ᠬᠢᠩᠭᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2022/11/10
                  ᠭᠤᠣᠯ ᠡᠭᠦᠷᠭᠡ ᠬᠠᠷᠢᠭᠤᠴᠠᠯᠭ᠎ᠠ       ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠤᠨ ᠦᠵᠡᠯ ᠰᠠᠨᠠᠭᠠᠨ ᠤ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠴᠢᠩᠭᠠᠳᠬᠠᠵᠤ᠂ ᠤᠯᠡᠠ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠤᠶᠦᠠ ᠤ ᠪᠣᠯᠪᠠᠰᠤᠨ ᠤ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠨ᠎ᠠ᠃       ︵ᠬᠤᠶᠠᠷ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠪᠦᠬᠦ ᠬᠤᠳᠠ ᠶᠢᠨ ᠬᠥᠭᠵᠢᠯᠲᠡ ᠳᠤ ᠲᠠᠯᠪᠢᠭᠰᠠᠨ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠬᠠᠷᠢᠶ᠎ᠠ ᠣᠷᠣᠨ ᠤ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠠᠰᠠᠭᠤᠳᠠᠯ ᠢ ᠰᠤᠳᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠵᠢᠯ ᠤᠨ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       ︵ᠭᠤᠷᠪᠠ︶ ᠬᠤᠲᠠ ᠶᠢᠨ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ   ᠳᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠭ᠎ᠠ ᠲᠣᠭᠤᠷᠢᠭ ᠤᠨ ᠠᠳᠠᠯ ᠠᠬᠤᠶ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ︽ᠡᠷᠡᠬᠦᠯ ᠬᠠᠮᠠᠭᠠᠯᠠᠯ ᠤᠨ ᠬᠤᠲᠠ  ᠶᠢ ᠪᠠᠶᠢᠭᠤᠯᠬᠤ︾ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠬᠡᠨ ᠤ ᠲᠦᠬᠦᠭᠡᠷᠦᠮᠵᠢ  ᠶᠢᠨ ᠲᠥᠯᠥᠪᠵᠢᠭᠦᠯᠭᠡ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠭᠤᠴᠢᠨ ᠪᠠᠭ᠎ᠠ ᠲᠣᠭᠤᠷᠢᠭ ᠢ ᠦᠭᠡᠷᠡᠴᠢᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃       ︵ᠳᠥᠷᠪᠡ︶ ᠰᠠᠭᠤᠭᠠᠯᠢ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠲᠦᠷᠢᠮ ᠤᠨ ᠪᠠᠶᠢᠭᠤᠯᠤᠯᠲᠠ ᠶᠢ ᠵᠢᠯᠣᠭᠤᠳᠴᠤ᠂ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠦᠢᠯᠡᠴᠢᠯᠡᠬᠦᠯᠵᠦ᠂ ᠰᠠᠭᠤᠭᠠᠯᠢ ᠠᠷᠠᠳ ᠤᠨ ᠵᠥᠪᠯᠡᠯ ᠤᠨ ᠬᠠᠤᠯᠢ ᠲᠦᠷᠢᠮ ᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠦᠵᠢᠭᠦᠯᠵᠦ ᠬᠠᠤᠯᠢ ᠶᠣᠰᠣᠭᠠᠷ  ᠬᠦᠢᠴᠡᠳᠭᠡᠪᠡᠰᠦ ᠵᠣᠬᠢᠬᠤ ᠡᠭᠦᠷᠭᠡ  ᠪᠠᠨ  ᠬᠦᠢᠴᠡᠳᠬᠡᠬᠦ ᠵᠡᠷᠭᠡ ᠲᠠᠯ᠎ᠠ ᠪᠠᠷ ᠬᠢ  ᠦᠢᠯᠡᠳᠦᠯ ᠢ ᠬᠦᠢᠴᠡᠳ ᠪᠠᠳᠠᠷᠠᠭᠤᠯᠤᠨ᠎ᠠ᠃       ︵ᠲᠠᠪᠤ︶ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠭᠠᠮᠰᠢᠭ ᠠᠴᠠ ᠰᠡᠷᠭᠡᠶᠢᠯᠡᠵᠦ ᠭᠠᠮᠰᠢᠭ ᠠᠴᠠ ᠠᠪᠤᠷᠠᠬᠤ᠂ ᠬᠦᠴᠢᠷᠳᠡᠯᠲᠡᠶ ᠶᠢ ᠲᠡᠳᠬᠦᠵᠦ ᠵᠡᠮᠳᠡᠭᠴᠦᠳ ᠢ ᠲᠤᠰᠠᠯᠠᠬᠤ᠂ ᠨᠡᠶᠢᠭᠡᠮ   ᠤᠨ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠨᠡᠶᠢᠭᠡᠮ   ᠤᠨ  ᠬᠡᠷᠡᠭ ᠶᠠᠪᠤᠳᠠᠯ   ᠤᠨ ᠠᠵᠢᠯ   ᠢ ᠬᠠᠷᠢᠭᠤᠴᠠᠨ᠎ᠠ᠃      ︵ᠵᠢᠷᠭᠤᠭ᠎ᠠ︶ ᠬᠠᠷᠢᠶ᠎ᠠ ᠣᠷᠣᠨ ᠤ ᠪᠠᠨ ᠠᠷᠠᠳ ᠤᠨ ᠵᠡᠪᠰᠡᠭᠲᠦ ᠬᠦᠴᠦᠨ ᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃      ︵ᠲᠤᠯᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ᠂ ᠵᠠᠬᠢᠳᠠᠯ  ᠰᠤᠷᠪᠤᠯᠵᠢᠯᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠣᠣᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠬᠢᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃     ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠳ ᠢ  ᠪᠡᠶᠡᠯᠡᠬᠦᠯᠦᠨ᠎ᠡ᠃    
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号