠯᠡᠰ ᠤᠨ | ᠠᠶᠦᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠠᠪᠤ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠤᠭᠴᠢ ᠵᠥᠭᠡᠭᠡᠪᠦᠷᠢᠯᠡᠬᠦ ᠲᠡᠷᠭᠡᠨ ᠤ | ᠠᠶᠦᠯᠬᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢ ᠵᠢᠯᠣᠭᠤᠳᠤᠨ | ᠬᠢᠨᠠᠯᠲᠠ ᠲᠠᠯᠪᠢᠵᠤ ᠪᠠᠶᠢᠭᠠᠳ ᠰᠤᠷᠤᠭᠴᠢ ᠵᠥᠭᠡᠭᠡᠪᠦᠷᠢᠯᠡᠬᠦ ᠲᠡᠷᠭᠡᠨ ᠤ ᠠᠶᠤᠯᠭᠦᠢ ᠶᠢᠨ ᠬᠠᠮᠢᠶᠠᠷᠤᠯᠲᠠ ᠶᠢᠨ ᠲᠥᠷᠢᠮ | ᠢ ᠪᠠᠶᠢᠭᠤᠯᠤᠨ ᠲᠡᠬᠦᠯᠳᠡᠷᠵᠢᠬᠦᠯᠦᠨ᠎ᠡ᠃ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠠᠷᠪᠠᠨ ᠳᠣᠯᠣᠳᠤᠭᠠᠷ ᠵᠦᠢᠯ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ︵ᠨᠢᠭᠡ︶ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠠᠶᠦᠯᠬᠦᠢ ᠦᠢᠯᠡᠳᠪᠦᠷᠢᠯᠡᠯ ᠤᠨ ᠬᠤᠯᠪᠣᠭᠳᠠᠯ ᠪᠥᠬᠦᠶ | ᠠᠵᠢᠯ ᠤᠨ ᠠᠭᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠦᠯᠬᠦᠢ ᠦᠢᠯᠡᠳᠪᠦᠷᠢᠯᠡᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠲᠠ ᠶᠢ ᠪᠥᠬᠦ ᠬᠤᠲᠠ ᠶᠢᠨ ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠵᠠᠬᠪᠦᠷ ᠲᠤ ᠣᠷᠣᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ ᠃ | ︵ᠬᠤᠶᠠᠷ︶ ᠠᠶᠤᠯᠭᠦᠶ ᠦᠢᠯᠡᠳᠪᠦᠷᠢᠯᠡᠯ ᠤᠨ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠤᠳᠤᠯᠭᠠᠨ ᠢ ᠵᠣᠬᠢᠶᠠᠨ | ᠪᠠᠶᠢᠭᠤᠯᠵᠤ ᠵᠢᠯᠣᠭᠤᠳᠬᠤ ᠠᠵᠢᠯ ᠢ ᠬᠠᠷᠢᠭᠤᠴᠠᠨ᠎ᠠ ᠃ | ︵ᠭᠤᠷᠪᠠ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠦᠯᠬᠦᠢ ᠦᠢᠯᠡᠳᠪᠦᠷᠢᠯᠡᠯ ᠤᠨ ᠬᠦᠷᠢᠶᠡᠨ | ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ | ᠲᠡᠬᠦᠯᠳᠡᠷᠵᠢᠬᠦᠯᠵᠦ ᠂ ᠨᠡᠶᠢᠭᠡᠮ ᠤᠨ ᠬᠦᠴᠦᠨ᠂ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢᠨ ᠠᠶᠦᠯᠬᠦᠢ | ᠦᠢᠯᠡᠳᠪᠦᠷᠢᠯᠡᠯ ᠤᠨ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ ᠳᠡᠮᠵᠢᠬᠦ ᠪᠠ ᠬᠥᠲᠥᠯᠥᠨ ᠵᠢᠯᠣᠭᠤᠳᠴᠤ᠂ | ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢ ᠠᠯᠬᠤᠮ ᠠᠯᠬᠤᠮ ᠢᠶᠠᠷ ᠠᠶᠦᠯᠬᠦᠢ ᠦᠢᠯᠡᠳᠪᠦᠷᠢᠯᠡᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠣᠷᠣᠭᠤᠯᠤᠯᠲᠠ ᠪᠣᠯᠤᠨ ᠮᠡᠷᠭᠡᠵᠢᠯ ᠤᠨ ᠪᠠᠲᠤᠯᠠᠭ᠎ᠠ ᠶᠢᠨ ᠭᠤᠣᠯ ᠴᠣᠭᠴᠠ ᠪᠣᠯᠭᠠᠬᠤ ᠶᠢ | ᠠᠬᠢᠭᠤᠯᠵᠤ᠂ ᠠᠶᠦᠯᠬᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ | ᠬᠤᠪᠢᠷᠠᠭᠤᠯᠤᠨ ᠬᠡᠷᠡᠭᠯᠡᠬᠦ ᠶᠢ ᠲᠥᠯᠬᠢᠨ ᠠᠬᠢᠭᠤᠯᠤᠨ᠎ᠠ᠃ | ︵ᠲᠥᠷᠪᠡ︶ ᠲᠠᠷᠢᠶᠠᠯᠠᠩ ᠮᠠᠯ ᠠᠵᠤ ᠠᠬᠤᠶ ᠵᠢᠭᠠᠰᠤᠨ ᠠᠵᠤ ᠠᠬᠤᠶ ᠬᠢᠭᠡᠳ ᠲᠡᠭᠦᠨ ᠤ ᠲᠤᠰᠠᠯᠠᠬᠤ ᠴᠢᠨᠠᠷᠲᠠᠶ | ᠠᠵᠢᠯᠯᠠᠭ᠎ᠠ ᠪᠣᠯᠤᠨ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ︵ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠢᠬᠠᠨᠢᠭ ᠠᠶᠦᠯᠬᠦᠢ ᠦᠢᠯᠡᠳᠪᠦᠷᠢᠯᠡᠯ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ︵ᠵᠢᠷᠭᠤᠭ᠎ᠠ︶ ᠲᠠᠷᠢᠶᠠᠨ ᠡᠮ᠂ ᠮᠠᠯ ᠡᠮᠨᠡᠯᠭᠡ ᠶᠢᠨ ᠡᠮ ᠵᠡᠷᠭᠡ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ︵ᠲᠤᠯᠤᠭ᠎ᠠ︶ ᠵᠢᠭᠠᠰᠤᠨ ᠣᠩᠭᠤᠴᠠᠨ ᠤ ᠭᠠᠷᠠᠮ ᠤᠨ ᠤᠰᠦᠠ ᠣᠷᠣᠨ᠂ ᠵᠢᠭᠠᠰᠤᠨ ᠠᠵᠤ ᠠᠬᠤᠶ ᠶᠢᠨ | ᠦᠢᠯᠡᠳᠪᠦᠷᠢᠯᠡᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠨᠠᠢᠮᠠ︶ ᠲᠠᠷᠢᠶᠠᠯᠠᠬᠤ ᠮᠠᠯᠵᠢᠬᠤ ᠣᠷᠣᠨ ᠤ ᠳᠠᠬᠢᠠ ᠠᠰᠢᠭᠯᠠᠵᠤ ᠪᠣᠯᠬᠤ ᠡᠨᠧᠷᠬᠢ ᠶᠢ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠶᠢᠨ ᠠᠶᠤᠯᠬᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠬᠦᠷᠭᠡ ᠬᠠᠷᠢᠭᠤᠴᠠᠯᠭ᠎ᠠ᠃ | ᠠᠷᠪᠠᠨ ᠨᠠᠢᠮᠠᠳᠤᠭᠠᠷ ᠵᠦᠢᠯ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ︵ᠨᠢᠭᠡ︶ ᠠᠵᠤ ᠦᠢᠯᠡᠳᠪᠦᠷᠢ ᠪᠣᠯᠤᠨ ᠮᠡᠳᠡᠭᠡ ᠵᠠᠩᠬᠢᠵᠢᠯᠳᠠ ᠶᠢᠨ ᠬᠤᠯᠪᠣᠭᠳᠠᠯ ᠪᠥᠬᠦᠢ ᠠᠵᠢᠯ ᠲᠥᠷᠥᠯ ᠤᠨ | ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠬᠤᠶᠠᠷ︶ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ᠂ ᠪᠣᠷᠣᠯᠠᠭᠤᠯᠬᠤ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠠᠷᠠᠳ ᠤᠨ ᠬᠡᠷᠡᠭᠯᠡᠭᠡᠨ ᠤ ᠠᠮᠠᠷᠬᠠᠨ ᠨᠤᠴᠤᠵᠤ ᠳᠡᠯᠪᠡᠷᠡᠬᠦ ᠡᠳ᠋ ᠪᠣᠳᠠᠰ ᠢ ᠬᠠᠤᠯᠢ | ᠪᠤᠰᠤ ᠪᠠᠷ ᠦᠢᠯᠡᠳᠪᠦᠷᠢᠯᠡᠬᠦ᠂ ᠪᠣᠷᠣᠯᠠᠭᠤᠯᠬᠤ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠠᠶᠢᠴᠠᠭᠠᠨ | ᠰᠢᠢᠳᠪᠦᠷᠢᠯᠡᠨ᠎ᠡ᠃ | ︵ᠭᠤᠷᠪᠠ︶ ᠢᠳᠡᠬᠡᠨ ᠤ ᠳᠠᠪᠤᠰᠤ ᠶᠢ ᠴᠡᠭ ᠲᠣᠭᠲᠠᠭᠠᠨ ᠦᠢᠯᠡᠳᠪᠦᠷᠢᠯᠡᠬᠦ ᠪᠥᠭᠡᠮ ᠢᠶᠠᠷ ᠬᠤᠳᠠᠯᠳᠤᠬᠤ ᠠᠵᠤ | ᠠᠬᠤᠶᠢᠯᠠᠯ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠲᠥᠷᠪᠡ︶ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠪᠠ ᠤᠷᠢᠳᠴᠢᠯᠠᠨ ᠮᠡᠳᠡᠭᠡᠯᠡᠵᠦ | ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠳᠤ ᠴᠢᠮᠡᠭᠡ ᠬᠤᠯᠪᠣᠭᠠᠨ ᠤ ᠪᠠᠲᠤᠯᠠᠭ᠎ᠠ ᠬᠠᠩᠭᠠᠬᠤ ᠶᠢ | ᠬᠠᠷᠢᠭᠤᠴᠠᠨ᠎ᠠ ᠃ | ︵ᠲᠠᠪᠤ︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠲᠥᠷᠥᠯ ᠤᠨ ᠬᠥᠭᠵᠢᠯᠲᠡ ᠶᠢᠨ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ ᠪᠠ ᠮᠡᠷᠭᠡᠵᠢᠯ ᠤᠨ | ᠥᠭᠡᠷᠡᠴᠢᠯᠡᠯᠲᠡ ᠵᠡᠷᠭᠡ ᠲᠠᠯ᠎ᠠ ᠪᠠᠷ ᠠᠶᠤᠯᠭᠦᠶ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ | ᠪᠣᠳᠣᠯᠬᠢᠯᠠᠵᠤ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ | ᠠᠶᠤᠯᠭᠦᠶ ᠦᠢᠯᠡᠳᠪᠦᠷᠢᠯᠡᠯ ᠤᠨ ᠲᠡᠷᠢᠭᠦᠨ ᠤ ᠭᠠᠷ ᠤᠷᠠᠯᠠᠯ ᠤᠨ ᠮᠡᠷᠭᠡᠵᠢᠯ ᠪᠠ ᠲᠥᠬᠦᠭᠡᠷᠦᠮᠵᠢ ᠶᠢ ᠳᠡᠯᠭᠡᠷᠡᠭᠦᠯᠦᠨ | ᠬᠡᠷᠡᠭᠯᠡᠵᠦ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ | ︵ᠵᠢᠷᠭᠤᠭ᠎ᠠ︶ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠭᠦᠢᠯᠭᠡᠭᠡ ᠂ ᠬᠠᠭᠤᠴᠢᠨ ᠪᠠᠷᠠᠭ᠎ᠠ ᠶᠢᠨ ᠭᠦᠢᠯᠭᠡᠭᠡ | ᠂ ᠮᠠᠰᠢᠨ ᠲᠡᠷᠭᠡᠨ ᠤ ᠭᠦᠢᠯᠭᠡᠭᠡ ᠪᠣᠯᠤᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠵᠡᠷᠭᠡ ᠠᠵᠢᠯ ᠲᠦᠷᠦᠯ | ᠤᠨ ᠠᠶᠤᠯᠬᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠤᠯᠤᠭ᠎ᠠ︶ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ︵ᠢᠳᠡᠭᠡᠨ ᠤᠮᠳᠠᠭᠠᠨ ᠤ ᠦᠢᠯᠡᠰ᠂ | ᠬᠤᠨᠤᠭ ᠤᠨ ᠦᠢᠯᠡᠰ᠂ ᠤᠳᠤᠨ ᠲᠡᠰ ᠤᠨ ᠪᠠᠭᠤᠳᠠᠯ ᠪᠠᠭᠲᠠᠬᠤ ᠥᠭᠡᠢ︶᠂ ᠲᠤᠮᠤ ᠬᠡᠯᠪᠡᠷᠢ ᠶᠢᠨ ᠬᠤᠳᠠᠯᠳᠤᠭ᠎ᠠ | ᠠᠷᠠᠯᠵᠢᠶᠠᠨ ᠤ ︵ᠦᠵᠡᠭᠦᠯᠭᠡ︶ ᠠᠵᠢᠯᠯᠠᠭ᠎ᠠ ᠶᠢᠨ ᠲᠠᠯᠠᠪᠤᠷ ︵ᠬᠤᠳᠠᠯᠳᠤᠭᠠᠨ ᠤ ᠲᠠᠯᠠᠪᠤᠷ᠂ ᠴᠢᠯᠦᠬᠡᠳᠦ ᠳᠡᠯᠭᠡᠭᠦᠷ᠂ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ︶ ᠤᠨ ᠠᠶᠦᠯᠬᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠬᠤ᠂ | ᠪᠠᠶᠢᠴᠠᠭᠠᠬᠤ᠂ ᠱᠠᠯᠠᠪᠳᠠᠭᠤᠯᠬᠤ ᠶᠢ ᠬᠠᠷᠢᠭᠤᠴᠠᠨ᠎ᠠ ᠃ | ︵ ᠨᠠᠢᠮᠠ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠭᠠᠳᠠᠭᠠᠳᠤ ᠳᠤ ᠪᠠᠯᠠ ᠣᠷᠣᠭᠤᠯᠵᠤ | ᠬᠤᠷᠰᠢᠭᠰᠠᠨ ᠠᠵᠤ ᠠᠬᠤᠶᠢᠯᠠᠯ ᠤᠨ ᠬᠢᠯᠢ ᠶᠢᠨ ᠳᠣᠲᠣᠷᠠᠬᠢ ᠭᠤᠤᠯ ᠴᠣᠭᠴᠠ ᠶᠢ ᠵᠢᠯᠣᠭᠤᠳᠴᠤ᠂ ᠪᠠᠶᠢᠴᠠᠭᠠᠵᠤ᠂ | ᠱᠠᠯᠠᠪᠳᠠᠭᠤᠯᠵᠤ ᠪᠠᠶᠢᠭᠠᠳ ᠬᠢᠯᠢ ᠶᠢᠨ ᠭᠠᠳᠠᠨᠠᠬᠢ ᠪᠠᠯᠠ ᠣᠷᠣᠭᠤᠯᠵᠤ ᠬᠤᠷᠰᠢᠭᠰᠠᠨ ᠲᠥᠷᠥᠯ ᠵᠦᠢᠯ ᠤᠨ ᠠᠶᠦᠯᠬᠦᠢ | ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠎ᠠ᠃ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠠᠷᠪᠠ ᠶᠢᠰᠦᠳᠦᠭᠡᠷ ᠵᠦᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ︵ᠨᠢᠭᠡ︶ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠬᠤᠶᠠᠷ︶ ᠳᠣᠲᠣᠭᠠᠳᠤ ᠶᠢ ᠬᠠᠮᠠᠭᠠᠯᠠᠬᠤ ᠰᠠᠯᠪᠤᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠢᠨᠠᠯᠲᠠ | ᠬᠠᠮᠢᠶᠠᠷᠤᠯᠲᠠ ᠶᠢ ᠬᠠᠤᠯᠢ ᠶᠣᠰᠣᠭᠠᠷ ᠬᠠᠷᠢᠭᠤᠴᠠᠨ᠎ᠠ ᠃ | ︵ᠭᠤᠷᠪᠠ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ | ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠲᠦᠷᠪᠡ︶ ᠠᠷᠠᠳ ᠤᠨ ᠬᠡᠷᠡᠭᠯᠡᠭᠡᠨ ᠤ ᠠᠮᠠᠷᠬᠠᠨ ᠨᠤᠴᠤᠵᠤ ᠳᠡᠯᠪᠡᠷᠡᠬᠦ ᠡᠳ᠋ ᠪᠣᠳᠠᠰ ᠪᠠ ᠫᠤᠤᠵᠢᠩ ᠬᠤᠸᠠᠷ | ᠫᠤᠤᠵᠢᠩ ᠤᠨ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠷᠠᠳ ᠤᠨ | ᠬᠡᠷᠡᠭᠯᠡᠭᠡᠨ ᠤ ᠠᠮᠠᠷᠬᠠᠨ ᠨᠤᠴᠤᠵᠤ ᠳᠡᠯᠪᠡᠷᠡᠬᠦ ᠡᠳ᠋ ᠪᠣᠳᠠᠰ ᠢ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠳᠡᠯᠪᠡᠴᠢᠬᠦ | ᠠᠵᠢᠯ ᠵᠢᠴᠢ ᠫᠤᠤᠵᠢᠩ ᠬᠤᠸᠠᠷ ᠫᠤᠤᠵᠢᠩ ᠢ ᠲᠡᠭᠡᠭᠡᠪᠦᠷᠢᠯᠡᠬᠦ᠂ ᠫᠤᠤᠵᠢᠩ ᠲᠠᠯᠪᠢᠬᠤ ᠶᠠᠪᠤᠴᠠ ᠳᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠠᠷᠠᠳ ᠤᠨ ᠬᠡᠷᠡᠭᠯᠡᠭᠡᠨ ᠤ ᠠᠮᠠᠷᠬᠠᠨ ᠨᠤᠴᠤᠵᠤ | ᠳᠡᠯᠪᠡᠷᠡᠬᠦ ᠡᠳ᠋ ᠪᠣᠳᠠᠰ ᠪᠠ ᠫᠤᠤᠵᠢᠩ ᠬᠤᠸᠠᠷ ᠫᠤᠤᠵᠢᠩ ᠤᠨ ᠢᠷᠡᠯᠳᠡ ᠪᠤᠯᠤᠨ ᠬᠤᠳᠠᠯᠳᠤᠬᠤ᠂ ᠬᠡᠷᠡᠭᠯᠡᠬᠦ ᠪᠦᠬᠦ | ᠶᠠᠪᠤᠴᠠ ᠶᠢ ᠬᠢᠨᠠᠨ ᠡᠵᠡᠮᠳᠡᠨ᠎ᠡ ᠃ | ︵ᠲᠠᠪᠤ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠷᠠᠳ ᠤᠨ ᠬᠡᠷᠡᠭᠯᠡᠭᠡᠨ ᠤ ᠠᠮᠠᠷᠬᠠᠨ | ᠨᠤᠴᠤᠵᠤ ᠳᠡᠯᠪᠡᠷᠡᠬᠦ ᠪᠣᠳᠠᠰ ᠢ ᠬᠠᠤᠯᠢ ᠪᠤᠰᠤ ᠪᠠᠷ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠰᠢᠦᠳᠠᠨ ᠢᠶᠠᠷ ᠢᠯᠡᠭᠡᠬᠦ | ᠂ ᠬᠡᠷᠡᠭᠯᠡᠬᠦ ︵ᠬᠠᠳᠠᠭᠠᠯᠠᠬᠤ ᠶᠢ ᠪᠠᠭᠲᠠᠭᠠᠨ᠎ᠠ︶ ᠦᠢᠯᠡ ᠠᠵᠢᠯᠯᠠᠭ᠎ᠠ ᠪᠠ ᠫᠤᠤᠵᠢᠩ ᠬᠤᠸᠠᠷ ᠫᠤᠤᠵᠢᠩ ᠬᠠᠤᠯᠢ | ᠪᠤᠰᠤ ᠪᠠᠷ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠰᠢᠦᠳᠠᠨ ᠢᠶᠠᠷ ᠢᠯᠡᠭᠡᠬᠦ᠂ ᠫᠤᠤᠵᠢᠩ | ᠬᠤᠸᠠᠷ ᠫᠤᠤᠵᠢᠩ ᠲᠠᠯᠪᠢᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠵᠢᠷᠭᠤᠭ᠎ᠠ︶ ᠠᠶᠤᠯᠲᠠᠶ ᠬᠢᠮᠢ ᠶᠢᠨ ᠪᠤᠳᠠᠰ ᠤᠨ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠬᠠᠷᠢᠭᠤᠴᠠᠵᠤ᠂ ᠠᠶᠤᠯᠲᠠᠶ ᠬᠢᠮᠢ ᠶᠢᠨ ᠪᠤᠳᠠᠰ ᠢ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠲᠤᠬᠰᠢᠨ ᠬᠤᠣᠷᠲᠠᠢ ᠬᠢᠮᠢ ᠶᠢᠨ ᠵᠦᠢᠯᠡᠰ᠂ ᠳᠡᠯᠪᠡᠷᠡᠬᠦ ᠳᠤ | ᠠᠮᠠᠷᠬᠠᠨ᠂ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠤᠳᠠᠰ ᠤᠨ ᠭᠦᠢᠯᠭᠡᠭᠡᠨ ᠤ ᠬᠠᠨᠳᠤᠰᠢ ᠶᠢ ᠬᠢᠨᠠᠨ | ᠡᠵᠡᠮᠳᠡᠵᠦ᠂ ᠲᠤᠬᠰᠢᠨ ᠬᠤᠣᠷᠲᠠᠢ ᠬᠢᠮᠢ ᠶᠢᠨ ᠪᠤᠳᠠᠰ᠂ ᠳᠡᠯᠪᠡᠷᠡᠬᠦ ᠳᠤ ᠠᠮᠠᠷᠬᠠᠨ᠂ ᠬᠤᠣᠷᠲᠤ ᠡᠳ᠋ ᠦᠢᠯᠡᠳᠬᠦ ᠳᠤ | ᠠᠮᠠᠷᠬᠠᠨ ᠠᠶᠤᠯᠲᠠᠶ ᠬᠢᠮᠢ ᠶᠢᠨ ᠪᠤᠳᠠᠰ ᠢ ᠬᠤᠳᠠᠯᠳᠤᠭᠠᠯᠠᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠲᠤᠯᠤᠭ᠎ᠠ︶ ᠤᠯᠡᠠ ᠲᠦᠮᠡᠨᠴᠢ ᠴᠢᠨᠠᠷᠲᠠᠶ ᠲᠤᠮᠦ ᠬᠡᠯᠪᠡᠷᠢ ᠶᠢᠨ ᠠᠵᠢᠯᠯᠠᠭ᠎ᠠ ᠶᠢᠨ ᠠᠶᠤᠯᠭᠦᠶ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠨᠠᠢᠮᠠ︶ ᠠᠶᠤᠯᠭᠦᠶ ᠦᠢᠯᠡᠳᠪᠦᠷᠢᠯᠡᠯ ᠳᠤ ᠬᠤᠯᠪᠣᠭᠳᠠᠭᠰᠠᠨ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ ᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ ᠃ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠬᠤᠷᠢᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠵᠠᠬᠢᠷᠭᠠᠨ ᠤ ᠲᠣᠪᠴᠢᠶ᠎ᠠ | ︵ᠨᠢᠭᠡ︶ ᠠᠷᠠᠳ ᠤᠨ ᠶᠠᠪᠤᠳᠠᠯ ᠤᠨ ᠰᠢᠰᠲ᠋ᠧᠮ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | ︵ᠬᠤᠶᠠᠷ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠪᠠᠶᠢᠭᠤᠯᠤᠮᠵᠢ᠂ ᠨᠠᠰᠤᠨ ᠳᠤ ᠥᠯᠥ ᠭᠦᠷᠦᠭᠰᠡᠳ ᠢ | ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠲᠡᠨᠦᠭᠦᠯ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠵᠤ ᠬᠠᠮᠢᠶᠠᠷᠬᠤ | ᠪᠠᠶᠢᠭᠤᠯᠤᠮᠵᠢ᠂ ᠣᠷᠣᠰᠢᠭᠤᠯᠭ᠎ᠠ ᠶᠢᠨ ᠦᠢᠯᠡᠴᠢᠯᠡᠬᠡᠨ ᠤ ᠪᠠᠶᠢᠭᠤᠯᠤᠮᠵᠢ ᠪᠠ ᠬᠡᠷ ᠲᠡᠭᠡᠨ ᠬᠤᠴᠤᠷᠴᠤ ᠰᠠᠭᠤᠵᠤ | ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠬᠡᠨ ᠤ ᠲᠥᠪ ︵ᠥᠷᠲᠡᠭᠡ︶ ᠵᠡᠷᠭᠡ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ ᠃ | ᠬᠤᠷᠢᠨ ᠨᠢᠭᠡᠳᠦᠭᠡᠷ ᠵᠦᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ | ︵ᠨᠢᠭᠡ︶ ᠠᠶᠦᠯᠬᠦᠢ ᠦᠢᠯᠡᠳᠪᠦᠷᠢᠯᠡᠯ ᠤᠨ ᠬᠠᠤᠯᠢ ᠴᠠᠭᠠᠵᠠ ᠂ ᠬᠠᠤᠯᠢ ᠲᠣᠭᠲᠠᠭᠠᠯ ᠢ ᠠᠷᠠᠳ ᠢᠷᠭᠡᠳ | ᠤᠨ ᠬᠠᠤᠯᠢ ᠲᠦᠭᠡᠮᠡᠯᠵᠢᠭᠦᠯᠬᠦ ᠴᠢᠬᠤᠯᠠ ᠠᠭᠤᠯᠭ᠎ᠠ ᠳᠤ ᠣᠷᠣᠭᠤᠯᠬᠤ ᠶᠢ ᠬᠠᠷᠢᠭᠤᠴᠠᠵᠤ ᠂ ︽ ᠬᠡᠨ ᠬᠠᠤᠯᠢ | ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠥᠷᠢᠮ ᠢ | ᠵᠣᠬᠢᠴᠠᠭᠤᠯᠤᠨ ᠠᠬᠢᠭᠤᠯᠵᠤ᠂ ᠠᠶᠦᠯᠬᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠮᠡᠳᠡᠯᠭᠡ ᠶᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠦᠨ᠎ᠡ᠃ | ︵ᠬᠤᠶᠠᠷ︶ ᠪᠥᠬᠦ ᠬᠤᠲᠠ ᠶᠢᠨ ᠠᠶᠦᠯᠬᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠬᠤᠯᠪᠣᠭᠳᠠᠯ ᠪᠥᠬᠦᠶ ᠠᠶᠦᠯᠬᠦᠢ | ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠪᠠ ᠬᠤᠯᠪᠣᠭᠳᠠᠯ ᠪᠥᠬᠦᠶ ᠵᠠᠷᠭᠤ ᠬᠦᠯᠢᠶᠡᠬᠦ | ᠬᠡᠷᠡᠭ ᠢ ᠳᠠᠭᠠᠭᠠᠨ ᠬᠦᠢᠴᠡᠳᠬᠡᠨ᠎ᠡ᠃ | ︵ᠭᠤᠷᠪᠠ︶ ᠰᠢᠰᠲ᠋ᠧᠮ ᠤᠨ ᠳᠣᠲᠣᠷᠠᠬᠢ ᠠᠶᠦᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ | ᠵᠣᠬᠢᠴᠠᠭᠤᠯᠤᠨ᠎ᠠ ᠃ | ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠬᠤᠷᠢᠨ ᠬᠤᠶᠠᠳᠤᠭᠠᠷ ᠵᠦᠢᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︵ᠬᠤᠲᠠ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ | ︵ᠨᠢᠭᠡ︶ ᠠᠶᠦᠯᠬᠦᠢ ᠦᠢᠯᠡᠳᠪᠦᠷᠢᠯᠡᠯ ᠤᠨ ᠠᠵᠢᠯ ᠤᠨ ᠡᠳ᠋ ᠤᠨ ᠵᠠᠰᠠᠭ ᠤᠨ ᠲᠥᠷᠥ ᠶᠢᠨ ᠪᠤᠳᠤᠯᠭ᠎ᠠ ᠶᠢ | ᠲᠡᠬᠦᠯᠳᠡᠷᠵᠢᠬᠦᠯᠦᠨ ᠨᠠᠶᠢᠳᠠᠪᠤᠷᠢᠵᠢᠭᠤᠯᠵᠤ᠂ ᠠᠶᠦᠯᠬᠦᠢ ᠦᠢᠯᠡᠳᠪᠦᠷᠢᠯᠡᠯ ᠤᠨ ᠣᠷᠣᠭᠤᠯᠤᠯᠲᠠ ᠶᠢᠨ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠦᠨ᠂ ᠠᠶᠦᠯᠬᠦᠢ ᠦᠢᠯᠡᠳᠪᠦᠷᠢᠯᠡᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ | ᠠᠶᠦᠯᠬᠦᠢ ᠶᠢᠨ ᠲᠠᠯᠳᠠ ᠭᠡᠮ ᠢ ᠵᠠᠰᠠᠬᠤ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠬᠦ ᠪᠠᠨ | ᠴᠢᠩᠭᠠᠳᠬᠠᠨ᠎ᠠ᠃ | ︵ᠬᠤᠶᠠᠷ︶ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠶᠦᠯᠬᠦᠢ ᠦᠢᠯᠡᠳᠪᠦᠷᠢᠯᠡᠯ ᠳᠤ ᠬᠡᠷᠡᠭᠰᠡᠬᠦ | ᠠᠵᠢᠯ ᠤᠨ ᠵᠠᠷᠤᠳᠠᠯ ᠢ ᠳᠣᠭᠢᠷᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠶᠢᠨ ᠬᠠᠮᠲᠤ ᠵᠠᠷᠤᠳᠠᠯ ᠤᠨ | ᠬᠡᠷᠡᠭᠯᠡᠭᠡ ᠳᠤ ᠬᠢᠨᠠᠯᠲᠠ ᠲᠠᠯᠪᠢᠨ᠎ᠠ ᠃ | ︵ᠭᠤᠷᠪᠠ︶ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠷᠤᠳᠠᠯ ᠢ | ᠪᠠᠲᠤᠯᠠᠬᠤ ᠲᠣᠭᠲᠠᠴᠠ ᠶᠢ ᠲᠡᠬᠦᠯᠳᠡᠷᠵᠢᠬᠦᠯᠵᠦ᠂ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠵᠠᠷᠤᠳᠠᠯ ᠢ ᠡᠳ᠋ ᠤᠨ ᠵᠠᠰᠠᠭ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ ᠃ | ︵ᠲᠥᠷᠪᠡ︶ ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠪᠡᠯᠡ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ᠂ ᠪᠡᠯᠡ ᠭᠠᠷᠭᠠᠬᠤ ᠶᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠠᠶᠦᠯᠬᠦᠢ | ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠬᠠᠷᠢᠭᠤᠴᠠᠨ ᠪᠠᠶᠢᠴᠠᠭᠠᠬᠤ ᠪᠠ ᠱᠠᠯᠠᠪᠳᠠᠭᠤᠯᠵᠤ᠂ | ᠠᠶᠦᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ︵ᠲᠠᠪᠤ︶ ᠠᠶᠦᠯᠬᠦᠢ ᠦᠢᠯᠡᠳᠪᠦᠷᠢᠯᠡᠯ ᠢ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠳᠤ ᠣᠷᠣᠭᠤᠯᠬᠤ ᠶᠢ ᠬᠠᠷᠢᠭᠤᠴᠠᠨ᠎ᠠ᠃ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠬᠤᠷᠢᠨ ᠭᠤᠷᠪᠠᠳᠤᠭᠠᠷ ᠵᠦᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ | ᠶᠢᠨ ᠲᠤᠪᠴᠢᠶ᠎ᠠ | ︵ᠨᠢᠭᠡ︶ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠳᠡᠭᠡᠳᠦ ᠰᠤᠷᠭᠠᠭᠤᠯᠢ ᠪᠠ ᠪᠠᠶᠢᠭᠤᠯᠤᠮᠵᠢ ᠵᠡᠷᠭᠡ ᠶᠢᠨ ᠠᠶᠤᠯᠭᠦᠶ ᠶᠢᠨ ᠬᠠᠮᠢᠶᠠᠷᠤᠯᠲᠠ ᠶᠢᠨ | ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ︵ᠬᠤᠶᠠᠷ︶ ᠠᠶᠦᠯᠬᠦᠢ ᠦᠢᠯᠡᠳᠪᠦᠷᠢᠯᠡᠯ᠂ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠬᠢᠭᠡᠳ ᠮᠡᠳᠡᠯᠭᠡ ᠶᠢ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠯ ᠬᠥᠮᠦᠵᠢᠯ ᠤᠨ ᠠᠭᠤᠯᠭ᠎ᠠ ᠳᠤ ᠣᠷᠣᠭᠤᠯᠬᠤ ᠶᠢ ᠬᠠᠷᠢᠭᠤᠴᠠᠵᠤ᠂ ᠠᠶᠦᠯᠬᠦᠢ ᠦᠢᠯᠡᠳᠪᠦᠷᠢᠯᠡᠯ ᠤᠨ | ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠬᠥᠮᠦᠵᠢᠯ ᠤᠨ ᠠᠵᠢᠯ ᠢ ᠵᠢᠯᠣᠭᠤᠳᠤᠨ᠎ᠠ᠃ | ︵ᠭᠤᠷᠪᠠ︶ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠶᠦᠯᠬᠦᠢ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ ᠃ | ︵ᠳᠥᠷᠪᠡ︶ ᠠᠵᠢᠯ ᠠᠴᠠ ᠪᠣᠯᠤᠭᠰᠠᠨ ᠭᠡᠮᠲᠦᠯ ᠢ ᠪᠠᠳᠤᠯᠠᠨ ᠲᠤᠭᠳᠠᠭᠠᠬᠤ ᠠᠵᠢᠯ ᠢ ᠬᠠᠷᠢᠭᠤᠴᠠᠵᠤ᠂ ᠤᠯᠤᠰ ᠤᠨ | ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ | ᠴᠠᠭ ᠲᠤᠬᠠᠶ ᠲᠤᠨᠢ ᠨᠠᠶᠢᠳᠠᠪᠤᠷᠢᠵᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠣᠯᠭᠤᠮᠵᠢ ᠶᠢᠨ ᠬᠥᠳᠡᠯᠮᠦᠷᠢ | ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ | ︵ᠲᠠᠪᠤ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠠᠶᠢᠭᠠᠳ ᠠᠶᠦᠯᠬᠦᠢ ᠦᠢᠯᠡᠳᠪᠦᠷᠢᠯᠡᠯ ᠤᠨ | ᠬᠦᠷᠢᠶᠡᠨ ᠤ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠣᠯᠤᠨ ᠤᠷ᠎ᠠ ᠴᠢᠳᠠᠪᠤᠷᠢ ᠲᠠᠢ | ᠴᠢᠳᠠᠪᠤᠷᠢᠲᠠᠨ ᠤ ᠲᠥᠯᠥᠪᠵᠢᠭᠦᠯᠭᠡ᠂ ᠬᠥᠮᠦᠵᠢᠭᠦᠯᠬᠦ᠂ ᠦᠷᠭᠦᠯᠵᠢᠯᠡᠨ ᠬᠥᠮᠦᠵᠢᠭᠦᠯᠬᠦ᠂ ᠬᠢᠨᠠᠨ ᠰᠢᠯᠭᠠᠬᠤ᠂ | ᠱᠠᠩᠨᠠᠵᠤ ᠲᠣᠷᠭᠠᠬᠤ ᠵᠡᠷᠭᠡ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ ᠲᠣᠭᠲᠠᠭᠠᠯ ᠢ ᠲᠣᠭᠲᠠᠭᠠᠨ | ᠬᠡᠷᠡᠭᠵᠢᠭᠦᠯᠦᠨ᠎ᠡ᠃ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠬᠤᠷᠢᠨ ᠳᠥᠷᠪᠡᠳᠦᠭᠡᠷ ᠵᠦᠢᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ︵ᠨᠢᠭᠡ︶ ᠦᠨᠡᠮᠯᠡᠯ ᠥᠭᠡᠢ ᠪᠠᠷ ᠬᠠᠶᠢᠨ ᠪᠠᠶᠢᠴᠠᠭᠠᠬᠤ᠂ ᠦᠨᠡᠮᠯᠡᠯ ᠥᠭᠡᠢ ᠪᠠᠷ ᠨᠡᠭᠡᠭᠡᠨ ᠮᠠᠯᠲᠠᠬᠤ ᠂ ᠬᠠᠶᠢᠨ | ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠲᠠᠢ ᠪᠠᠷ ᠠᠭᠤᠷᠬᠠᠶ ᠮᠠᠯᠲᠠᠬᠤ᠂ ᠵᠠᠭᠠᠭ ᠳᠠᠪᠠᠵᠤ ᠬᠠᠶᠢᠨ ᠪᠠᠶᠢᠴᠠᠭᠠᠬᠤ᠂ | ᠵᠠᠭᠠᠭ ᠳᠠᠪᠠᠵᠤ ᠠᠭᠤᠷᠬᠠᠶ ᠮᠠᠯᠲᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ | ᠬᠠᠷᠢᠭᠤᠴᠠᠨ ᠪᠠᠶᠢᠴᠠᠭᠠᠨ ᠰᠢᠢᠳᠪᠦᠷᠢᠯᠡᠵᠦ᠂ ᠬᠠᠤᠯᠢ ᠪᠤᠰᠤ ᠠᠭᠤᠷᠬᠠᠶ ᠪᠠ ᠵᠠᠰᠠᠭ ᠤᠨ ᠣᠷᠳᠣᠨ ᠠᠴᠠ ᠡᠭᠦᠳᠡ ᠶᠢ | ᠨᠢ ᠬᠠᠭᠠᠬᠤ ᠪᠠᠷ ᠲᠣᠭᠲᠠᠭᠠᠭᠰᠠᠨ ᠠᠭᠤᠷᠬᠠᠶ ᠶᠢ ᠴᠠᠭᠠᠵᠠᠯᠠᠬᠤ ᠶᠢ ᠬᠠᠷᠢᠭᠤᠴᠠᠵᠤ᠂ ᠬᠤᠯᠪᠣᠭᠳᠠᠯ ᠪᠥᠬᠦᠢ ᠰᠠᠯᠠᠭ᠎ᠠ | ᠮᠥᠴᠢᠷ ᠲᠠᠢ ᠬᠠᠮᠲᠤᠷᠠᠨ ᠬᠠᠶᠠᠭᠳᠠᠮᠠᠯ ᠠᠭᠤᠷᠬᠠᠶ ᠶᠢᠨ ᠬᠤᠳᠳᠤᠭ ᠢ ᠵᠠᠰᠠᠬᠤ ᠠᠵᠢᠯ ᠢ ᠵᠢᠯᠣᠭᠤᠳᠤᠨ ᠵᠣᠬᠢᠶᠠᠨ | ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ ᠃ | ︵ᠬᠤᠶᠠᠷ︶ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ︵ᠲᠡᠮᠦᠷᠯᠢᠭ᠂ ᠲᠡᠮᠦᠷᠯᠢᠭ ᠪᠤᠰᠤ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠠᠴᠠ ᠭᠠᠳᠠᠨ᠎ᠠ︶ ᠪᠠ ᠬᠡᠮᠵᠢᠨ ᠵᠢᠷᠤᠬᠤ ᠠᠵᠢᠯ ᠲᠥᠷᠥᠯ ᠤᠨ | ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠭᠤᠷᠪᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠶ ᠶᠢ | ᠡᠮᠬᠢᠯᠡᠨ ᠳᠠᠬᠢᠨ ᠬᠠᠭᠠᠯᠪᠤᠷᠢᠯᠠᠬᠤ᠂ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠬᠦ ᠪᠠ ᠭᠠᠵᠠᠷ ᠰᠢᠷᠦᠢ ᠶᠢᠨ | ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ ᠃ | ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠲᠤᠰᠢᠶᠠᠯ ᠬᠠᠷᠢᠭᠤᠴᠠᠯᠭ᠎ᠠ᠃ | ᠬᠤᠷᠢᠨ ᠲᠠᠪᠤᠳᠤᠭᠠᠷ ᠵᠦᠢᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ | ᠤᠯᠠᠭᠠᠨᠬᠤᠳᠠ ᠶᠢᠨ ᠬᠤᠪᠢᠶᠠᠷᠢ ᠲᠣᠪᠴᠢᠶ᠎ᠠ | ︵ᠨᠢᠭᠡ︶ ᠴᠥᠮ᠎ᠡ ᠶᠢᠨ ᠠᠮᠦᠷ ᠲᠦᠪᠰᠢᠨ ᠪᠠ ᠰᠠᠴᠤᠷᠠᠭ ᠤᠨᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠰᠠᠴᠤᠷᠠᠭ ᠤᠨ ᠣᠷᠴᠢᠨ ᠠᠬᠤᠶ ᠶᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ᠂ | ᠴᠥᠮ᠎ᠡ ᠶᠢᠨ ᠪᠠ ᠰᠠᠴᠤᠷᠠᠭ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠤ ᠣᠷᠣᠯᠴᠠᠨ᠎ᠠ ᠃ | ︵ᠬᠤᠶᠠᠷ︶ ᠬᠠᠶᠠᠭᠳᠠᠮᠠᠯ ᠠᠶᠤᠯᠲᠠᠶ ᠬᠢᠮᠢ ᠶᠢᠨ ᠪᠤᠳᠠᠰ ᠵᠡᠷᠭᠡ ᠠᠶᠤᠯᠲᠠᠶ ᠬᠠᠶᠠᠭᠳᠠᠮᠠᠯ ᠪᠣᠳᠠᠰ ᠢ ᠴᠤᠭᠯᠠᠭᠤᠯᠬᠤ᠂ | ᠬᠠᠳᠠᠭᠠᠯᠠᠬᠤ᠂ ᠠᠰᠢᠭᠯᠠᠬᠤ᠂ ᠰᠢᠢᠳᠪᠦᠷᠢᠯᠡᠬᠦ ᠵᠡᠷᠭᠡ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ ᠃ | ︵ᠭᠤᠷᠪᠠ︶ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠡᠭᠦᠰᠦᠮᠡᠯ ᠣᠷᠴᠢᠨ ᠠᠬᠤᠶ ᠶᠢᠨ ᠪᠣᠬᠢᠷᠲᠤᠯ ᠪᠠ | ᠣᠷᠴᠢᠨ ᠠᠬᠤᠶ ᠶᠢᠨ ᠪᠤᠰᠤᠳ ᠬᠤᠯᠪᠣᠭᠳᠠᠯ ᠪᠦᠬᠦᠢ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠪᠠ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ ᠃ | ︵ᠳᠥᠷᠪᠡ︶ ᠭᠤᠤᠯᠳᠠᠯᠭ᠎ᠠ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠬᠦᠭᠡᠷᠦᠮᠵᠢ ᠪᠠ ᠲᠥᠷᠥᠯ | ᠵᠦᠢᠯ ᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠪᠠ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠥᠷᠨᠢᠭᠦᠯᠦᠨ᠎ᠡ ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠬᠤᠷᠢᠨ ᠵᠢᠷᠭᠤᠳᠤᠭᠠᠷ ᠵᠦᠢᠯ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ | ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ︽ | ᠭᠤᠷᠪᠠ ᠶᠢ ᠲᠣᠭᠲᠠᠭᠠᠬᠤ︾ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠦᠯᠬᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠬᠤᠶᠠᠷ︶ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠪᠠᠷᠢᠯᠭ᠎ᠠ ᠪᠠᠷᠢᠬᠤ ᠪᠠ ᠤᠭᠰᠠᠷᠠᠭᠤᠯᠬᠤ᠂ ᠬᠠᠶᠢᠨ ᠪᠠᠶᠢᠴᠠᠭᠠᠬᠤ᠂ | ᠵᠢᠷᠤᠭᠯᠠᠨ ᠲᠥᠯᠥᠪᠯᠡᠬᠦ᠂ ᠪᠥᠳᠥᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠪᠠᠷᠢᠯᠭ᠎ᠠ ᠶᠢᠨ ᠦᠢᠯᠡᠰ | ᠪᠣᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ᠂ ᠠᠳᠠᠯ ᠠᠬᠤᠶ ᠶᠢᠨ ᠦᠢᠯᠡᠴᠢᠯᠡᠭᠡᠨ ᠤ ᠠᠶᠦᠯᠬᠦᠢ | ᠦᠢᠯᠡᠳᠪᠦᠷᠢᠯᠡᠯ ᠳᠤ ᠬᠢᠨᠠᠯᠲᠠ ᠬᠠᠮᠢᠶᠠᠷᠤᠯᠳᠠ ᠶᠢ ᠬᠠᠷᠢᠭᠤᠴᠠᠨ᠎ᠠ᠃ | ︵ᠭᠤᠷᠪᠠ︶ ᠨᠢᠭᠡᠨᠲᠡ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠤᠨ | ᠦᠨᠡᠮᠯᠡᠯ ᠠᠪᠤᠭᠰᠠᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠵᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ | ᠵᠥᠪᠰᠢᠶᠡᠷᠡᠯ ᠤᠨ ᠦᠨᠡᠮᠯᠡᠯ ᠠᠪᠤᠭᠰᠠᠨ ᠦᠭᠡᠢ ᠬᠠᠤᠯᠢ ᠶᠢ ᠵᠥᠷᠢᠴᠡᠨ ᠪᠠᠷᠢᠯᠭ᠎ᠠ ᠪᠠᠷᠢᠬᠤ ᠠᠵᠢᠯᠯᠠᠭ᠎ᠠ ᠶᠢ | ᠵᠠᠷᠯᠢᠭᠳᠠᠵᠤ ᠪᠠᠶᠢᠭᠠᠳ ᠪᠠᠷᠢᠯᠭ᠎ᠠ ᠶᠢᠨ ᠠᠵᠢᠯ ᠢ ᠨᠢ ᠵᠣᠭᠰᠣᠭᠠᠵᠤ᠂ ᠠᠶᠤᠯᠭᠦᠶ ᠪᠠᠶᠢᠬᠤ ᠶᠢ ᠦᠨᠡᠨ ᠬᠦ ᠪᠠᠲᠤᠯᠠᠨ᠎ᠠ ︵ | ᠬᠥᠳᠡᠭᠡ ᠲᠣᠰᠬᠤᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠪᠠᠭᠲᠠᠨ᠎ᠠ︶ ᠃ | ︵ᠲᠥᠷᠪᠡ︶ ᠬᠤᠳᠠ ᠶᠢᠨ ᠪᠥᠳᠥᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶ᠎ᠡ ︵ᠬᠤᠳᠠ ᠶᠢᠨ ᠵᠠᠮ᠂ ᠬᠥᠭᠦᠷᠭᠡ᠂ | ᠨᠦᠭᠡᠨ ᠵᠠᠮ᠂ ᠬᠤᠳᠠ ᠶᠢᠨ ᠭᠡᠷᠡᠯᠲᠦᠭᠦᠯᠭᠡ᠂ ᠤᠰᠤ ᠬᠠᠩᠭᠠᠬᠤ ᠤᠰᠤ ᠵᠠᠯᠠᠬᠤ᠂ ᠴᠡᠴᠡᠷᠯᠢᠭᠵᠢᠭᠦᠯᠦᠨ | ᠨᠣᠭᠤᠭᠠᠷᠠᠭᠤᠯᠬᠤ᠂ ᠪᠣᠬᠢᠷ ᠤᠰᠤ ᠶᠢ ᠰᠢᠢᠳᠪᠦᠷᠢᠯᠡᠬᠦ ᠪᠠᠭᠲᠠᠨ᠎ᠠ︶ ᠶᠢᠨ ᠪᠠᠷᠢᠯᠭ᠎ᠠ ᠶᠢᠨ ᠪᠥᠳᠥᠭᠡᠨ | ᠪᠠᠶᠢᠭᠤᠯᠤᠯᠲᠠ ᠶᠢᠨ ᠶᠠᠰᠤ ᠴᠢᠨᠠᠷ ᠤᠨ ᠠᠶᠤᠯᠭᠦᠢ᠂ ᠦᠢᠯᠡᠳᠪᠦᠷᠢᠯᠡᠯ ᠤᠨ ᠠᠶᠦᠯᠬᠦᠢ ᠶᠢᠨ ᠬᠠᠮᠢᠶᠠᠷᠤᠯᠲᠠ ᠪᠣᠯᠤᠨ | ᠬᠤᠳᠠ ᠶᠢᠨ ᠭᠠᠵᠠᠷ ᠳᠣᠣᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠶᠢᠨ ᠠᠶᠦᠯᠬᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠠᠪᠤ︶ ᠬᠡᠷ ᠪᠠᠶᠢᠰᠢᠩ ᠤᠨ ᠪᠠᠷᠢᠯᠭ᠎ᠠ᠂ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠤᠮᠵᠢ ᠶᠢᠨ ᠪᠠᠷᠢᠯᠭ᠎ᠠ ᠶᠢᠨ | ᠣᠨᠴᠠ ᠲᠥᠷᠥᠯ ᠤᠨ ᠲᠥᠬᠦᠭᠡᠷᠦᠮᠵᠢ᠂ ᠲᠠᠯᠠᠪᠤᠷ ᠳᠣᠲᠣᠷᠠᠬᠢ ᠲᠡᠷᠭᠡ ᠬᠥᠰᠬᠡ ᠵᠡᠷᠭᠡ ᠶᠢᠨ ᠠᠶᠦᠯᠬᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠵᠢᠷᠭᠤᠭ᠎ᠠ︶ ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠤᠨ | ᠠᠶᠦᠯᠬᠦᠢ᠂ ᠪᠠᠷᠢᠯᠭ᠎ᠠ ᠶᠢᠨ ᠠᠶᠦᠯᠬᠦᠢ ᠶᠢᠨ ᠬᠢᠨᠠᠯᠲᠠ ᠬᠠᠮᠢᠶᠠᠷᠤᠯᠲᠠ ᠪᠣᠯᠤᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠲᠦᠬᠦᠭᠡᠷᠦᠮᠵᠢ ᠶᠢᠨ ᠡᠳᠦᠷ ᠲᠤᠳᠤᠮ ᠤᠨ ᠠᠶᠦᠯᠬᠦᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ︵ᠲᠤᠯᠤᠭ᠎ᠠ︶ ᠬᠤᠲᠠ ᠪᠠᠯᠭᠠᠰᠤ ᠶᠢᠨ ᠰᠢᠲᠠᠮᠠᠬᠠᠶ ᠬᠡᠢ᠂ ᠢᠯᠴᠢ ᠬᠠᠩᠭᠠᠬᠤ ᠠᠵᠤ ᠠᠬᠤᠶᠢᠯᠠᠯ ᠤᠨ ᠦᠢᠯᠡᠳᠪᠦᠷᠢᠯᠡᠯ | ᠪᠣᠯᠤᠨ ᠰᠢᠳᠠᠮᠠᠬᠠᠢ ᠬᠡᠢ ᠬᠠᠩᠭᠠᠬᠤ᠂ ᠢᠯᠴᠢ ᠬᠠᠩᠭᠠᠬᠤ ᠬᠤᠭᠤᠯᠠᠶ ᠶᠢᠨ ᠪᠠᠷᠢᠯᠭ᠎ᠠ ᠶᠢᠨ ᠠᠵᠢᠯ ᠤᠨ ᠠᠶᠦᠯᠬᠦᠢ | ᠦᠢᠯᠡᠳᠪᠦᠷᠢᠯᠡᠯ ᠳᠠᠬᠢ ᠬᠢᠨᠠᠯᠲᠠ ᠬᠠᠮᠢᠶᠠᠷᠤᠯᠳᠠ ᠶᠢ ᠬᠠᠷᠢᠭᠤᠴᠠᠨ᠎ᠠ ᠃ | ︵ᠨᠠᠢᠮᠠ︶ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠬᠠᠷᠢᠭᠤᠴᠠᠨ᠎ᠠ᠃ | ︵ᠶᠢᠰᠦ︶ ᠬᠥᠳᠡᠭᠡ ᠲᠣᠰᠬᠤᠨ ᠤ ᠣᠷᠣᠨ ᠰᠠᠭᠤᠴᠠ ᠪᠠ ᠣᠯᠠᠨ ᠨᠡᠶᠢᠲᠡ ᠶᠢᠨ ᠪᠠᠷᠢᠯᠭ᠎ᠠ ᠶᠢᠨ ᠪᠥᠳᠥᠭᠡᠨ | ᠪᠠᠶᠢᠭᠤᠯᠤᠯᠲᠠ ᠶᠢᠨ ᠬᠢᠵᠠᠭᠠᠷᠳᠠᠢ ᠲᠤᠭ᠎ᠠ ᠶᠢᠨ ᠪᠠᠷᠢᠯᠭ᠎ᠠ ᠪᠠᠷᠢᠬᠤ ᠵᠢᠴᠢ ᠬᠥᠳᠡᠭᠡ ᠲᠣᠰᠬᠤᠨ ᠤ ᠨᠤᠷᠠᠬᠤ ᠠᠶᠤᠯᠲᠠᠶ | ᠭᠡᠷ ᠪᠠᠶᠢᠰᠢᠩ ᠢ ᠥᠭᠡᠷᠡᠴᠢᠯᠡᠨ ᠵᠠᠰᠠᠬᠤ ᠪᠠᠷᠢᠯᠭ᠎ᠠ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠥᠷᠢᠮ ᠳᠤ ᠲᠣᠭᠲᠠᠭᠠᠭᠰᠠᠨ ᠠᠶᠦᠯᠬᠦᠢ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠬᠤᠷᠢᠨ ᠳᠣᠯᠣᠳᠤᠭᠠᠷ ᠵᠦᠢᠯ ᠬᠤᠲᠠ ᠶᠢᠨ ᠭᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ | ︵ᠨᠢᠭᠡ︶ ᠭᠡᠷ ᠪᠠᠶᠢᠰᠢᠩ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠢᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ ᠃ | ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠬᠤᠷᠢᠨ ᠨᠠᠢᠮᠠᠳᠤᠭᠠᠷ ᠵᠦᠢᠯ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ | ︵ᠨᠢᠭᠡ︶ ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠠᠵᠢᠯ ᠲᠥᠷᠥᠯ ᠤᠨ ᠠᠶᠦᠯᠬᠦᠢ ᠦᠢᠯᠡᠳᠪᠦᠷᠢᠯᠡᠯ | ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠬᠤᠶᠠᠷ︶ ᠵᠠᠰᠠᠮᠠᠯ ᠵᠠᠮ᠂ ᠤᠰᠤᠨ ᠵᠠᠮ ᠤᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠦᠯᠬᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠡᠮᠥᠷ ᠵᠠᠮ ᠳᠠᠭᠠᠤ ᠶᠢᠨ ᠠᠶᠦᠯᠬᠦᠢ ᠶᠢᠨ | ᠣᠷᠴᠢᠨ ᠲᠣᠭᠤᠷᠢᠨ ᠢ ᠵᠠᠰᠠᠬᠤ ᠠᠵᠢᠯ ᠢ ᠲᠦᠷᠦᠭᠦᠯᠡᠨ ᠬᠠᠷᠢᠭᠤᠴᠠᠨ᠎ᠠ ᠃ | ︵ᠭᠤᠷᠪᠠ︶ ᠭᠤᠣᠯ ᠤᠨ ᠭᠤᠯᠳᠤᠷᠢᠯ ᠠᠴᠠ ᠬᠠᠶᠢᠷ ᠮᠠᠯᠲᠠᠬᠤ ᠨᠢ ᠠᠶᠠᠯᠠᠯ ᠨᠡᠪᠲᠡᠷᠡᠬᠦ ᠠᠶᠦᠯᠬᠦᠢ ᠶᠢ ᠨᠥᠯᠥᠭᠡᠯᠡᠬᠦ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠥᠷᠪᠡ︶ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷᠠᠬᠢ ᠵᠠᠮ ᠬᠠᠷᠢᠯᠴᠠᠭᠠᠨ ᠤ ᠠᠮᠤᠷ ᠲᠦᠪᠰᠢᠨ | ᠤ ᠲᠦᠬᠦᠭᠡᠷᠦᠮᠵᠢ᠂ ᠲᠤᠨᠤᠭ ᠲᠦᠬᠦᠭᠡᠷᠦᠮᠵᠢ᠂ ᠢᠯᠭᠠᠬᠤ ᠲᠡᠮᠳᠡᠭ ᠵᠡᠷᠭᠡ ᠠᠶᠤᠯᠭᠦᠢ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ︵ᠲᠠᠪᠤ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠰᠠᠮᠠᠯ ᠵᠠᠮ ᠤᠨ ᠠᠶᠤᠯᠭᠦᠢ ᠶᠢᠨ | ᠲᠦᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠪᠣᠯᠤᠨ ᠤᠰᠤᠨ ᠳᠡᠭᠡᠷᠡᠬᠢ ᠠᠶᠠᠯᠠᠯ ᠤᠨ ᠲᠡᠮᠳᠡᠭ | ᠪᠠᠶᠢᠷᠢᠯᠠᠭᠤᠯᠬᠤ ᠶᠢ ᠬᠠᠷᠢᠭᠤᠴᠠᠵᠤ᠂ ᠵᠠᠰᠠᠮᠠᠯ ᠵᠠᠮ ᠤᠨ ᠠᠶᠦᠯᠳᠡᠢ ᠬᠥᠭᠦᠷᠭᠡ᠂ ᠠᠶᠦᠯᠳᠡᠢ ᠵᠠᠮ ᠤᠨ ᠬᠡᠰᠡᠭ᠂ | ᠭᠠᠷᠠᠮ᠂ ᠡ᠊ᠨᠳᠡᠯ ᠤᠯᠠᠨ ᠭᠠᠷᠳᠠᠭ ᠵᠠᠮ ᠤᠨ ᠬᠡᠰᠡᠭ ᠤᠨ ᠠᠶᠦᠯᠬᠦᠢ ᠶᠢᠨ ᠲᠠᠯᠳᠠ ᠭᠡᠮ ᠢ ᠵᠠᠰᠠᠬᠤ ᠶᠢ ᠵᠣᠬᠢᠶᠠᠨ | ᠪᠠᠶᠢᠭᠤᠯᠵᠤ ᠬᠢᠨᠠᠯᠲᠠ ᠲᠠᠯᠪᠢᠨ᠎ᠠ᠃ | ︵ᠵᠢᠷᠭᠤᠭ᠎ᠠ︶ ᠵᠠᠰᠠᠮᠠᠯ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ | ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ ᠵᠢᠴᠢ ᠨᠡᠶᠢᠲᠡ ᠶᠢᠨ ᠮᠠᠰᠢᠨ ᠲᠡᠷᠭᠡ᠂ | ᠬᠤᠲᠠ ᠶᠢᠨ ᠭᠠᠵᠠᠷ ᠳᠣᠤᠷᠠᠬᠢ ᠲᠡᠮᠦᠷ ᠵᠠᠮ ᠪᠠ ᠲᠤᠭᠤᠷᠢᠭᠤᠯ ᠵᠠᠮ ᠤᠨ ᠵᠠᠮ ᠬᠠᠷᠢᠯᠴᠠᠭᠠᠨ ᠤ ᠡᠵᠡᠩᠨᠡᠯᠲᠡ᠂ | ᠲᠦᠷᠢᠶᠡᠰᠦᠨ ᠮᠠᠰᠢᠨ ᠲᠡᠷᠭᠡ ︵ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠪᠠ ᠰᠦᠯᠵᠢᠶ᠎ᠡ ᠪᠠᠷ | ᠪᠣᠯᠵᠣᠭᠰᠠᠨ ᠲᠦᠷᠢᠶᠡᠰᠦᠨ ᠮᠠᠰᠢᠨ ᠲᠡᠷᠭᠡ ᠪᠠᠭᠲᠠᠨ᠎ᠠ︶᠂ ᠮᠠᠰᠢᠨ ᠲᠡᠷᠭᠡ ᠲᠦᠷᠢᠶᠡᠰᠦᠯᠡᠬᠦ ᠵᠡᠷᠭᠡ ᠠᠵᠢᠯ | ᠲᠥᠷᠥᠯ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠲᠤᠯᠤᠭ᠎ᠠ︶ ᠡᠵᠡᠩᠨᠡᠯᠲᠡ ᠶᠢᠨ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷᠲᠠᠶ ᠡᠨᠧᠷᠭᠢ ᠶᠢ ᠪᠠᠶᠢᠴᠠᠭᠠᠨ | ᠬᠡᠮᠵᠢᠬᠦ ᠪᠠ ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠲᠥᠷᠥᠯ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ︵ᠨᠠᠢᠮᠠ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠪᠠ ᠫᠠᠶᠢᠰᠠ | ᠥᠭᠡᠢ᠂ ᠦᠨᠡᠮᠯᠡᠯ ᠥᠭᠡᠢ᠂ ᠬᠡᠷᠡᠭᠴᠡᠭᠡ ᠠᠴᠠ ᠭᠠᠷᠭᠠᠭᠰᠠᠨ ᠲᠡᠷᠭᠡ ᠬᠥᠰᠬᠡ ᠶᠢᠨ ᠲᠡᠭᠡᠭᠡᠪᠦᠷᠢ ᠡᠵᠡᠩᠨᠡᠯᠲᠡ ᠵᠡᠷᠭᠡ | ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠣᠬᠢᠯᠲᠠ ᠦᠭᠬᠦᠨ᠎ᠡ᠃ | ︵ᠶᠢᠰᠦ︶ ᠤᠰᠤᠨ ᠳᠡᠭᠡᠷᠡᠬᠢ ᠵᠠᠮ ᠬᠠᠷᠢᠯᠴᠠᠭ᠎ᠠ ᠪᠠ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ | ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠩᠭᠤᠴᠠ ᠰᠠᠯ ᠤᠨ | ᠳᠠᠭᠠᠭᠠᠴᠠ ᠠᠴᠠ ᠬᠡᠲᠦᠷᠡᠭᠰᠡᠨ ᠶᠠᠪᠤᠳᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠪᠠ ᠫᠠᠶᠢᠰᠠ ᠦᠭᠡᠢ᠂ | ᠦᠨᠡᠮᠯᠡᠯ ᠦᠭᠡᠢ᠂ ᠬᠡᠷᠡᠭᠴᠡᠭᠡ ᠠᠴᠠ ᠭᠠᠷᠭᠠᠭᠰᠠᠨ ᠣᠩᠭᠤᠴᠠ ᠰᠠᠯ ᠤᠨ ᠲᠡᠭᠡᠭᠡᠪᠦᠷᠢ ᠡᠵᠡᠩᠨᠡᠯᠲᠡ ᠳᠤ ᠴᠣᠬᠢᠯᠲᠠ | ᠥᠭᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | | ︵ᠠᠷᠪᠠ︶ ᠡᠵᠡᠩᠨᠡᠯᠲᠡ ᠶᠢᠨ ᠴᠢᠨᠠᠷᠲᠠᠶ ᠲᠡᠭᠡᠭᠡᠪᠦᠷᠢ ᠶᠢᠨ ᠠᠵᠢᠯ ᠡᠷᠬᠢᠯᠡᠬᠦ ᠣᠩᠭᠤᠴᠠ ᠰᠠᠯ ᠤᠨ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠪᠠ ᠠᠶᠠᠯᠠᠯ ᠨᠡᠪᠲᠡᠷᠡᠬᠦ ᠤᠰᠦᠠ ᠣᠷᠣᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ ᠃ | ︵ᠠᠷᠪᠠᠨ ᠨᠢᠭᠡ︶ ᠠᠶᠤᠯᠲᠠᠶ ᠬᠢᠮᠢ ᠶᠢᠨ ᠪᠤᠳᠠᠰ ᠢ ᠳᠡᠭᠡᠭᠡᠪᠤᠷᠢᠯᠡᠬᠦ ᠵᠦᠢᠯ ᠤᠨ ᠵᠠᠮ ᠲᠡᠭᠡᠭᠡᠪᠦᠷᠢ᠂ ᠤᠰᠤᠨ ᠵᠠᠮ ᠤᠨ | ᠲᠡᠭᠡᠭᠡᠪᠦᠷᠢ ᠶᠢᠨ ᠪᠠᠭᠠᠵᠢ ᠪᠠ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠤᠨ ᠠᠶᠤᠯᠭᠦᠶ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠠᠷᠪᠠᠨ ᠬᠤᠶᠠᠷ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠰᠤᠷᠤᠭᠴᠢ ᠵᠥᠭᠡᠭᠡᠪᠦᠷᠢᠯᠡᠬᠦ | ᠲᠡᠷᠭᠡ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠠᠷᠪᠠᠨ ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ | ᠠᠶᠤᠯᠭᠦᠶ ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠬᠤᠷᠢ ᠶᠢᠰᠦᠳᠦᠭᠡᠷ ᠵᠦᠢᠯ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ | ︵ᠨᠢᠭᠡ︶ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ︵ᠬᠤᠶᠠᠷ︶ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠦᠯᠬᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠭᠤᠷᠪᠠ︶ ᠴᠥᠭᠦᠷᠥᠮ᠂ ᠤᠰᠦᠠ ᠴᠠᠬᠢᠯᠭᠠᠨ ᠤᠢᠷᠳᠡᠭᠡ ᠶᠢᠨ ᠬᠠᠰᠢᠯᠭ᠎ᠠ᠂ ᠬᠥᠳᠡᠭᠡ ᠲᠣᠰᠬᠤᠨ ᠤ ᠤᠰᠦᠠ | ᠴᠠᠬᠢᠯᠭᠠᠨ ᠤᠢᠷᠳᠡᠭᠡ ᠵᠡᠷᠭᠡ ᠤᠰᠦᠠ ᠠᠰᠢᠭᠯᠠᠯᠲᠠ ᠶᠢᠨ ᠲᠥᠬᠦᠭᠡᠷᠦᠮᠵᠢ ᠶᠢᠨ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ ᠃ | ︵ᠲᠥᠷᠪᠡ︶ ᠭᠤᠣᠯ ᠤᠨ ᠵᠠᠮ ᠠᠴᠠ ᠬᠠᠶᠢᠷ ᠮᠠᠯᠲᠠᠬᠤ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠬᠠᠶᠢᠷ ᠮᠠᠯᠲᠠᠬᠤ ᠨᠢ ᠦᠶᠡᠷ ᠰᠡᠷᠭᠡᠶᠢᠯᠡᠬᠦ ᠠᠮᠤᠷ ᠲᠦᠪᠰᠢᠨ᠂ ᠭᠤᠣᠯ ᠤᠨ ᠤᠰᠤᠨ ᠤ | ᠲᠣᠭᠲᠠᠭᠤᠨ ᠪᠠᠶᠢᠬᠤ᠂ ᠬᠠᠰᠢᠯᠭ᠎ᠠ ᠲᠠᠯᠠᠩ ᠤᠨ ᠠᠮᠤᠷ ᠲᠦᠪᠰᠢᠨ ᠢ ᠨᠥᠯᠥᠭᠡᠯᠡᠬᠦ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ ᠃ | ︵ᠲᠠᠪᠤ︶ ᠤᠰᠤ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠠᠶᠤᠯᠭᠦᠶ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠭᠤᠴᠢᠳᠤᠭᠠᠷ ᠵᠦᠢᠯ ᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ | ︵ᠨᠢᠭᠡ︶ ᠰᠣᠶᠣᠯ ᠪᠣᠯᠤᠨ ᠵᠤᠭᠠᠴᠠᠯ ᠤᠨ ᠠᠵᠢᠯ ᠲᠥᠷᠥᠯ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ︵ᠬᠤᠶᠠᠷ︶ ᠬᠦᠳᠡᠭᠡ ᠠᠶᠢᠯ ᠤᠨ ᠵᠤᠭᠠᠴᠠᠯ᠂ ᠲᠠᠷᠢᠶᠠᠴᠢᠨ ᠠᠶᠢᠯ ᠤᠨ ᠵᠤᠭᠠᠴᠠᠯ᠂ ︽ᠣᠳᠣᠨ ᠲᠠᠰ ᠤᠨ | ᠵᠤᠭᠠᠴᠠᠯ ᠤᠨ ᠬᠥᠳᠡᠭᠡ ᠲᠣᠰᠬᠤᠨ ᠤ ᠭᠥᠯᠢᠶᠡᠨ ᠠᠪᠬᠤ ᠡᠷᠦᠬᠡ︾ ︽ᠣᠳᠣᠨ ᠲᠠᠰ ᠤᠨ ᠪᠠᠭᠤᠳᠠᠯ︾᠂ ᠴᠠᠬᠢᠯᠭᠠᠨ | ᠥᠷᠢᠰᠥᠯᠳᠦᠭᠡᠨ ᠤ ᠵᠣᠴᠢᠳ ᠤᠨ ᠪᠠᠭᠤᠳᠠᠯ᠂ ᠬᠥᠳᠡᠯᠭᠡᠬᠦ ᠬᠦᠴᠦᠨ ᠤ ᠪᠤᠰᠤ ᠵᠤᠭᠠᠴᠠᠯ ᠤᠨ ᠣᠩᠭᠤᠴᠠ ᠵᠡᠷᠭᠡ | ᠰᠢᠨ᠎ᠡ ᠰᠣᠶᠣᠯ ᠵᠤᠭᠠᠴᠠᠯ ᠤᠨ ᠦᠢᠯᠡᠰ ᠤᠨ ᠬᠡᠯᠪᠡᠷᠢ ᠶᠢᠨ ᠲᠥᠷᠥᠯ ᠵᠦᠢᠯ ᠤᠨ ᠠᠶᠦᠯᠬᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠭᠤᠷᠪᠠ︶ ᠰᠣᠶᠣᠯ ᠤᠨ ᠰᠢᠰᠲ᠋ᠧᠮ ᠤᠨ ᠬᠠᠷᠢᠶ᠎ᠠ ᠨᠢᠬᠡᠴᠢ ᠂ ᠰᠣᠶᠣᠯ ᠵᠤᠭ᠎ᠠ ᠴᠡᠩᠭᠡᠯ ᠤᠨ ᠭᠠᠵᠠᠷ ᠲᠠᠯᠠᠪᠤᠷ ︵ | ᠲᠥᠷ ᠴᠠᠭ ᠲᠠᠪᠴᠠᠩ ᠪᠠᠶᠢᠭᠤᠯᠤᠭᠰᠠᠨ ᠲᠤᠮᠤ ᠬᠡᠯᠪᠡᠷᠢ ᠶᠢᠨ ᠲᠣᠭᠯᠠᠯᠲᠠ ᠶᠢᠨ ᠠᠵᠢᠯᠯᠠᠭ᠎ᠠ ᠪᠠᠭᠲᠠᠨ᠎ᠠ︶᠂ | ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠲᠠᠯᠠᠪᠤᠷ ᠭᠠᠵᠠᠷ᠂ ᠤᠷᠠᠯᠢᠭ ᠤᠨ ᠪᠦᠲᠦᠭᠡᠯ ᠡᠵᠡᠩᠨᠡᠬᠦ ᠲᠠᠯᠠᠪᠤᠷ | ᠭᠠᠵᠠᠷ᠂ ᠢᠨᠲ᠋ᠧᠷ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠬᠢᠭᠡᠳ ᠰᠣᠶᠣᠯ | ᠤᠨ ᠠᠵᠢᠯᠯᠠᠭ᠎ᠠ ᠶᠢᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠥᠷᠪᠡ︶ ᠰᠢᠯ ᠬᠥᠭᠦᠷᠭᠡᠨ ᠵᠠᠮ ᠵᠡᠷᠭᠡ ᠲᠦᠭᠰᠢᠭᠦᠷᠢ ᠶᠡᠬᠡᠲᠡᠶ ᠵᠤᠭᠠᠴᠠᠯ ᠤᠨ ᠲᠥᠷᠥᠯ ᠵᠦᠢᠯ ᠤᠨ ᠠᠶᠦᠯᠬᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠲᠠᠪᠤ︶ ᠵᠤᠭᠠᠴᠠᠯ ᠤᠨ ᠭᠠᠵᠠᠷ᠂ ᠵᠤᠭᠠᠴᠠᠯ ᠤᠨ ᠦᠵᠡᠮᠵᠢ ᠶᠢᠨ ᠣᠷᠣᠨ ᠤ ᠠᠶᠦᠯᠬᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ | ᠵᠤᠭᠠᠴᠠᠯ ᠤᠨ ᠠᠶᠠᠨᠴᠢᠳ ᠤᠨ ᠲᠡᠭᠡᠭᠡᠪᠦᠷᠢ᠂ ᠵᠤᠭᠠᠴᠠᠯ ᠤᠨ ᠲᠥᠬᠦᠭᠡᠷᠦᠮᠵᠢ ᠶᠢᠨ ᠠᠶᠦᠯᠬᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ ᠃ | ︵ᠵᠢᠷᠭᠤᠭ᠎ᠠ︶ ᠭᠠᠳᠠᠷ ᠭᠠᠵᠠᠷ ᠤᠨ ᠬᠦᠮᠦᠰ ᠲᠤ ᠵᠣᠷᠢᠭᠤᠯᠤᠭᠰᠠᠨ ᠲᠤᠮᠤ ᠬᠡᠯᠪᠡᠷᠢ ᠶᠢᠨ ᠰᠣᠶᠣᠯ ᠪᠠ ᠵᠤᠭᠠᠴᠠᠯ | ᠤᠨ ᠰᠣᠯᠢᠯᠴᠠᠭᠠᠨ ᠤ ᠠᠵᠢᠯᠯᠠᠭ᠎ᠠ ᠶᠢᠨ ᠠᠶᠤᠯᠭᠦᠶ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠲᠤᠯᠤᠭ᠎ᠠ︶ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ︵ᠨᠠᠢᠮᠠ︶ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠠᠶᠦᠯᠬᠦᠢ ᠠᠵᠢᠯᠯᠠᠭᠠᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠡᠶ᠎ᠡ ᠴᠢᠭᠢᠷᠠᠭᠵᠢᠭᠤᠯᠬᠤ ᠦᠷᠦᠭᠡ ᠶᠢᠨ ᠠᠶᠦᠯᠬᠦᠢ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠶᠢᠰᠦ︶ ᠠᠶᠤᠯ ᠶᠡᠬᠡᠲᠡᠶ ᠪᠡᠶ᠎ᠡ ᠶᠢᠨ ᠲᠠᠮᠢᠷ ᠤᠨ ᠲᠥᠷᠥᠯ ᠵᠦᠢᠯ᠂ ᠴᠢᠬᠤᠯᠠ ᠪᠡᠶ᠎ᠡ ᠶᠢᠨ ᠲᠠᠮᠢᠷ ᠤᠨ | ᠤᠷᠤᠯᠳᠤᠭᠠᠨ ᠪᠣᠯᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠲᠠᠷᠬᠠᠭᠠᠬᠤ ᠵᠢᠴᠢ | ᠪᠣᠷᠣᠯᠠᠭᠤᠯᠬᠤ ᠲᠣᠣᠷ ᠴᠡᠭ ᠪᠣᠯᠤᠨ ᠡᠵᠡᠩᠨᠡᠯᠲᠡ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠠᠷᠪᠠ︶ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠴᠢᠬᠤᠯᠠ ᠶᠡᠭᠡ ᠪᠡᠶ᠎ᠡ ᠶᠢᠨ ᠲᠠᠮᠢᠷ ᠤᠨ | ᠤᠷᠤᠯᠳᠤᠭᠠᠨ ᠵᠢᠴᠢ ᠭᠠᠳᠠᠨ᠎ᠠ ᠳᠤᠳᠤᠨᠠᠬᠢ ᠲᠠᠢ ᠪᠡᠶ᠎ᠡ ᠶᠢᠨ ᠲᠠᠮᠢᠷ ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠢᠨ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠳᠠᠭᠠᠭᠠᠨ ᠡᠷᠭᠢᠯᠡᠬᠦ ᠪᠠ ᠲᠡᠭᠦᠨ ᠳᠤ ᠣᠷᠣᠯᠴᠠᠬᠤ ᠠᠶᠦᠯᠬᠦᠢ | ᠬᠠᠮᠢᠶᠠᠷᠦᠯᠳᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠲᠦᠷᠦᠯ ᠤᠨ ᠠᠶᠤᠯᠭᠦᠶ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠬ᠎ᠠ ᠳᠡᠯᠭᠡᠭᠦᠷ᠂ ᠮᠦᠽᠧᠶ | ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠷᠢᠯᠭ᠎ᠠ ᠶᠢ ᠠᠪᠤᠷᠠᠵᠤ᠂ ᠰᠡᠯᠪᠢᠨ ᠵᠠᠰᠠᠬᠤ ᠵᠡᠷᠭᠡ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠠᠷᠪᠠᠨ ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠥᠷᠢᠮ ᠳᠤ ᠲᠣᠭᠲᠠᠭᠠᠭᠰᠠᠨ ᠠᠶᠦᠯᠬᠦᠢ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠭᠤᠴᠢᠨ ᠨᠢᠭᠡᠳᠦᠭᠡᠷ ᠵᠦᠢᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ︵ᠨᠢᠭᠡ︶ ᠡᠮ ᠡᠮᠨᠡᠯᠭᠡ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ | ᠲᠥᠯᠥᠪᠯᠡᠭᠡ ᠲᠠᠢ ᠪᠠᠷ ᠬᠡᠦᠬᠡᠳ ᠠᠪᠬᠤ᠂ ᠡᠭᠡ ᠨᠢᠯᠬᠠᠰ ᠤᠨ ᠡᠷᠡᠭᠦᠯ ᠮᠡᠨᠳᠤ᠂ ᠲᠤᠬᠠᠶᠢᠯᠠᠭᠰᠠᠨ ᠠᠵᠢᠯ ᠤᠨ ᠡᠷᠡᠭᠦᠯ | ᠡᠩᠬᠡ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠪᠠ ᠦᠢᠯᠡᠴᠢᠯᠡᠭᠡᠨ ᠤ ᠠᠵᠢᠯ ᠲᠦᠷᠦᠯ ᠤᠨ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠬᠤᠶᠠᠷ︶ ᠲᠤᠬᠠᠶᠢᠯᠠᠭᠰᠠᠨ ᠠᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ ᠤᠨ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠭᠤᠷᠪᠠ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠶᠤᠯᠲᠠᠶ ᠬᠢᠮᠢ ᠶᠢᠨ ᠪᠤᠳᠠᠰ᠂ | ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠳᠥᠷᠪᠡ︶ ᠣᠯᠠᠨ ᠬᠥᠮᠦᠨ ᠥᠭᠦᠵᠦ ᠰᠢᠷᠬᠠᠲᠤᠬᠤ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠭᠤᠴᠢᠨ ᠬᠤᠶᠠᠳᠤᠭᠠᠷ ᠵᠦᠢᠯ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ | ︵ᠨᠢᠭᠡ︶ ᠠᠶᠦᠯᠬᠦᠢ ᠦᠢᠯᠡᠳᠪᠦᠷᠢᠯᠡᠯ ᠤᠨ ᠶᠡᠷᠦᠩᠬᠡᠢ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ | ᠶᠣᠰᠣᠭᠠᠷ ᠬᠡᠷᠡᠭᠵᠢᠭᠦᠯᠵᠦ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠶᠦᠯᠬᠦᠢ | ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠂ ᠲᠣᠭᠤᠷᠢᠨ | ᠪᠠᠶᠢᠴᠠᠭᠠᠵᠤ ᠬᠢᠨᠠᠨ ᠰᠢᠯᠭᠠᠵᠤ᠂ ᠪᠥᠬᠦ ᠬᠤᠲᠠ ᠶᠢᠨ ᠠᠶᠦᠯᠬᠦᠢ ᠦᠢᠯᠡᠳᠪᠦᠷᠢᠯᠡᠯ ᠤᠨ ᠲᠤᠰᠬᠠᠶ ᠱᠠᠯᠠᠪᠳᠠᠭᠤᠯᠤᠨ | ᠪᠠᠶᠢᠴᠠᠭᠠᠬᠤ᠂ ᠲᠤᠰᠬᠠᠶ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ | ᠬᠠᠷᠢᠭᠤᠴᠠᠨ᠎ᠠ ᠃ | ︵ᠬᠤᠶᠠᠷ︶ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ | ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠨ᠎ᠠ ᠃ | ︵ᠭᠤᠷᠪᠠ︶ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠵᠢᠱᠢᠵᠦ᠂ ᠠᠶᠤᠯᠭᠦᠶ ᠦᠢᠯᠡᠳᠪᠦᠷᠢᠯᠡᠯ ᠤᠨ | ᠮᠡᠳᠡᠭᠡ ᠵᠠᠩᠭᠢ ᠶᠢ ᠨᠡᠶᠢᠳᠡᠯᠡᠨ᠂ ᠠᠶᠤᠯᠭᠦᠶ ᠦᠢᠯᠡᠳᠪᠦᠷᠢᠯᠡᠯ ᠤᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ | ︵ᠲᠥᠷᠪᠡ︶ ᠠᠶᠦᠯᠬᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ᠂ ᠠᠶᠤᠯᠭᠦᠢ ᠶᠢᠨ | ᠲᠦᠭᠰᠢᠭᠦᠷᠢ ᠶᠢ ᠲᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ | ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ᠂ ᠠᠶᠦᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠠᠵᠢᠯ ᠢ ᠵᠣᠬᠢᠴᠠᠭᠤᠯᠤᠨ ᠠᠬᠢᠭᠤᠯᠤᠨ᠎ᠠ᠃ | ︵ᠲᠠᠪᠤ︶ ᠠᠶᠤᠯᠲᠠᠶ ᠬᠢᠮᠢ ᠶᠢᠨ ᠪᠤᠳᠠᠰ ᠪᠠ ᠫᠤᠤᠵᠢᠩ ᠬᠤᠸᠠᠷ ᠫᠤᠤᠵᠢᠩ ᠤᠨ ᠠᠶᠤᠯᠭᠦᠶ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠵᠢᠷᠭᠤᠭ᠎ᠠ︶ ᠨᠡᠭᠦᠷᠡᠰᠦᠨ ᠤ ᠪᠤᠰᠤ ᠠᠭᠤᠷᠬᠠᠶ ᠶᠢᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | ︵ᠲᠤᠯᠤᠭ᠎ᠠ︶ ᠲᠡᠮᠦᠷᠯᠢᠭ ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠡᠭᠭᠡᠨ ᠠᠵᠤ | ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠳᠪᠦᠷᠢ ᠠᠭᠤᠷᠬᠠᠶ | ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ ᠃ | ︵ᠨᠠᠢᠮᠠ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ | ᠥᠷᠭᠡᠳᠬᠡᠨ ᠪᠠᠶᠢᠭᠤᠯᠬᠤ ᠵᠦᠢᠯᠡᠰ ᠤᠨ ᠠᠶᠤᠯᠭᠦᠶ ᠶᠢᠨ ᠲᠥᠬᠦᠭᠡᠷᠦᠮᠵᠢ ᠶᠢ ᠭᠤᠣᠯ ᠪᠠᠷᠢᠯᠭ᠎ᠠ ᠲᠠᠢ ᠬᠠᠮᠲᠤ ᠳᠤᠨᠢ | ᠵᠢᠷᠤᠵᠤ ᠲᠥᠯᠥᠪᠯᠡᠬᠦ᠂ ᠬᠠᠮᠲᠤ ᠳᠤᠨᠢ ᠪᠠᠷᠢᠬᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ︔ | ︵ᠶᠢᠰᠦ︶ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮ ᠤᠨ ᠪᠠᠶᠢᠭᠤᠯᠤᠯᠲᠠ ᠶᠢ | ᠵᠢᠯᠣᠭᠤᠳᠴᠤ᠂ ᠦᠢᠯᠡᠳᠪᠦᠷᠢᠯᠡᠯ ᠤᠨ ᠠᠶᠦᠯᠬᠦᠢ ᠶᠢᠨ ᠡ᠊ᠨᠳᠡᠯ ᠢ ᠱᠠᠳᠤ ᠬᠤᠪᠢᠶᠠᠨ ᠠᠷᠭᠠᠴᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠠᠶᠦᠯᠬᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ | ᠢ ᠠᠷᠭᠠᠴᠠᠭᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠪᠡᠯᠡᠳᠬᠡᠯ | ᠲᠥᠰᠦᠯ ᠤᠨ ᠰᠣᠷᠢᠯᠲᠠ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ︵ᠠᠷᠪᠠ︶ ᠠᠶᠦᠯᠬᠦᠢ ᠦᠢᠯᠡᠳᠪᠦᠷᠢᠯᠡᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ | ᠲᠤᠰᠠᠯᠠᠬᠤ ᠠᠵᠢᠯ ᠢ ᠵᠢᠯᠣᠭᠤᠳᠤᠨ ᠵᠣᠬᠢᠴᠠᠭᠤᠯᠵᠤ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠠᠶᠦᠯᠬᠦᠢ | ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ | ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ | ᠲᠤᠰᠬᠠᠶ ᠬᠦᠴᠦᠨ ᠤ ᠪᠠᠶᠢᠭᠤᠯᠤᠯᠲᠠ ᠶᠢ ᠬᠠᠷᠢᠭᠤᠴᠠᠨ᠎ᠠ ᠃ | ︵ᠠᠷᠪᠠᠨ ᠨᠢᠭᠡ︶ ᠡᠩ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ︵ᠨᠡᠭᠦᠷᠡᠰᠦᠨ ᠠᠭᠤᠷᠬᠠᠶ ᠵᠢᠴᠢ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠡ᠊ᠨᠳᠡᠯ ᠪᠠᠭᠲᠠᠬᠤ ᠥᠬᠡᠶ︶ ᠢ ᠪᠠᠶᠢᠴᠠᠭᠠᠨ ᠰᠢᠢᠳᠪᠦᠷᠢᠯᠡᠬᠦ | ᠠᠵᠢᠯ ᠵᠢᠴᠢ ᠪᠥᠬᠦ ᠬᠤᠲᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠢ ᠪᠦᠷᠢᠳᠬᠡᠨ ᠵᠠᠳᠠᠯᠬᠤ | ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ ᠃ | ︵ᠠᠷᠪᠠᠨ ᠬᠤᠶᠠᠷ︶ ᠠᠶᠦᠯᠬᠦᠢ ᠶᠢ ᠦᠨᠡᠯᠡᠬᠦ᠂ ᠪᠠᠶᠢᠴᠠᠭᠠᠨ ᠰᠢᠯᠭᠠᠵᠤ ᠪᠠᠶᠢᠴᠠᠭᠠᠨ ᠦᠵᠡᠬᠦ ᠪᠠᠶᠢᠭᠤᠯᠤᠮᠵᠢ ᠶᠢᠨ | ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠠᠷᠪᠠᠨ ᠭᠤᠷᠪᠠ︶ ᠪᠥᠬᠦ ᠬᠤᠲᠠ ᠶᠢᠨ ᠠᠶᠦᠯᠬᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ | ᠪᠣᠯᠪᠠᠰᠤᠷᠠᠯ ᠤᠨ ᠠᠵᠢᠯ ᠢ ᠬᠠᠷᠢᠭᠤᠴᠠᠵᠤ᠂ ᠠᠶᠦᠯᠬᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ ᠃ | ︵ᠠᠷᠪᠠᠨ ᠲᠦᠷᠪᠡ︶ ᠬᠤᠳᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠵᠢᠴᠢ ᠲᠡᠭᠦᠨ ᠤ ᠠᠯᠪᠠᠨ ᠭᠡᠷ ᠤᠨ | ᠡᠳᠦᠷ ᠲᠤᠳᠦᠮ ᠤᠨ ᠠᠵᠢᠯ ᠢ ᠡᠭᠦᠷᠭᠡᠯᠡᠨ᠎ᠡ ᠃ | ︵ᠠᠷᠪᠠᠨ ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ | ᠠᠶᠤᠯᠭᠦᠶ ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠭᠤᠴᠢᠨ ᠭᠤᠷᠪᠠᠳᠤᠭᠠᠷ ᠵᠦᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︵ᠨᠢᠭᠡ︶ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠬᠦ ︵ᠵᠢᠷᠤᠵᠤ ᠲᠥᠯᠥᠪᠯᠡᠬᠦ᠂ | ᠦᠢᠯᠡᠳᠬᠦ᠂ ᠲᠣᠨᠣᠭᠯᠠᠬᠤ᠂ ᠥᠭᠡᠷᠡᠴᠢᠯᠡᠬᠦ᠂ ᠰᠡᠯᠪᠢᠨ ᠵᠠᠰᠠᠬᠤ ᠠᠵᠢᠯ ᠪᠠᠭᠲᠠᠨ᠎ᠠ︶᠂ ᠡᠵᠡᠩᠨᠡᠬᠦ᠂ ᠬᠡᠷᠡᠭᠯᠡᠬᠦ᠂ | ᠰᠢᠯᠭᠠᠨ ᠪᠠᠶᠢᠴᠠᠭᠠᠬᠤ᠂ ᠰᠢᠯᠭᠠᠨ ᠬᠡᠮᠵᠢᠬᠦ ᠪᠠ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢ | ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ ᠃ | ︵ᠬᠤᠶᠠᠷ︶ ᠪᠠᠷᠢᠯᠭ᠎ᠠ ᠶᠢᠨ ᠭᠠᠵᠠᠷ ᠤᠨ ᠴᠠᠬᠢᠯᠭᠠᠨ ᠱᠠᠳᠤ ᠤᠭᠰᠠᠷᠠᠬᠤ ᠶᠠᠪᠤᠴᠠ ᠶᠢᠨ ᠠᠶᠦᠯᠬᠦᠢ ᠦᠢᠯᠡᠳᠪᠦᠷᠢᠯᠡᠯ | ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠭᠤᠷᠪᠠ︶ ᠬᠥᠳᠡᠯᠮᠦᠷᠢ ᠶᠢᠨ ᠠᠶᠤᠯᠭᠦᠢ ᠶᠢ ᠪᠠᠲᠤᠯᠠᠬᠤ ᠦᠢᠯᠡᠳᠬᠦᠨ᠂ ᠦᠢᠯᠡᠳᠪᠦᠷᠢᠯᠡᠯ ᠤᠨ ᠠᠶᠤᠯᠭᠦᠢ ᠶᠢ | ᠨᠥᠯᠥᠭᠡᠯᠡᠬᠦ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠲᠦᠷᠪᠡ︶ ᠠᠶᠤᠯᠲᠠᠶ ᠬᠢᠮᠢ ᠶᠢᠨ ᠪᠤᠳᠠᠰ ᠵᠢᠴᠢ ᠲᠡᠭᠦᠨ ᠢ ᠪᠣᠭᠤᠳᠠᠯᠯᠠᠬᠤ ᠪᠣᠳᠠᠰ᠂ ᠰᠠᠪᠠ ︵ᠠᠶᠤᠯᠲᠠᠶ ᠬᠢᠮᠢ ᠶᠢᠨ | ᠪᠤᠳᠠᠰ ᠢ ᠬᠠᠳᠠᠭᠠᠯᠠᠬᠤ ᠲᠣᠭᠲᠠᠮᠠᠯ ᠬᠡᠯᠪᠡᠷᠢ ᠶᠢᠨ ᠲᠤᠮᠤ ᠬᠡᠯᠪᠡᠷᠢ ᠶᠢᠨ ᠬᠠᠳᠠᠭᠠᠯᠠᠬᠤ ᠰᠠᠪᠠ ᠪᠠᠭᠲᠠᠬᠤ ᠦᠭᠡᠢ︶ ᠶᠢ | ᠦᠢᠯᠡᠳᠪᠦᠷᠢᠯᠡᠬᠦ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ | ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠲᠡᠭᠦᠨ ᠤ ᠦᠢᠯᠡᠳᠬᠦᠨ ᠤ ᠶᠠᠰᠤ | ᠴᠢᠨᠠᠷ ᠲᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠫᠤᠤᠵᠢᠩ ᠬᠤᠸᠠᠷ ᠫᠤᠤᠵᠢᠩ ᠤᠨ ᠶᠠᠰᠤ ᠴᠢᠨᠠᠷ ᠲᠤ ᠬᠢᠨᠠᠯᠲᠠ | ᠲᠠᠯᠪᠢᠨ᠎ᠠ᠃ | ︵ᠲᠠᠪᠤ︶ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠵᠢᠷᠭᠤᠭ᠎ᠠ︶ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ | ᠠᠶᠦᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠤᠯᠤᠭ᠎ᠠ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠦᠯᠬᠦᠢ ᠦᠢᠯᠡᠳᠪᠦᠷᠢᠯᠡᠯ ᠤᠨ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ | ᠦᠨᠡᠮᠯᠡᠯ ᠥᠭᠡᠢ ᠪᠠᠷ ᠡᠵᠡᠩᠨᠡᠬᠦ ᠵᠡᠷᠭᠡ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠨᠠᠢᠮᠠ︶ ᠬᠤᠯᠪᠣᠭᠳᠠᠯ ᠪᠦᠬᠦᠢ ᠤᠷᠢᠳᠠᠴᠢ ᠵᠥᠪᠰᠢᠶᠡᠷᠡᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ | ᠵᠥᠪᠰᠢᠶᠡᠷᠡᠯ ᠤᠨ ᠦᠨᠡᠮᠯᠡᠯ ᠪᠤᠶᠤ ᠪᠤᠰᠤᠳ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠤᠷᠢᠶᠠᠨ | ᠠᠪᠴᠤ ᠬᠦᠴᠦᠨ ᠦᠭᠡᠢ ᠪᠣᠯᠭᠠᠬᠤ ᠪᠤᠶᠤ ᠬᠦᠴᠦᠨ ᠦᠭᠡᠢ ᠪᠣᠯᠭᠠᠬᠤ᠂ ᠡᠰᠡᠬᠦᠯ᠎ᠡ ᠵᠥᠪᠰᠢᠶᠡᠷᠡᠯ ᠤᠨ ᠦᠨᠡᠮᠯᠡᠯ᠂ | ᠪᠤᠰᠤᠳ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠮᠡᠳᠡᠭᠳᠡᠯ ᠢ | ᠦᠨᠳᠦᠰᠦᠯᠡᠨ᠂ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠲᠡᠭᠦᠨ ᠢ ᠬᠠᠤᠯᠢ ᠶᠣᠰᠣᠭᠠᠷ ᠱᠠᠯᠠᠪᠳᠠᠨ | ᠱᠠᠭᠠᠷᠳᠠᠵᠤ ᠪᠠᠶᠢᠭᠠᠳ ᠬᠤᠪᠢᠷᠠᠭᠤᠯᠬᠤ ᠲᠡᠩᠰᠡᠯᠡᠯᠳᠠ ᠬᠢᠯᠭᠡᠬᠦ ᠪᠤᠶᠤ ᠲᠡᠩᠰᠡᠯᠡᠯᠳᠠ ᠠᠴᠠ ᠬᠠᠰᠤᠬᠤ ᠭᠠᠷ | ᠭᠦᠢᠴᠡᠳᠬᠡᠯ ᠬᠢᠯᠭᠡᠨ᠎ᠡ᠂ ᠬᠤᠯᠪᠣᠭᠳᠠᠯ ᠪᠦᠬᠦᠢ ᠡᠵᠡᠩᠨᠡᠯᠲᠡ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠬᠢᠭᠰᠡᠨ ᠤᠢᠢᠯᠠ | ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠡᠵᠡᠩᠨᠡᠯᠲᠡ ᠶᠢᠨ ᠦᠨᠡᠮᠯᠡᠯ ᠢ ᠨᠢ ᠬᠠᠤᠯᠢ ᠶᠣᠰᠣᠭᠠᠷ ᠬᠤᠷᠢᠶᠡᠠ ᠠᠪᠴᠤ | ᠬᠦᠴᠦᠨ ᠤᠢᠭᠡᠢ ᠪᠣᠯᠭᠠᠨ᠎ᠠ᠃ | ︵ᠶᠢᠰᠦ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯᠭᠦᠶ ᠦᠢᠯᠡᠳᠪᠦᠷᠢᠯᠡᠯ ︵ᠡᠵᠡᠩᠨᠡᠯᠲᠡ︶ | ᠤᠨ ᠵᠥᠪᠰᠢᠶᠡᠷᠡᠯ ᠢ ᠣᠯᠤᠭᠰᠠᠨ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠥᠷᠢᠮ ᠳᠤ ᠲᠣᠭᠲᠠᠭᠠᠭᠰᠠᠨ ᠠᠶᠦᠯᠬᠦᠢ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠭᠤᠴᠢᠨ ᠳᠥᠷᠪᠡᠳᠦᠭᠡᠷ ᠵᠦᠢᠯ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ︵ᠨᠢᠭᠡ︶ ᠠᠶᠦᠯᠬᠦᠢ ᠦᠢᠯᠡᠳᠪᠦᠷᠢᠯᠡᠯ ᠤᠨ ᠤᠷᠢᠳᠠᠴᠢ ᠬᠢᠨᠠᠨ ᠵᠥᠪᠰᠢᠶᠡᠷᠡᠬᠦ ᠵᠦᠢᠯ ᠳᠤ ᠬᠤᠯᠪᠣᠭᠳᠠᠬᠤ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠦᠷᠢᠳᠬᠡᠨ ᠳᠠᠩᠰᠠᠯᠠᠬᠤ ᠶᠢ ᠬᠠᠤᠯᠢ ᠶᠣᠰᠣᠭᠠᠷ ᠭᠦᠢᠴᠡᠳᠬᠡᠬᠦ ᠶᠢ | ᠬᠠᠷᠢᠭᠤᠴᠠᠨ᠎ᠠ ᠃ | ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠭᠤᠴᠢᠨ ᠲᠠᠪᠤᠳᠤᠭᠠᠷ ᠵᠦᠢᠯ ᠬᠤᠳᠠ ᠶᠢᠨ ᠤᠢ ᠰᠢᠭᠤᠶ ᠨᠤᠳᠤᠭ ᠡᠪᠡᠰᠦ ᠪᠡᠯᠴᠢᠭᠡᠷ ᠤᠨ ᠲᠣᠪᠴᠢᠶ᠎ᠠ | ︵ᠨᠢᠭᠡ︶ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ ᠃ | ︵ᠬᠤᠶᠠᠷ︶ ᠣᠶ ᠰᠢᠭᠤᠶ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ | ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠭᠤᠷᠪᠠ︶ ᠪᠥᠬᠦ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠡᠷᠡᠳᠤ ᠦᠵᠡᠮᠵᠢ ᠶᠢᠨ ᠣᠷᠣᠨ᠂ | ᠭᠠᠵᠠᠷ ᠰᠢᠨᠵᠢᠯᠡᠭᠡᠨ ᠤ ᠴᠡᠴᠡᠷᠯᠢᠭ᠂ ᠪᠠᠶᠢᠭᠠᠯᠢ ᠶᠢᠨ ᠥᠪ ᠬᠥᠷᠥᠩᠭᠡ᠂ ᠣᠶ ᠰᠢᠭᠤᠶ ᠶᠢᠨ ᠴᠡᠴᠡᠷᠯᠢᠭ᠂ ᠨᠤᠭᠤ | ᠭᠠᠵᠠᠷ ᠤᠨ ᠴᠡᠴᠡᠷᠯᠢᠭ᠂ ᠡᠯᠡᠰᠦᠨ ᠴᠥᠯ ᠤᠨ ᠴᠡᠴᠡᠷᠯᠢᠭ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | | ︵ᠳᠥᠷᠪᠡ︶ ᠡᠭᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠵᠡᠩᠨᠡᠨ ᠠᠰᠢᠭᠯᠠᠬᠤ | ᠵᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠭᠤᠴᠢᠨ ᠵᠢᠷᠭᠤᠳᠤᠭᠠᠷ ᠵᠦᠢᠯ ᠬᠤᠲᠠ ᠶᠢᠨ ᠴᠠᠭ ᠠᠭᠤᠷ ᠤᠨ ᠲᠣᠪᠴᠢᠶ᠎ᠠ | ︵ᠨᠢᠭᠡ︶ ᠴᠠᠭ ᠠᠭᠤᠷ ᠤᠨ ᠠᠵᠢᠯ ᠲᠦᠷᠦᠯ ᠤᠨ ᠠᠶᠤᠯᠭᠦᠶ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠬᠤᠶᠠᠷ︶ ᠠᠶᠤᠩᠭ᠎ᠠ ᠴᠠᠬᠢᠯᠭᠠᠨ ᠤ ᠭᠠᠮᠰᠢᠭ ᠤᠨ ᠠᠶᠤᠯᠭᠦᠢ ᠶᠢᠨ ᠰᠡᠷᠭᠡᠶᠢᠯᠡᠯᠲᠡ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠠᠶᠦᠯᠬᠦᠢ ᠦᠢᠯᠡᠳᠪᠦᠷᠢᠯᠡᠯ ᠤᠨ ᠬᠤᠯᠪᠣᠭᠳᠠᠯ ᠪᠥᠬᠦᠢ ᠲᠥᠷᠥ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ᠃ | ︵ᠭᠤᠷᠪᠠ︶ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠨ ᠡᠵᠡᠮᠳᠡᠬᠦ ᠪᠠ ᠡ᠊ᠨᠳᠡᠯ ᠤᠨ ᠪᠠᠴᠢᠮ ᠪᠠᠶᠢᠳᠠᠯ ᠢ | ᠠᠷᠭᠠᠴᠠᠭᠠᠵᠦ ᠠᠪᠤᠷᠠᠨ ᠲᠤᠰᠠᠯᠠᠬᠤ ᠳᠤ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢ | ᠬᠠᠷᠢᠭᠤᠴᠠᠨ᠎ᠠ ᠃ | ︵ᠲᠥᠷᠪᠡ︶ ᠵᠢᠯᠣᠭᠤᠴᠢ ᠥᠭᠡᠢ ᠴᠢᠯᠥᠭᠡᠲᠦ ᠬᠡᠶᠢᠲᠦ ᠪᠥᠮᠪᠦᠭᠡ ᠪᠣᠯᠤᠨ ᠤᠶᠠᠭᠰᠠᠨ ᠬᠡᠶᠢᠲᠦ ᠪᠥᠮᠪᠦᠭᠡ ᠶᠢᠨ | ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠨ | ᠠᠵᠢᠯᠯᠠᠬᠤ ᠬᠤᠭᠤᠴᠠᠭᠠᠨ ᠳᠠᠬᠢ ᠠᠶᠤᠯᠭᠦᠢ ᠶᠢᠨ ᠪᠠᠶᠢᠴᠠᠭᠠᠯᠲᠠ ᠪᠣᠯᠤᠨ ᠡ᠊ᠨᠳᠡᠯ ᠢ ᠰᠡᠷᠭᠡᠶᠢᠯᠡᠬᠦ ᠠᠵᠢᠯ ᠢ | ᠬᠠᠷᠢᠭᠤᠴᠠᠨ᠎ᠠ ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠭᠤᠴᠢᠨ ᠳᠣᠯᠣᠳᠤᠭᠠᠷ ᠵᠦᠢᠯ ᠬᠤᠳᠠ ᠶᠢᠨ ᠭᠠᠯ ᠰᠡᠷᠬᠡᠶᠢᠯᠡᠵᠦ ᠤᠨᠳᠠᠷᠠᠭᠠᠬᠤ ᠠᠪᠤᠷᠠᠨ ᠲᠤᠰᠠᠯᠠᠬᠤ ᠶᠡᠭᠡ | ᠠᠩᠬᠢ | ︵ᠨᠢᠭᠡ︶ ᠭᠠᠯ ᠤᠨ ᠠᠶᠤᠯ ᠢ ᠰᠡᠷᠭᠡᠶᠢᠯᠡᠬᠦ ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠬᠢᠨᠠᠯᠲᠠ | ᠲᠠᠯᠪᠢᠵᠤ ᠪᠠᠶᠢᠴᠠᠭᠠᠬᠤ ᠵᠢᠴᠢ ᠭᠠᠯ ᠤᠨ ᠠᠶᠤᠯ ᠤᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠬᠠᠮᠢᠶ᠎ᠠ ᠪᠥᠬᠦᠢ | ᠠᠵᠢᠯ ᠢ ᠬᠠᠷᠢᠭᠤᠴᠠᠵᠤ᠂ ᠭᠠᠯ ᠰᠡᠷᠭᠡᠶᠢᠯᠡᠵᠦ ᠤᠨᠳᠠᠷᠠᠭᠠᠬᠤ ᠠᠶᠤᠯ ᠠᠴᠠ ᠬᠠᠮᠠᠭᠠᠯᠠᠬᠤ ᠶᠢᠨ ᠶᠡᠷᠦᠩᠬᠡᠢ ᠬᠢᠨᠠᠯᠲᠠ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠬᠡᠷᠡᠭᠵᠢᠭᠦᠯᠦᠨ᠎ᠡ ᠃ | ︵ᠬᠤᠶᠠᠷ︶ ᠬᠤᠳᠠ ᠬᠥᠳᠡᠭᠡ ᠶᠢᠨ ᠶᠡᠷᠦᠩᠬᠡᠢ ᠴᠢᠨᠠᠷᠲᠠᠶ ᠭᠠᠯ ᠰᠡᠷᠬᠡᠶᠢᠯᠡᠵᠦ ᠤᠨᠳᠠᠷᠠᠭᠠᠬᠤ ᠠᠪᠤᠷᠠᠨ ᠲᠤᠰᠠᠯᠠᠬᠤ | ᠠᠵᠢᠯ ᠢ ᠬᠠᠷᠢᠭᠤᠴᠠᠵᠤ᠂ ᠴᠢᠬᠤᠯᠠ ᠬᠤᠷᠠᠯ᠂ ᠲᠤᠮᠤ ᠬᠡᠯᠪᠡᠷᠢ ᠶᠢᠨ ᠠᠵᠢᠯᠯᠠᠭ᠎ᠠ ᠶᠢᠨ ᠭᠠᠯ ᠰᠡᠷᠬᠡᠶᠢᠯᠡᠵᠦ | ᠤᠨᠳᠠᠷᠠᠭᠠᠬᠤ ᠠᠶᠤᠯ ᠠᠴᠠ ᠬᠠᠮᠠᠭᠠᠯᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠭᠠᠯ ᠰᠡᠷᠭᠡᠶᠢᠯᠡᠵᠦ ᠤᠨᠳᠠᠷᠠᠭᠠᠬᠤ ᠠᠪᠤᠷᠠᠨ ᠲᠤᠰᠠᠯᠠᠬᠤ ᠡᠩᠨᠡᠭᠡᠨ ᠤ ᠶᠡᠷᠦᠩᠬᠡᠢ ᠴᠢᠨᠠᠷᠲᠠᠶ ᠭᠠᠯ | ᠰᠡᠷᠭᠡᠶᠢᠯᠡᠵᠦ ᠤᠨᠳᠠᠷᠠᠭᠠᠬᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠨᠠᠶᠢᠷᠠᠭᠤᠯᠤᠨ ᠵᠣᠬᠢᠶᠠᠬᠤ᠂ ᠪᠠᠶᠢᠯᠳᠤᠬᠤ | ᠠᠷᠭ᠎ᠠ ᠶᠢᠨ ᠰᠤᠳᠤᠯᠤᠯ ᠬᠢᠬᠦ ᠪᠠ ᠡᠭᠦᠷᠭᠡ ᠭᠦᠢᠴᠡᠳᠬᠡᠵᠦ ᠲᠠᠶᠢᠨ ᠳᠤ ᠪᠡᠯᠡᠳᠬᠡᠬᠦ ᠂ ᠪᠣᠯᠪᠠᠰᠤᠷᠠᠯ ᠰᠣᠷᠢᠯᠲᠠ | ᠬᠢᠬᠦ ᠵᠡᠷᠭᠡ ᠠᠵᠢᠯ ᠢ ᠬᠠᠷᠢᠭᠤᠴᠠᠨ᠎ᠠ᠃ | ︵ᠲᠥᠷᠪᠡ︶ ᠭᠠᠯ ᠰᠡᠷᠬᠡᠶᠢᠯᠡᠵᠦ ᠤᠨᠳᠠᠷᠠᠭᠠᠬᠤ ᠠᠪᠤᠷᠠᠨ ᠲᠤᠰᠠᠯᠠᠬᠤ ᠮᠡᠳᠡᠭᠡ ᠵᠠᠩᠬᠢᠵᠢᠯᠳᠠ ᠪᠠ ᠪᠠᠴᠢᠮ ᠪᠠᠶᠢᠳᠠᠯ | ᠢ ᠠᠷᠭᠠᠴᠠᠭᠠᠬᠤ ᠴᠢᠮᠡᠭᠡ ᠬᠤᠯᠪᠣᠭᠠᠨ ᠤ ᠪᠥᠳᠥᠭᠡᠨ ᠪᠠᠶᠢᠭᠤᠯᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠢ ᠠᠪᠤᠷᠠᠨ | ᠲᠤᠰᠠᠯᠠᠬᠤ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ | ᠡᠭᠦᠷᠭᠡᠯᠡᠨ᠎ᠡ᠃ | ︵ᠲᠠᠪᠤ︶ ᠭᠠᠯ ᠰᠡᠷᠬᠡᠶᠢᠯᠡᠵᠦ ᠤᠨᠲᠠᠷᠠᠭᠠᠬᠤ ᠠᠶᠤᠯᠭᠦᠶ ᠶᠢᠨ ᠤᠬᠠᠭᠤᠯᠭ᠎ᠠ ᠬᠥᠮᠦᠵᠢᠯ ᠤᠨ ᠠᠵᠢᠯ ᠪᠠ ᠨᠡᠶᠢᠭᠡᠮ ᠤᠨ | ᠭᠠᠯ ᠰᠡᠷᠬᠡᠶᠢᠯᠡᠵᠦ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠵᠤ | ᠵᠢᠯᠣᠭᠤᠳᠤᠨ᠎ᠠ︔ | ︵ᠵᠢᠷᠭᠤᠭ᠎ᠠ︶ ᠭᠠᠯ ᠰᠡᠷᠬᠡᠶᠢᠯᠡᠵᠦ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠲᠤᠰᠬᠠᠶ | ᠡᠩᠨᠡᠭᠡᠨ ᠤ ᠲᠥᠯᠥᠪᠵᠢᠭᠦᠯᠭᠡ᠂ ᠪᠥᠳᠥᠭᠡᠨ ᠪᠠᠶᠢᠭᠤᠯᠤᠯᠲᠠ ᠬᠢᠭᠡᠳ ᠲᠣᠬᠢᠷᠠᠭᠤᠯᠤᠨ ᠵᠢᠯᠣᠭᠤᠳᠬᠤ ᠶᠢ | ᠬᠠᠷᠢᠭᠤᠴᠠᠵᠤ᠂ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠤᠨ ᠲᠠᠶᠢᠴᠢᠯᠠᠵᠤ | ᠠᠪᠤᠷᠠᠨ ᠲᠤᠰᠠᠯᠠᠬᠤ ᠡᠭᠦᠷᠭᠡ ᠳᠤ ᠣᠷᠣᠯᠴᠠᠭᠤᠯᠬᠤ ᠳᠤ ᠣᠷᠣᠯᠴᠠᠨ᠎ᠠ᠃ | ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠭᠤᠴᠢᠨ ᠨᠠᠢᠮᠠᠳᠤᠭᠠᠷ ᠵᠦᠢᠯ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ | ︵ᠨᠢᠭᠡ︶ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠶ ᠦᠢᠯᠡᠳᠪᠦᠷᠢᠯᠡᠯ᠂ ᠬᠥᠳᠡᠯᠮᠦᠷᠢ ᠶᠢᠨ | ᠪᠠᠲᠤᠯᠠᠭ᠎ᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ | ᠬᠢᠨᠠᠯᠲᠠ ᠲᠠᠯᠪᠢᠵᠤ᠂ ᠬᠥᠳᠡᠯᠮᠦᠷᠢᠴᠢᠨ ᠤ ᠬᠦᠰᠡᠯ ᠱᠠᠭᠠᠷᠳᠠᠯᠭ᠎ᠠ ᠶᠢ ᠲᠤᠰᠬᠠᠨ᠂ ᠦᠨᠳᠦᠰᠦᠨ ᠱᠠᠲᠤᠨ ᠤ | ᠠᠵᠢᠯᠴᠢᠨ ᠤ ᠡᠪᠯᠡᠯ ᠢ ᠵᠢᠭᠠᠨ ᠵᠢᠯᠣᠭᠤᠳᠴᠤ ᠪᠠᠶᠢᠭᠠᠳ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠵᠤ ᠲᠤᠰ | ᠨᠢᠭᠡᠴᠢ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠠᠷᠠᠳᠴᠢᠯᠠᠭᠰᠠᠨ ᠬᠠᠮᠢᠶᠠᠷᠤᠯᠲᠠ ᠪᠠ | ᠠᠷᠠᠳᠴᠢᠯᠠᠭᠰᠠᠨ ᠬᠢᠨᠠᠯᠲᠠ ᠳᠤ ᠣᠷᠣᠯᠴᠠᠭᠤᠯᠵᠤ᠂ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ ᠬᠢ ᠠᠵᠢᠯᠳᠠᠨ | ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ ᠃ | ︵ᠬᠤᠶᠠᠷ︶ ᠤᠯᠠᠨ ᠲᠦᠮᠡᠨᠴᠢ ᠴᠢᠨᠠᠷᠲᠠᠶ ᠬᠥᠳᠡᠯᠮᠦᠷᠢ ᠶᠢᠨ ᠠᠶᠤᠯᠭᠦᠶ ᠪᠠᠶᠢᠳᠠᠯ ᠪᠠ ᠡᠷᠡᠭᠦᠯ ᠬᠠᠮᠠᠭᠠᠯᠠᠯ ᠵᠡᠷᠭᠡ | ᠠᠵᠢᠯᠯᠠᠭ᠎ᠠ ᠪᠠ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠳᠠᠨ ᠠᠵᠢᠯᠴᠢᠨ ᠤ ᠠᠶᠤᠯᠭᠦᠶ | ᠦᠢᠯᠡᠳᠪᠦᠷᠢᠯᠡᠯ ᠤᠨ ᠤᠬᠠᠮᠰᠠᠷ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ ᠃ | ︵ᠭᠤᠷᠪᠠ︶ ᠥᠷᠭᠡᠨ ᠣᠯᠠᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠣᠯᠠᠨ | ᠲᠦᠮᠡᠨᠴᠢ ᠴᠢᠨᠠᠷᠲᠠᠶ ᠠᠶᠦᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠪᠠ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠠᠵᠢᠯ ᠢ ᠥᠷᠨᠢᠭᠦᠯᠵᠦ᠂ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠠᠶᠦᠯᠬᠦᠢ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠣᠷᠣᠯᠴᠠᠨ ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠵᠠᠰᠠᠬᠤ ᠶᠢ ᠠᠬᠢᠭᠤᠯᠤᠨ᠎ᠠ ᠃ | ︵ᠲᠥᠷᠪᠡ︶ ᠠᠶᠦᠯᠬᠦᠢ ᠦᠢᠯᠡᠳᠪᠦᠷᠢᠯᠡᠯ ᠤᠨ ᠲᠠᠯ᠎ᠠ ᠪᠠᠷ ᠬᠢ ᠬᠥᠳᠡᠯᠮᠦᠷᠢ ᠶᠢᠨ ᠵᠢᠱᠢᠶᠡᠴᠢ ᠶᠢᠨ ᠨᠡᠶᠢᠲᠡᠯᠢᠭ | ᠥᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠠᠵᠢᠯᠴᠢᠨ ᠤ ᠡᠪᠯᠡᠯ ᠤᠨ ᠰᠢᠰᠲ᠋ᠧᠮ ᠤᠨ ᠤᠯᠠᠨ | ᠲᠦᠮᠡᠨᠴᠢ ᠴᠢᠨᠠᠷᠲᠠᠶ ᠠᠶᠦᠯᠬᠦᠢ ᠦᠢᠯᠡᠳᠪᠦᠷᠢᠯᠡᠯ ᠤᠨ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠵᠢᠯᠣᠭᠤᠳᠤᠨ ᠥᠷᠨᠢᠭᠦᠯᠦᠨ᠎ᠡ᠃ | ︵ᠲᠠᠪᠤ︶ ᠠᠶᠤᠯᠭᠦᠶ ᠦᠢᠯᠡᠳᠪᠦᠷᠢᠯᠡᠯ ᠤᠨ ᠠᠵᠢᠯ ᠤᠨ ᠳᠤᠮᠳᠠᠬᠢ ᠠᠵᠢᠯᠳᠡᠠ ᠠᠵᠢᠯᠴᠢᠨ ᠤ ᠬᠠᠤᠯᠢ ᠶᠣᠰᠣᠨ ᠤ | ᠡᠷᠬᠡ ᠠᠰᠢᠭ ᠲᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠰᠤᠳᠤᠯᠵᠤ᠂ ᠠᠵᠢᠯᠳᠡᠠ | ᠠᠵᠢᠯᠴᠢᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠶᠤᠯᠭᠦᠶ ᠦᠢᠯᠡᠳᠪᠦᠷᠢᠯᠡᠯ ᠤᠨ ᠬᠠᠤᠯᠢ | ᠲᠣᠭᠲᠠᠭᠠᠯ᠂ ᠲᠦᠷᠢᠮ ᠲᠣᠭᠲᠠᠭᠠᠯ ᠪᠠ ᠲᠦᠷᠦ ᠶᠢᠨ ᠪᠤᠳᠦᠯᠭ᠎ᠠ ᠶᠢᠨ ᠲᠥᠰᠦᠯ ᠢ ᠰᠤᠳᠤᠯᠬᠤ ᠪᠠ ᠲᠤᠭᠤᠷᠪᠢᠨ | ᠲᠣᠭᠲᠠᠭᠠᠬᠤ ᠠᠵᠢᠯ ᠳᠤ ᠣᠷᠣᠯᠴᠠᠨ᠎ᠠ᠃ | ︵ᠵᠢᠷᠭᠤᠭ᠎ᠠ︶ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠳᠤ ᠬᠠᠤᠯᠢ ᠶᠣᠰᠣᠭᠠᠷ | ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠠᠵᠢᠯᠳᠠᠨ | ᠠᠵᠢᠯᠴᠢᠨ ᠢ ᠲᠥᠯᠥᠭᠡᠯᠡᠨ ᠡ᠊ᠨᠳᠡᠯ ᠭᠠᠷᠤᠭᠰᠠᠨ ᠨᠢᠭᠡᠴᠢ ᠶᠢᠨ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ | ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠭᠤᠴᠢ ᠶᠢᠰᠦᠳᠦᠭᠡᠷ ᠵᠦᠢᠯ ᠬᠤᠲᠠ ᠶᠢᠨ ᠶᠡᠷᠦᠩᠬᠡᠢ ᠬᠠᠤᠯᠢ ᠬᠡᠷᠡᠭᠵᠢᠭᠦᠯᠬᠦ ᠲᠣᠪᠴᠢᠶ᠎ᠠ | ︵ᠨᠢᠭᠡ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠵᠠᠰᠠᠯᠲᠠ ᠶᠢᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠬᠤᠶᠠᠷ︶ ᠠᠶᠤᠯᠭᠦᠶ ᠦᠢᠯᠡᠳᠪᠦᠷᠢᠯᠡᠯ ᠳᠤ ᠬᠤᠣᠷ ᠬᠥᠨᠥᠭᠡᠯ ᠤᠴᠠᠷᠠᠭᠤᠯᠬᠤ ᠬᠠᠤᠯᠢ ᠠᠴᠠ ᠵᠥᠷᠢᠴᠡᠭᠰᠡᠨ | ᠪᠦᠳᠦᠭᠡᠠ ᠪᠠᠶᠢᠭᠤᠯᠤᠯᠲᠠ ᠪᠠ ᠲᠦᠷᠢᠮ ᠠᠴᠠ ᠵᠥᠷᠢᠴᠡᠭᠰᠡᠨ ᠪᠠᠷᠢᠯᠭ᠎ᠠ ᠶᠢ ᠬᠠᠤᠯᠢ ᠶᠣᠰᠣᠭᠠᠷ ᠨᠤᠷᠠᠭᠠᠬᠤ ᠶᠢ | ᠬᠠᠷᠢᠭᠤᠴᠠᠨ᠎ᠠ ᠃ | ︵ᠭᠤᠷᠪᠠ︶ ᠬᠤᠳᠠᠯᠳᠤᠭᠠᠨ ᠤ ᠫᠠᠶᠢᠰᠠ ᠢᠯᠡᠷᠬᠡᠶᠢᠯᠡᠯ ᠵᠢᠴᠢ ᠦᠷᠦᠭᠡᠨ ᠤ ᠭᠠᠳᠠᠨᠠᠬᠢ ᠵᠠᠷ ᠤᠨ ᠠᠶᠤᠯᠭᠦᠶ ᠶᠢᠨ | ᠬᠠᠮᠢᠶᠠᠷᠤᠯᠲᠠ ᠶᠢ ᠵᠢᠯᠣᠭᠤᠳᠴᠤ᠂ ᠪᠠᠶᠢᠴᠠᠭᠠᠵᠤ᠂ ᠬᠢᠨᠠᠯᠲᠠ ᠲᠠᠯᠪᠢᠨ᠎ᠠ ᠃ | ︵ᠲᠥᠷᠪᠡ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ | ᠳᠡᠯᠭᠡᠭᠦᠷ ᠠᠴᠠ ᠭᠠᠳᠠᠨ᠎ᠠ ᠫᠤᠤᠵᠢᠩ ᠬᠤᠸᠠᠷ ᠫᠤᠤᠵᠢᠩ ᠡᠵᠡᠩᠨᠡᠵᠦ ᠪᠠᠶᠢᠭ᠎ᠠ ᠥᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠠᠵᠢᠯ ᠢ ᠵᠤᠬᠢᠴᠠᠠᠭᠤᠯᠤᠨᠠ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠳᠥᠴᠢᠳᠦᠭᠡᠷ ᠵᠦᠢᠯ ᠠᠵᠦ ᠠᠬᠤᠶ ᠲᠧᠭᠨᠢᠭ ᠮᠡᠷᠭᠡᠵᠢᠯ ᠢ ᠨᠡᠭᠡᠭᠡᠨ ᠬᠥᠭᠵᠢᠭᠦᠯᠬᠦ ᠣᠷᠣᠨ ᠤ ᠬᠠᠮᠢᠶᠠᠷᠤᠯᠲᠠ ᠶᠢᠨ | ᠵᠦᠪᠯᠡᠯ | ︵ᠨᠢᠭᠡ︶ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠤᠯᠪᠣᠭᠳᠠᠯ | ᠪᠦᠬᠦᠢ ᠠᠵᠢᠯ ᠤᠨ ᠪᠠᠶᠢᠭᠤᠯᠤᠮᠵᠢ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠶᠦᠯᠬᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠠᠵᠢᠯᠳᠠᠨ ᠢ ᠵᠦᠢ ᠵᠣᠬᠢᠰᠲᠠᠢ ᠲᠤᠬᠢᠷᠠᠭᠤᠯᠤᠨ᠎ᠠ ᠃ | ︵ᠬᠤᠶᠠᠷ︶ ᠨᠡᠭᠡᠭᠡᠨ ᠬᠥᠭᠵᠢᠭᠦᠯᠬᠦ ᠣᠷᠣᠨ ᠤ ᠳᠣᠲᠣᠷᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ | ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠨᠡᠭᠡᠭᠡᠨ ᠬᠥᠭᠵᠢᠭᠦᠯᠬᠦ ᠣᠷᠣᠨ ᠤ | ᠳᠣᠲᠣᠷᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠤᠬᠠᠶ | ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠬᠠᠮᠵᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ ᠃ | ︵ᠭᠤᠷᠪᠠ︶ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠨᠢᠬᠦᠯᠦᠨ᠎ᠡ᠃ | ︵ᠲᠦᠷᠪᠡ︶ ᠨᠡᠭᠡᠭᠡᠨ ᠬᠥᠭᠵᠢᠭᠦᠯᠬᠦ ᠣᠷᠣᠨ ᠤ ᠳᠣᠲᠣᠷᠠᠬᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ | ᠪᠠᠶᠢᠳᠠᠯ ᠢ ᠮᠡᠳᠡᠭᠦᠯᠦᠨ ᠪᠦᠷᠢᠳᠬᠡᠵᠦ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ | ᠳᠤ ᠬᠠᠮᠵᠢᠯᠴᠠᠨ᠎ᠠ ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠳᠥᠴᠢᠨ ᠨᠢᠭᠡᠳᠦᠭᠡᠷ ᠵᠦᠢᠯ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠦᠪᠯᠡᠯ | ︵ᠨᠢᠭᠡ︶ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠤᠯᠪᠣᠭᠳᠠᠯ | ᠪᠦᠬᠦᠢ ᠠᠵᠢᠯ ᠤᠨ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠠᠶᠦᠯᠬᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠠᠵᠢᠯᠳᠠᠨ ᠢ ᠵᠦᠢ ᠵᠣᠬᠢᠰᠲᠠᠢ ᠲᠤᠬᠢᠷᠠᠭᠤᠯᠤᠨ᠎ᠠ ᠃ | ︵ᠬᠤᠶᠠᠷ︶ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠳᠣᠲᠣᠷᠠᠬᠢ ᠦᠢᠯᠡᠳᠪᠦᠷᠢᠯᠡᠯ | ᠡᠵᠡᠩᠨᠡᠯᠲᠡ ᠶᠢᠨ ᠨᠢᠬᠡᠴᠢ ᠶᠢᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠳᠠ ᠶᠢ ᠬᠠᠷᠢᠭᠤᠴᠠᠵᠤ᠂ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠳᠣᠲᠣᠷᠠᠬᠢ ᠦᠢᠯᠡᠳᠪᠦᠷᠢᠯᠡᠯ ᠡᠵᠡᠩᠨᠡᠯᠲᠡ ᠶᠢᠨ | ᠨᠢᠬᠡᠴᠢ ᠶᠢᠨ ᠠᠶᠦᠯᠬᠦᠢ ᠦᠢᠯᠡᠳᠪᠦᠷᠢᠯᠡᠯ ᠤᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ | ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠢ | ᠬᠠᠮᠵᠢᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠳᠠ ᠶᠢ ᠬᠠᠤᠯᠢ ᠶᠣᠰᠣᠭᠠᠷ ᠭᠦᠢᠴᠡᠳᠬᠡᠨ᠎ᠡ ᠃ | ︵ᠭᠤᠷᠪᠠ︶ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠨᠢᠬᠦᠯᠦᠨ᠎ᠡ᠃ | ︵ᠲᠥᠷᠪᠡ︶ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠠᠬᠢ ᠦᠢᠯᠡᠳᠪᠦᠷᠢᠯᠡᠯ ᠤᠨ ᠠᠶᠤᠯᠭᠦᠢ ᠶᠢᠨ | ᠡ᠊ᠨᠳᠡᠯ ᠤᠨ ᠪᠠᠶᠢᠳᠠᠯ ᠢ ᠮᠡᠳᠡᠭᠦᠯᠵᠦ᠂ ᠪᠦᠷᠢᠳᠬᠡᠵᠦ᠂ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠪᠠᠶᠢᠴᠠᠭᠠᠨ | ᠰᠢᠢᠳᠪᠦᠷᠢᠯᠡᠬᠦ ᠯᠦᠭᠡ ᠬᠠᠮᠵᠢᠯᠴᠠᠨ᠎ᠠ ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠳᠥᠴᠢᠨ ᠬᠤᠶᠠᠳᠤᠭᠠᠷ ᠵᠦᠢᠯ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠬᠦᠷᠢᠶᠡᠯᠡᠩ ᠲᠣᠭᠤᠷᠢᠭ︶ | ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ | ︵ᠨᠢᠭᠡ︶ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠤᠯᠪᠣᠭᠳᠠᠯ | ᠪᠦᠬᠦᠢ ᠠᠵᠢᠯ ᠤᠨ ᠪᠠᠶᠢᠭᠤᠯᠤᠮᠵᠢ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠶᠦᠯᠬᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠠᠵᠢᠯᠳᠠᠨ ᠢ ᠵᠦᠢ ᠵᠣᠬᠢᠰᠲᠠᠢ ᠲᠤᠬᠢᠷᠠᠭᠤᠯᠤᠨ᠎ᠠ ᠃ | ︵ᠬᠤᠶᠠᠷ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠶᠢᠨ ᠠᠶᠦᠯᠬᠦᠢ ᠦᠢᠯᠡᠳᠪᠦᠷᠢᠯᠡᠯ ᠤᠨ ᠪᠠᠶᠢᠳᠠᠯ ᠢ ᠬᠢᠨᠠᠵᠤ ᠪᠠᠶᠢᠴᠠᠭᠠᠬᠤ ᠪᠠᠨ ᠴᠢᠩᠭᠠᠳᠬᠠᠵᠤ᠂ ᠳᠡᠭᠡᠳᠦ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠠᠶᠤᠯᠭᠦᠢ | ᠦᠢᠯᠡᠳᠪᠦᠷᠢᠯᠡᠯ ᠢ ᠬᠢᠨᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠎ᠡ ᠃ | ︵ᠭᠤᠷᠪᠠ︶ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠨᠢᠬᠦᠯᠦᠨ᠎ᠡ᠃ | ︵ᠲᠦᠷᠪᠡ︶ ᠬᠠᠷᠢᠶ᠎ᠠ ᠣᠷᠣᠨ ᠤ ᠪᠠᠨ ᠳᠣᠲᠣᠷᠠᠬᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠶᠢᠳᠠᠯ ᠢ | ᠮᠡᠳᠡᠭᠦᠯᠦᠨ ᠪᠦᠷᠢᠳᠬᠡᠵᠦ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠳᠤ | ᠬᠠᠮᠵᠢᠯᠴᠠᠨ᠎ᠠ ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠳᠥᠴᠢᠨ ᠭᠤᠷᠪᠠᠳᠤᠭᠠᠷ ᠵᠦᠢᠯ ᠬᠢᠩᠭᠠᠨ ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ | ︵ᠨᠢᠭᠡ︶ ᠰᠢᠤᠳᠠᠨ᠂ ᠲᠦᠷᠭᠡᠨ ᠬᠦᠷᠭᠡᠬᠦ ᠠᠵᠢᠯ ᠲᠥᠷᠥᠯ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠰᠢᠤᠳᠠᠨ᠂ ᠲᠦᠷᠭᠡᠨ ᠬᠦᠷᠭᠡᠬᠦ ᠠᠵᠢᠯ ᠲᠥᠷᠥᠯ ᠤᠨ ᠠᠵᠢᠯᠯᠠᠭᠠᠨ ᠤ ᠠᠮᠤᠷ | ᠲᠦᠪᠰᠢᠨ ᠳᠤ ᠬᠢᠨᠠᠨ ᠬᠡᠮᠵᠢᠯᠲᠡ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠬᠢᠨ᠎ᠠ ᠃ | ︵ᠬᠤᠶᠠᠷ︶ ᠠᠶᠤᠯᠲᠠᠶ ᠬᠢᠮᠢ ᠶᠢᠨ ᠪᠣᠳᠠᠰ᠂ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠢ ᠬᠦᠷᠭᠡᠬᠦ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠠᠵᠢᠯ ᠢ | ᠬᠠᠷᠢᠭᠤᠴᠠᠨ᠎ᠠ ᠃ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠳᠥᠴᠢᠨ ᠳᠥᠷᠪᠡᠳᠦᠭᠡᠷ ᠵᠦᠢᠯ ᠤᠯᠤᠰ ᠤᠨ ᠴᠠᠬᠢᠯᠭᠠᠨ ᠲᠣᠣᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ | ︵ᠨᠢᠭᠡ︶ ᠬᠠᠷᠢᠶ᠎ᠠ ᠣᠷᠣᠨ ᠤ ᠪᠠᠨ ᠳᠣᠲᠣᠷᠠᠬᠢ ᠴᠠᠬᠢᠯᠭᠠᠨ ᠬᠦᠴᠦᠨ ᠤ ᠠᠵᠢᠯ ᠲᠦᠷᠦᠯ ᠤᠨ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠬᠤᠶᠠᠷ︶ ᠬᠠᠷᠢᠶ᠎ᠠ ᠣᠷᠣᠨ ᠤ ᠪᠠᠨ ᠳᠣᠲᠣᠷᠠᠬᠢ ᠴᠠᠬᠢᠯᠭᠠᠨ ᠬᠦᠴᠦᠨ ᠤ ᠪᠦᠳᠦᠭᠡᠠ ᠪᠠᠶᠢᠭᠤᠯᠤᠯᠲᠠ ᠶᠢᠨ | ᠪᠠᠷᠢᠯᠭ᠎ᠠ ᠶᠢᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠳᠥᠴᠢᠨ ᠲᠠᠪᠤᠳᠤᠭᠠᠷ ᠵᠦᠢᠯ ᠤᠯᠠᠭᠠᠨᠬᠤᠲᠠ ᠭᠠᠯᠲᠤ ᠲᠡᠷᠭᠡᠨ ᠥᠷᠲᠡᠭᠡ | ︵ᠨᠢᠭᠡ︶ ᠬᠠᠷᠢᠶ᠎ᠠ ᠣᠷᠣᠨ ᠤ ᠪᠠᠨ ᠳᠣᠲᠣᠷᠠᠬᠢ ᠲᠡᠮᠦᠷ ᠵᠡᠮ ᠤᠨ ᠲᠡᠭᠡᠭᠡᠪᠦᠷᠢ ᠶᠢᠨ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ ᠃ | ︵ᠬᠤᠶᠠᠷ︶ ᠬᠠᠷᠢᠶ᠎ᠠ ᠣᠷᠣᠨ ᠤ ᠪᠠᠨ ᠳᠣᠲᠣᠷᠠᠬᠢ ᠲᠡᠮᠦᠷ ᠵᠡᠮ ᠤᠨ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ | ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠭᠤᠷᠪᠠ︶ ᠬᠠᠷᠢᠶ᠎ᠠ ᠣᠷᠣᠨ ᠤ ᠪᠠᠨ ᠳᠣᠲᠣᠷᠠᠬᠢ ᠠᠶᠤᠯᠲᠠᠶ ᠬᠢᠮᠢ ᠶᠢᠨ ᠪᠤᠳᠠᠰ ᠢ ᠲᠠᠮᠤᠷ ᠵᠠᠮ ᠢᠶᠠᠷ | ᠲᠡᠭᠡᠭᠡᠪᠦᠷᠢᠯᠡᠬᠦ᠂ ᠲᠠᠮᠤᠷ ᠵᠠᠮ ᠤᠨ ᠠᠭᠤᠯᠵᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠲᠦᠷᠪᠡ︶ ᠬᠠᠷᠢᠶ᠎ᠠ ᠣᠷᠣᠨ ᠤ ᠪᠠᠨ ᠳᠣᠲᠣᠷᠠᠬᠢ ᠲᠡᠮᠤᠷ ᠵᠠᠮ ᠤᠨ ᠲᠡᠭᠡᠭᠡᠪᠦᠷᠢ ᠶᠢᠨ ᠲᠥᠬᠦᠭᠡᠷᠦᠮᠵᠢ ᠶᠢᠨ ᠶᠠᠰᠤ | ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠳᠥᠴᠢᠨ ᠵᠢᠷᠭᠤᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ | ᠤᠯᠠᠭᠠᠨᠬᠤᠳᠠ ᠳᠠᠬᠢ ᠬᠤᠪᠢᠶᠠᠷᠢ ᠺᠤᠮᠫᠠᠨᠢ | ︵ᠨᠢᠭᠡ︶ ᠲᠤᠰ ᠨᠢᠭᠡᠴᠢ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ | | ︵ᠬᠤᠶᠠᠷ︶ ᠲᠤᠰ ᠨᠢᠭᠡᠴᠢ ᠶᠢᠨ ᠢᠶᠠᠨ ᠠᠮᠤᠷ ᠲᠦᠪᠰᠢᠨ ᠤ ᠬᠠᠮᠠᠭᠠᠯᠠᠯᠲᠠ᠂ ᠠᠮᠤᠷ ᠲᠦᠪᠰᠢᠨ ᠤ ᠪᠠᠶᠢᠴᠠᠭᠠᠯᠲᠠ᠂ | ᠭᠠᠯ ᠰᠡᠷᠭᠡᠶᠢᠯᠡᠵᠦ ᠤᠨᠲᠠᠷᠠᠭᠠᠬᠤ ᠶᠢᠨ ᠠᠮᠤᠷ ᠲᠦᠪᠰᠢᠨ ᠪᠠ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ | ᠲᠤᠰᠠᠯᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠭᠤᠷᠪᠠ︶ ᠲᠤᠰ ᠨᠢᠬᠡᠴᠢ ᠶᠢᠨ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠳᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠶᠦᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | | ︵ᠲᠦᠷᠪᠡ︶ ᠲᠤᠰ ᠨᠢᠭᠡᠴᠢ ᠶᠢᠨ ᠢᠶᠠᠨ ᠠᠶᠤᠯᠲᠠᠶ ᠬᠢᠮᠢ ᠶᠢᠨ ᠪᠤᠳᠠᠰ ᠤᠨ ᠠᠭᠠᠷ ᠤᠨ ᠲᠡᠭᠡᠭᠡᠪᠦᠷᠢ ᠶᠢᠨ | ᠠᠶᠤᠯᠭᠦᠶ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠳᠥᠴᠢᠨ ᠳᠣᠯᠣᠳᠤᠭᠠᠷ ᠵᠦᠢᠯ ᠲᠤᠰ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠨᠢ ᠪᠦᠬᠦ ᠬᠤᠳᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠲᠦᠷᠦᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠶᠡᠷᠦᠩᠬᠡᠢ ᠳᠤᠨᠢ ᠲᠣᠳᠣᠷᠬᠠᠶᠢᠯᠠᠵᠤ᠂ ᠱᠠᠳᠤ ᠬᠤᠪᠢᠶᠠᠨ | ᠬᠠᠷᠢᠭᠤᠴᠠᠬᠤ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶᠡᠨ ᠳᠤ ᠬᠤᠯᠪᠣᠭᠳᠠᠭᠰᠠᠨ ᠪᠠᠶᠢᠪᠠᠯ᠂ ᠡᠯ᠎ᠡ | ᠰᠠᠯᠠᠭ᠎ᠠ ᠮᠥᠴᠢᠷ ᠠᠴᠠ ᠪᠣᠳᠠᠲᠠᠢ ᠪᠠᠷ ᠲᠣᠭᠲᠠᠭᠠᠨ᠎ᠠ᠃ | ᠳᠥᠴᠢᠨ ᠨᠠᠢᠮᠠᠳᠤᠭᠠᠷ ᠵᠦᠢᠯ ᠲᠤᠰ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠳᠤ ᠲᠣᠳᠣᠷᠬᠠᠶ ᠥᠭᠡᠢ | ᠠᠶᠦᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠬᠤᠯᠪᠣᠭᠳᠠᠯ ᠪᠥᠬᠦᠢ ᠬᠠᠤᠯᠢ ᠴᠠᠭᠠᠵᠠ᠂ | ᠬᠠᠤᠯᠢ ᠲᠣᠭᠲᠠᠭᠠᠯ᠂ ᠲᠥᠷᠢᠮ ᠲᠣᠭᠲᠠᠭᠠᠯ᠂ ᠪᠢᠴᠢᠭ ᠮᠠᠲ᠋ᠧᠷᠢᠶᠠᠯ ᠪᠣᠯᠤᠨ ᠰᠠᠯᠠᠭ᠎ᠠ ᠮᠥᠴᠢᠷ ᠤᠨ ︽ᠭᠤᠷᠪᠠ ᠶᠢ | ᠲᠣᠭᠲᠠᠭᠠᠬᠤ︾ ᠲᠥᠰᠦᠯ ᠤᠨ ᠶᠣᠰᠣᠭᠠᠷ ᠬᠡᠷᠡᠭᠵᠢᠭᠦᠯᠦᠨ᠎ᠡ᠃ | ᠳᠥᠴᠢ ᠶᠢᠰᠦᠳᠦᠭᠡᠷ ᠵᠦᠢᠯ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |