| | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ᠂ ᠰᠡᠷᠬᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ | ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ | ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠠᠴᠠ ᠪᠦᠬᠦ ᠤᠯᠤᠰ ᠤᠨ ᠬᠡᠪᠴᠢᠶᠡᠨ ᠳᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠢ ᠲᠣᠣᠷᠵᠢᠭᠤᠯᠤᠨ | ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠥᠬᠦᠭᠡᠷᠦᠮᠵᠢ ᠬᠡᠷᠡᠭᠴᠡᠭᠡ ᠲᠠᠢ᠂ ᠣᠯᠠᠨ ᠲᠦᠮᠡᠨ ᠬᠠᠨᠤᠮᠵᠢᠲᠠᠶ᠂ ᠤᠷᠲᠤ ᠬᠤᠭᠤᠴᠠᠭ᠎ᠠ ᠪᠠᠷ | ᠠᠰᠢᠭ ᠬᠦᠷᠲᠡᠬᠦ ᠶᠢ ᠪᠠᠲᠤᠯᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠰᠤᠨ ᠠᠰᠢᠭᠯᠠᠯᠲᠠ ᠶᠢᠨ ᠲᠢᠩᠬᠢᠮ ᠤᠨ ︿ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠮᠡᠳᠡᠭᠳᠡᠯ﹀︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠪᠥᠲᠥᠭᠡᠨ ᠪᠠᠶᠢᠭᠤᠯᠤᠯᠲᠠ ᠲᠠᠷᠬᠠᠭᠠᠭᠰᠠᠨ ︹ 2022 ︺ 400 | ᠳ᠋ᠤᠭᠠᠷ ᠲᠣᠭᠠᠲᠤ︶ ᠵᠢᠴᠢ ︽ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠤᠰᠤᠨ | ᠠᠰᠢᠭᠯᠠᠯᠲᠠ ᠶᠢᠨ ᠲᠣᠪᠴᠢᠶᠠᠨ ᠤ ︿ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠮᠡᠳᠡᠭᠳᠡᠯ﹀︾ | ︵ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ ︹ 2022 ︺ 349 ᠳ᠋ᠦ᠋ᠭᠡᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠮᠠᠨ ᠤ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠰᠢ ᠶᠢᠨ ᠫᠢᠩ ᠶᠡᠷᠦᠩᠬᠡᠶ | ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠪᠣᠯᠤᠨ ᠲᠠᠷᠢᠶᠠᠨ ᠭᠠᠵᠠᠷ ᠢ ᠬᠠᠮᠠᠭᠠᠯᠠᠬᠤ ᠳᠤ ᠨᠠᠮ | ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ᠂ ᠰᠠᠯᠠᠭ᠎ᠠ ᠮᠥᠴᠢᠷ ᠠᠴᠠ ᠨᠤᠲᠠᠯᠠᠨ ᠵᠥᠪᠰᠢᠶᠡᠷᠡᠬᠦ᠂ ᠡᠬᠡ ᠳᠠᠩᠰᠠ ᠪᠠᠶᠢᠭᠤᠯᠬᠤ᠂ ᠵᠦᠢᠯ | ᠳᠠᠷᠠᠭᠠᠯᠠᠨ ᠳ᠋ᠤᠭᠠᠷ ᠬᠠᠰᠤᠬᠤ᠂ ᠲᠣᠭᠲᠠᠴᠠ ᠶᠢ ᠪᠦᠷᠢᠯᠳᠦᠭᠦᠯᠬᠦ᠂ ᠲᠠᠷᠢᠶᠠᠴᠢᠳ ᠲᠤ ᠠᠰᠢᠭ ᠬᠦᠷᠲᠡᠭᠡᠬᠦ︾ ᠵᠠᠷᠴᠢᠮ | ᠶᠣᠰᠣᠭᠠᠷ᠂ ᠪᠦᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ ᠢ ︽ᠡᠷᠭᠢᠵᠦ ᠬᠠᠷᠠᠬᠤ︾ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠵᠢᠴᠢ ᠪᠦᠬᠦ ᠬᠤᠲᠠ ᠶᠢᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠰᠠᠭᠤᠳᠠᠯ ᠢ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠣᠳᠣ | ᠦᠶ᠎ᠡ ᠶᠢᠨ ᠮᠡᠳᠡᠭᠡ ᠵᠠᠩᠭᠢᠵᠢᠯᠲᠠ ᠶᠢᠨ ᠠᠷᠭ᠎ᠠ ᠶᠢ ᠠᠰᠢᠭᠯᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ | ᠦᠷᠭᠦᠯᠵᠢᠯᠡᠨ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠨᠢᠭᠡ ᠶᠢ ᠴᠦ ᠣᠷᠬᠢᠭᠳᠠᠭᠤᠯᠬᠤ ᠦᠭᠡᠶ᠂ ᠥᠨᠴᠥᠭ | ᠪᠤᠯᠤᠩ ᠦᠯᠡᠳᠡᠭᠡᠬᠦ ᠦᠭᠡᠶ᠂ ᠬᠠᠰᠢ ᠶᠠᠰᠢ ᠪᠠᠷ ᠥᠩᠭᠡᠷᠡᠭᠦᠯᠬᠦ ᠦᠭᠡᠶ ᠪᠠᠶᠢᠬᠤ ᠶᠢ ᠪᠠᠷᠢᠮᠲᠠᠯᠠᠵᠤ᠂ ᠠᠰᠠᠭᠤᠳᠠᠯ ᠢ | ᠦᠨᠡᠨ ᠬᠦ ᠲᠣᠳᠣᠷᠬᠠᠶ ᠣᠶᠢᠯᠠᠭᠠᠵᠤ᠂ ᠴᠡᠭᠴᠡᠯᠡᠨ ᠥᠭᠡᠷᠡᠴᠢᠯᠡᠬᠦ ᠡᠬᠡ ᠳᠠᠩᠰᠠ ᠪᠠᠶᠢᠭᠤᠯᠵᠤ᠂ ᠬᠥᠳᠡᠯᠦᠩᠭᠦᠶ | ᠬᠠᠮᠢᠶᠠᠷᠤᠯᠲᠠ ᠶᠢ ᠬᠡᠷᠡᠭᠵᠢᠭᠦᠯᠵᠦ᠂ ᠵᠦᠢᠯ ᠳᠠᠷᠠᠭᠠᠯᠠᠨ ᠳᠠᠩᠰᠠ ᠬᠠᠷᠭᠤᠭᠤᠯᠵᠤ ᠳ᠋ᠤᠭᠠᠷ ᠬᠠᠰᠤᠵᠤ᠂ ᠲᠠᠷᠢᠶᠠᠴᠢᠨ | ᠲᠦᠮᠡᠨ ᠤ ᠲᠠᠷᠢᠶᠠᠯᠠᠩ ᠤᠨ ᠤᠰᠤᠨ ᠠᠰᠢᠭᠯᠠᠯᠲᠠ ᠵᠡᠷᠭᠡ ᠲᠠᠯ᠎ᠠ ᠪᠠᠷ ᠬᠢ ᠪᠠᠴᠢᠮᠳᠠᠵᠤ ᠬᠦᠴᠢᠷᠳᠡᠵᠦ ᠵᠣᠪᠠᠨᠢᠵᠤ | ᠬᠦᠰᠡᠵᠦ ᠪᠠᠶᠢᠭ᠎ᠠ ᠲᠣᠪᠤᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠲᠠᠷᠢᠶᠠᠨ | ᠭᠠᠵᠠᠷ ᠤᠨ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠪᠠ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠠᠷᠢᠮᠵᠢᠶᠠᠵᠢᠭᠰᠠᠨ ᠪᠥᠲᠥᠭᠡᠨ ᠪᠠᠶᠢᠭᠤᠯᠤᠯᠲᠠ᠂ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ | ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠣᠷᠳᠣ ᠬᠤᠭᠤᠴᠠᠭ᠎ᠠ ᠪᠠᠷ ᠦᠷ᠎ᠡ ᠠᠰᠢᠭ ᠢᠶᠠᠨ | ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ | ᠪᠠᠲᠤ ᠪᠠᠬᠢ ᠰᠠᠭᠤᠷᠢ ᠬᠠᠩᠭᠠᠬᠤ ᠬᠡᠷᠡᠭᠲᠡᠶ᠃ | ᠬᠤᠶᠠᠷ᠂ ᠵᠢᠭᠰᠠᠭᠠᠨ ᠪᠠᠶᠢᠴᠠᠭᠠᠬᠤ ᠬᠡᠪᠴᠢᠶ᠎ᠡ | ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠠᠴᠠ ᠨᠠᠭᠠᠰᠢ ᠨᠢᠭᠡᠨᠲᠡ ᠪᠠᠶᠢᠭᠤᠯᠤᠭᠰᠠᠨ | ᠪᠠ ᠶᠠᠭ ᠪᠥᠲᠥᠭᠡᠨ ᠪᠠᠶᠢᠭᠤᠯᠵᠤ ᠪᠠᠶᠢᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠭᠤᠤᠯᠳᠠᠭᠤ᠄ | ︵ᠨᠢᠭᠡ︶ ᠢᠯᠭᠠᠷᠠᠭᠤᠯᠤᠨ ᠪᠠᠶᠢᠴᠠᠭᠠᠵᠤ ᠦᠨᠡᠯᠡᠨ ᠵᠢᠱᠢᠬᠦ ᠪᠠᠷ ᠳᠡᠮᠵᠢᠨ ᠬᠥᠮᠥᠷᠭᠡ ᠳᠤ ᠣᠷᠣᠭᠤᠯᠤᠭᠰᠠᠨ | 2011 — 2018 ᠣᠨ ᠳᠤ ᠪᠥᠬᠦ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠵᠣᠬᠢᠶᠠᠨ | ᠪᠠᠶᠢᠭᠤᠯᠵᠤ ᠬᠡᠷᠡᠭᠵᠢᠭᠦᠯᠦᠭᠰᠡᠨ ᠡᠯ᠎ᠡ ᠱᠠᠲᠤᠨ ᠤ ᠡᠯ᠎ᠡ ᠲᠥᠷᠥᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃ | ︵ᠬᠤᠶᠠᠷ︶ 2019 ᠣᠨ ᠠᠴᠠ ᠨᠠᠭᠠᠰᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ | ᠲᠥᠷᠥᠯ ᠵᠦᠢᠯ ᠲᠣᠭᠲᠠᠭᠠᠬᠤ ᠶᠢᠨ ᠬᠠᠮᠲᠤ ᠪᠥᠬᠦ ᠤᠯᠤᠰ ᠤᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠶᠡᠷᠦᠩᠬᠡᠶᠢᠯᠡᠭᠰᠡᠨ ᠬᠢᠨᠠᠨ ᠬᠡᠮᠵᠢᠵᠦ ᠬᠢᠨᠠᠨ ᠬᠠᠮᠢᠶᠠᠷᠬᠤ ᠲᠠᠪᠴᠠᠩ ︵ᠳᠣᠷᠣᠭᠰᠢ ︽ᠬᠢᠨᠠᠨ ᠬᠡᠮᠵᠢᠵᠦ ᠬᠢᠨᠠᠨ | ᠬᠠᠮᠢᠶᠠᠷᠬᠤ ᠲᠠᠪᠴᠠᠩ︾ ᠭᠡᠵᠦ ᠲᠣᠪᠴᠢᠯᠠᠨ᠎ᠠ︶ ᠤᠨ ᠪᠥᠬᠦ ᠶᠠᠪᠤᠴᠠ ᠶᠢᠨ ᠬᠠᠮᠢᠶᠠᠷᠤᠯᠲᠠ ᠳᠤ ᠣᠷᠣᠭᠤᠯᠤᠭᠰᠠᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃ | ᠭᠤᠷᠪᠠ᠂ ᠵᠢᠭᠰᠠᠭᠠᠨ ᠪᠠᠶᠢᠴᠠᠭᠠᠬᠤ ᠠᠭᠤᠯᠭ᠎ᠠ | ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ | ᠴᠢᠨᠠᠷ ᠤᠨ ︽ᠡᠷᠬᠢᠨ ᠬᠠᠷᠠᠬᠤ︾ ᠵᠢᠴᠢ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠰᠠᠭᠤᠷᠢᠨ ᠳᠡᠭᠡᠷ᠎ᠡ᠂ ᠳᠠᠬᠢᠨ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ | ᠥᠷᠨᠢᠭᠦᠯᠵᠦ᠂ ᠠᠰᠠᠭᠤᠳᠠᠯ ᠤᠨ ᠡᠬᠡ ᠲᠠᠩᠰᠠ ᠶᠢ ᠨᠥᠬᠦᠪᠥᠷᠢᠯᠡᠨ ᠲᠡᠭᠦᠯᠳᠡᠷᠵᠢᠭᠦᠯᠦᠨ᠎ᠡ᠃ | ︵ᠨᠢᠭᠡ︶ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠨᠢᠭᠡᠨᠲᠡ ᠥᠩᠭᠡᠷᠡᠭᠡᠭᠰᠡᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ᠃ ᠲᠠᠷᠢᠶᠠᠨ ᠭᠠᠵᠠᠷ ᠤᠨ ᠤᠰᠤ ᠵᠠᠯᠠᠬᠤ᠂ | ᠲᠠᠷᠢᠶᠠᠨ ᠭᠠᠵᠠᠷ ᠤᠨ ᠵᠠᠮ᠂ ᠴᠠᠬᠢᠯᠭᠠᠨ ᠬᠦᠴᠦᠨ ᠤ ᠢᠵᠢ ᠪᠥᠷᠢᠳᠦᠭᠦᠯᠬᠦ ᠲᠦᠬᠦᠭᠡᠷᠦᠮᠵᠢ ᠵᠡᠷᠭᠡ ᠲᠠᠷᠢᠶᠠᠨ | ᠭᠠᠵᠠᠷ ᠤᠨ ᠰᠠᠭᠤᠷᠢ ᠲᠦᠬᠦᠭᠡᠷᠦᠮᠵᠢ ᠶᠢᠨ ᠶᠠᠰᠤ ᠴᠢᠨᠠᠷ ᠤᠨ ᠲᠦᠭᠰᠢᠭᠦᠷᠢ ᠶᠢᠨ ᠳᠠᠯᠳᠠ ᠬᠡᠮ᠂ ᠪᠣᠳᠠᠲᠠᠶ | ᠠᠵᠢᠯᠯᠠᠭᠠᠨ ᠪᠠ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠨᠢᠭᠡ ᠳᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠲᠦᠬᠦᠭᠡᠷᠦᠮᠵᠢ ︵ᠤᠰᠤᠯᠠᠯᠲᠠ ᠶᠢᠨ ᠬᠤᠳᠳᠤᠭ᠂ ᠵᠢᠵᠢᠭ ᠴᠥᠭᠦᠷᠥᠮ ᠵᠡᠷᠭᠡ ᠵᠢᠵᠢᠭ | ᠬᠡᠯᠪᠡᠷᠢ ᠶᠢᠨ ᠤᠰᠤᠯᠠᠯᠲᠠ ᠶᠢᠨ ᠤᠰᠤᠨ ᠰᠤᠷᠪᠤᠯᠵᠢ ᠶᠢᠨ ᠪᠠᠷᠢᠯᠭ᠎ᠠ᠂ ᠲᠠᠷᠢᠶᠠᠨ ᠭᠠᠵᠠᠷ ᠤᠨ ᠤᠰᠤᠯᠠᠯᠲᠠ ᠶᠢᠨ | ᠰᠤᠪᠠᠭ ᠤᠨ ᠬᠤᠭᠤᠯᠠᠶ᠂ ᠪᠢᠴᠢᠯ ᠰᠦᠷᠴᠢᠨ ᠤᠰᠤᠯᠠᠬᠤ᠂ ᠳᠤᠰᠤᠯᠭᠠᠨ ᠤᠰᠤᠯᠠᠬᠤ ᠵᠡᠷᠭᠡ ᠥᠨᠳᠥᠷ ᠪᠦᠲᠦᠮᠵᠢᠲᠡᠶ | ᠤᠰᠤ ᠠᠷᠪᠢᠯᠠᠬᠤ ᠲᠦᠬᠦᠭᠡᠷᠦᠮᠵᠢ᠂ ᠤᠰᠤ ᠳᠠᠮᠵᠢᠭᠤᠯᠬᠤ ᠰᠤᠪᠠᠭ᠂ ᠤᠰᠤ ᠵᠠᠯᠠᠬᠤ ᠰᠤᠪᠠᠭ ᠵᠢᠴᠢ ᠢᠵᠢ | ᠪᠥᠷᠢᠳᠦᠭᠰᠡᠨ ᠪᠠᠷᠢᠯᠭ᠎ᠠ ᠶᠢᠨ ᠵᠦᠢᠯ ᠵᠡᠷᠭᠡ ᠳᠤ ᠬᠢᠵᠠᠭᠠᠷᠯᠠᠭᠳᠠᠬᠤ ᠥᠬᠡᠶ︶ ᠳᠤ ᠪᠠᠶᠢᠭᠤᠯᠤᠭᠠᠳ ᠬᠡᠷᠡᠭᠯᠡᠬᠦ ᠥᠬᠡᠶ | ᠦᠵᠡᠭᠳᠡᠯ ᠣᠷᠣᠰᠢᠵᠤ ᠪᠠᠶᠢᠬᠤ ᠡᠰᠡᠬᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠠᠵᠢᠯ ᠢ | ᠳᠥᠭᠦᠮᠴᠢᠯᠡᠨ ᠮᠠᠲ᠋ᠧᠷᠢᠶᠠᠯ ᠢ ᠬᠠᠰᠤᠭᠰᠠᠨ ᠪᠠᠶᠢᠳᠠᠯ ᠪᠠᠶᠢᠬᠤ ᠡᠰᠡᠬᠦ᠂ ᠬᠡᠰᠡᠭ ᠲᠦᠬᠦᠭᠡᠷᠦᠮᠵᠢ ᠶᠢᠨ ᠠᠵᠢᠯᠯᠠᠭᠠᠨ ᠳᠤ | ᠡᠪᠳᠡᠷᠡᠵᠦ ᠰᠦᠢᠳᠦᠭᠰᠡᠨ ᠠᠴᠠ ᠪᠣᠯᠵᠣ ᠰᠡᠯᠪᠢᠨ ᠵᠠᠰᠠᠭᠰᠠᠨ ᠥᠬᠡᠶ᠂ ᠡᠯᠳᠡᠪ ᠪᠣᠳᠠᠰ ᠡᠯᠡᠰᠦ ᠰᠢᠪᠠᠷ ᠬᠤᠷᠠᠵᠤ | ᠪᠥᠭᠯᠡᠷᠡᠭᠰᠡᠨ ᠠᠴᠠ ᠪᠣᠯᠵᠣ ᠬᠡᠪ ᠤᠨ ᠪᠠᠶᠢᠳᠠᠯ ᠢᠶᠠᠷ ᠬᠡᠷᠡᠭᠯᠡᠵᠦ ᠳᠡᠶᠢᠯᠬᠦ ᠥᠬᠡᠶ ᠪᠠᠶᠢᠳᠠᠯ ᠣᠷᠣᠰᠢᠵᠤ ᠪᠠᠶᠢᠬᠤ ᠡᠰᠡᠬᠦ | ᠂ ᠲᠠᠷᠢᠶᠠᠨ ᠭᠠᠵᠠᠷ ᠤᠨ ᠤᠰᠤᠯᠠᠬᠤ ᠤᠰᠤ ᠵᠠᠯᠠᠬᠤ ᠲᠦᠬᠦᠭᠡᠷᠦᠮᠵᠢ ᠨᠢ ᠭᠤᠤᠯ ᠪᠠᠷᠢᠯᠭ᠎ᠠ ᠲᠠᠢ ᠢᠵᠢ ᠪᠥᠷᠢᠳᠦᠭᠰᠡᠨ | ᠥᠬᠡᠶ᠂ ᠵᠣᠬᠢᠴᠠᠩᠭᠤᠶ ᠪᠤᠰᠤ᠂ ᠵᠡᠷᠭᠡ ᠳᠤᠨᠢ ᠪᠥᠲᠥᠭᠡᠨ ᠪᠠᠶᠢᠭᠤᠯᠤᠭᠰᠠᠨ ᠥᠬᠡᠶ ᠵᠡᠷᠭᠡ ᠪᠠᠶᠢᠳᠠᠯ ᠣᠷᠣᠰᠢᠵᠤ | ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠨ᠎ᠠ᠃ ᠬᠤᠶᠠᠷ ᠲᠤ ᠲᠥᠷᠥᠯ ᠵᠦᠢᠯ ᠤᠨ ᠲᠣᠭᠤᠷᠢᠭ ᠤᠨ ᠳᠣᠲᠣᠷ᠎ᠠ | ᠪᠥᠲᠥᠭᠡᠨ ᠪᠠᠶᠢᠭᠤᠯᠤᠭᠰᠠᠨ ᠲᠠᠷᠢᠶᠠᠨ ᠵᠠᠮ ︵ᠮᠠᠰᠢᠨ ᠢᠶᠠᠷ ᠳᠠᠷᠢᠬᠤ ᠵᠠᠮ︶᠂ ᠦᠢᠯᠡᠳᠪᠦᠷᠢᠯᠡᠯ ᠤᠨ ᠵᠠᠮ ᠳᠤ ︽ | ᠮᠤᠬᠤᠷ ᠵᠠᠮ︾ ︽ᠡᠷᠢᠶᠡᠨ ᠵᠠᠮ︾ ᠵᠡᠷᠭᠡ ᠦᠵᠡᠭᠳᠡᠯ ᠣᠷᠣᠰᠢᠵᠤ ᠪᠠᠶᠢᠬᠤ ᠡᠰᠡᠬᠦ᠂ ᠳᠠᠭᠠᠭᠠᠴᠠ ᠠᠴᠠ ᠬᠡᠲᠦᠷᠡᠭᠰᠡᠨ | ᠂ ᠲᠡᠭᠡᠷᠮᠡᠳᠡᠬᠦ᠂ ᠬᠠᠮᠢᠶᠠᠷᠴᠤ ᠬᠠᠮᠠᠭᠠᠯᠠᠬᠤ ᠠᠵᠢᠯ ᠢ ᠪᠣᠳᠠᠲᠠᠶᠢᠵᠢᠭᠤᠯᠤᠭᠰᠠᠨ ᠥᠬᠡᠶ ᠵᠡᠷᠭᠡ ᠰᠢᠯᠲᠠᠭᠠᠨ ᠠᠴᠠ ᠪᠣᠯᠵᠣ | ᠵᠠᠮ ᠤᠨ ᠭᠠᠳᠠᠷᠭᠤ ᠶᠢ ᠡᠪᠳᠡᠨ ᠰᠦᠢᠳᠬᠡᠵᠦ ᠬᠡᠪ ᠤᠨ ᠪᠠᠶᠢᠳᠠᠯ ᠢᠶᠠᠷ ᠬᠡᠷᠡᠭᠯᠡᠬᠦ ᠶᠢᠨ ᠠᠷᠭ᠎ᠠ ᠥᠬᠡᠶ ᠪᠣᠯᠭᠠᠭᠰᠠᠨ | ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠨ᠎ᠠ᠃ ᠭᠤᠷᠪᠠ ᠳᠤ ᠲᠥᠷᠥᠯ ᠵᠦᠢᠯ ᠤᠨ | ᠲᠣᠭᠤᠷᠢᠭ ᠤᠨ ᠴᠠᠬᠢᠯᠭᠠᠨ ᠬᠦᠴᠦᠨ ᠤ ᠢᠵᠢ ᠪᠥᠷᠢᠳᠦᠭᠦᠯᠬᠦ ᠲᠦᠬᠦᠭᠡᠷᠦᠮᠵᠢ ᠳᠤ ᠬᠡᠷᠡᠭᠯᠡᠬᠦ ᠶᠢᠨ ᠠᠷᠭ᠎ᠠ ᠥᠬᠡᠶ | ᠪᠠᠶᠢᠬᠤ᠂ ᠬᠤᠳᠳᠤᠭ ︵ᠤᠰᠤ︶ ᠲᠠᠢ ᠪᠠᠶᠢᠭᠠᠳ ᠴᠠᠬᠢᠯᠭᠠᠨ ᠥᠬᠡᠶ ᠪᠠᠶᠢᠬᠤ᠂ ᠳᠣᠤᠷ᠎ᠠ ᠬᠦᠴᠦᠳᠡᠯᠲᠦ ᠴᠠᠬᠢᠯᠭᠠᠨ | ᠤᠲᠠᠰᠤ ᠶᠢ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠵᠤ ᠪᠠᠶᠢᠬᠤ ᠵᠡᠷᠭᠡ ᠪᠠᠶᠢᠳᠠᠯ ᠣᠷᠣᠰᠢᠵᠤ ᠪᠠᠶᠢᠬᠤ | ᠡᠰᠡᠬᠦ ᠶᠢ ᠵᠢᠭᠰᠠᠭᠠᠨ ᠪᠠᠶᠢᠴᠠᠭᠠᠨ᠎ᠠ᠃ ᠲᠦᠷᠪᠡ ᠳᠤ᠂ ᠲᠦᠷᠦᠯ ᠵᠦᠢᠯ ᠤᠨ ᠲᠣᠭᠤᠷᠢᠭ ᠤᠨ ᠱᠠᠭᠠᠷᠳᠠᠯᠭ᠎ᠠ ᠶᠣᠰᠣᠭᠠᠷ | ᠬᠠᠮᠢᠶᠠᠷᠴᠤ ᠬᠠᠮᠠᠭᠠᠯᠠᠬᠤ ᠵᠥᠪᠯᠡᠯᠴᠡᠭᠡᠷ ᠲᠣᠭᠲᠠᠭᠰᠠᠨ ᠡᠰᠡᠬᠦ᠂ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠪᠣᠯᠤᠨ | ᠬᠠᠷᠢᠭᠤᠴᠠᠯᠭ᠎ᠠ ᠶᠢ ᠲᠣᠳᠣᠷᠬᠠᠶᠢᠯᠠᠭᠰᠠᠨ᠂ ᠬᠠᠮᠢᠶᠠᠷᠴᠤ ᠬᠠᠮᠠᠭᠠᠯᠠᠬᠤ ᠪᠠᠷᠢᠮᠵᠢᠶ᠎ᠠ ᠶᠢ ᠲᠣᠭᠲᠠᠭᠠᠭᠰᠠᠨ᠂ ᠬᠠᠮᠢᠶᠠᠷᠴᠤ | ᠬᠠᠮᠠᠭᠠᠯᠠᠬᠤ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠡᠰᠡᠬᠦ᠂ ᠪᠠᠶᠢᠭᠤᠯᠤᠭᠰᠠᠨ ᠪᠠᠷᠢᠯᠭ᠎ᠠ ᠶᠢᠨ | ᠲᠥᠬᠦᠭᠡᠷᠦᠮᠵᠢ ᠶᠢ ᠲᠠᠶᠠᠭᠳᠠᠨ ᠰᠤᠯᠠ ᠲᠠᠯᠪᠢᠭᠰᠠᠨ᠂ ᠡᠵᠡᠯᠡᠨ ᠬᠡᠷᠡᠭᠯᠡᠭᠰᠡᠨ ᠪᠤᠶᠤ ᠪᠤᠰᠤᠳ ᠵᠦᠢᠯ ᠳᠤ ᠬᠡᠷᠡᠭᠯᠡᠭᠰᠡᠨ | ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠬᠤ ᠪᠤᠰᠤᠳ ᠠᠰᠠᠭᠤᠳᠠᠯ ᠣᠷᠣᠰᠢᠵᠤ ᠪᠠᠶᠢᠬᠤ ᠡᠰᠡᠬᠦ ᠶᠢ | ᠵᠢᠭᠰᠠᠭᠠᠨ ᠪᠠᠶᠢᠴᠠᠭᠠᠨ᠎ᠠ᠃ | ︵ᠬᠤᠶᠠᠷ︶ ᠨᠢᠭᠡᠨᠲᠡ ᠪᠠᠷᠢᠵᠤ ᠳᠠᠭᠤᠰᠬᠠᠭᠠᠳ ᠰᠢᠯᠭᠠᠨ ᠠᠪᠤᠭᠠᠳᠤᠶ ᠪᠠ ᠶᠠᠭ ᠪᠦᠳᠦᠭᠡᠨ ᠪᠠᠶᠢᠭᠤᠯᠵᠤ | ᠪᠠᠶᠢᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ᠃ | ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠤᠳᠠᠭᠠᠰᠢᠷᠠᠭᠤᠯᠤᠨ ᠳᠠᠭᠤᠰᠬᠠᠬᠤ ᠥᠬᠡᠶ᠂ ᠳᠠᠭᠤᠰᠬᠠᠬᠤ ᠶᠣᠰᠣᠲᠠᠶ | ᠪᠠᠶᠢᠲᠠᠯ᠎ᠠ ᠳᠠᠭᠤᠰᠬᠠᠭᠠᠳᠤᠶ ᠬᠠᠭᠠᠰ ᠳᠤᠲᠠᠭᠤ ᠪᠠᠷᠢᠯᠭ᠎ᠠ ᠪᠠᠶᠢᠬᠤ ᠡᠰᠡᠬᠦ ᠶᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠨ᠎ᠠ᠃ ︽ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ | ᠠᠷᠭ᠎ᠠ︾᠂ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠷᠭ᠎ᠠ︾ ᠵᠡᠷᠭᠡ | ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠥᠷᠥᠯ ᠵᠦᠢᠯ ᠤᠨ ᠶᠠᠰᠤ | ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ | ᠪᠠᠷᠢᠯᠭ᠎ᠠ ᠪᠠᠷᠢᠵᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠲᠥᠷᠥᠯ ᠵᠦᠢᠯ ᠤᠨ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠢ ᠳᠥᠭᠦᠮᠴᠢᠯᠡᠨ ᠮᠠᠲ᠋ᠧᠷᠢᠶᠠᠯ ᠢ ᠬᠠᠰᠤᠬᠤ ᠵᠡᠷᠭᠡ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠰᠢᠨ᠎ᠡ ᠪᠠᠷ ᠪᠠᠶᠢᠭᠤᠯᠬᠤ ᠲᠥᠷᠥᠯ | ᠵᠦᠢᠯ ᠳᠤ ᠪᠠᠷᠢᠯᠭ᠎ᠠ ᠶᠢᠨ ᠶᠠᠰᠤ ᠴᠢᠨᠠᠷ ᠵᠡᠷᠭᠡ ᠠᠰᠠᠭᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ | ᠳᠥᠷᠪᠡ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠷᠭ᠎ᠠ ᠮᠠᠶ᠋ᠢᠭ | ᠲᠣᠰ ᠤᠳᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ︽ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ | ᠨᠢᠭᠡᠳᠦᠯᠲᠡᠶ ᠳ᠋ᠤᠭᠠᠷ ᠬᠠᠰᠤᠬᠤ︾ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ | ︵ᠨᠢᠭᠡ︶ ᠠᠰᠠᠭᠤᠳᠠᠯ ᠢ ᠵᠢᠭᠰᠠᠭᠠᠨ ᠪᠠᠶᠢᠴᠠᠭᠠᠨ᠎ᠠ᠃ ᠬᠤᠲᠠ ᠶᠢᠨ ᠵᠠᠰᠠᠭ ᠤᠨ ᠣᠷᠳᠣᠨ ᠳᠠᠷᠠᠭᠠᠯᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ | 1︶ ᠢ ᠪᠠᠶᠢᠭᠤᠯᠵᠤ᠂ ᠵᠢᠭᠰᠠᠭᠠᠨ ᠪᠠᠶᠢᠴᠠᠭᠠᠬᠤ ᠲᠥᠷᠥᠯ ᠵᠦᠢᠯ ᠤᠨ ᠨᠠᠷᠢᠨ ᠬᠠᠭᠤᠳᠠᠰᠤ ᠶᠢ | ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠥᠬᠦ ᠬᠤᠲᠠ ᠶᠢᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ︽ᠡᠷᠬᠢᠨ ᠬᠠᠷᠠᠬᠤ | ︾ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠲᠠᠢ ᠤᠶᠠᠯᠳᠤᠭᠤᠯᠤᠨ᠂ ︽ᠬᠡᠨ ᠬᠡᠷᠡᠭᠵᠢᠭᠦᠯᠪᠡᠯ ᠬᠡᠨ ᠵᠢᠭᠰᠠᠭᠠᠨ | ᠪᠠᠶᠢᠴᠠᠭᠠᠵᠤ᠂ ᠬᠡᠨ ᠴᠡᠭᠴᠡᠯᠡᠨ ᠰᠠᠶᠢᠵᠢᠷᠠᠭᠤᠯᠬᠤ︾ ᠵᠠᠷᠴᠢᠮ ᠶᠣᠰᠣᠭᠠᠷ᠂ ᠲᠣᠰ ᠲᠣᠰ ᠲᠠᠭᠠᠨ ᠵᠢᠭᠰᠠᠭᠠᠨ | ᠪᠠᠶᠢᠴᠠᠭᠠᠵᠤ᠂ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ 10% ᠠᠴᠠ | ᠳᠣᠤᠷ᠎ᠠ ᠥᠬᠡᠶ ᠬᠠᠷᠢᠴᠠᠯ ᠢᠶᠠᠷ ᠰᠤᠭᠤᠴᠢᠨ ᠪᠠᠶᠢᠴᠠᠭᠠᠨ᠎ᠠ᠃ ᠨᠢᠭᠡ ᠳᠤ᠂ ᠤᠤᠯ ᠤᠨ ᠵᠢᠭᠰᠠᠭᠠᠨ ᠪᠠᠶᠢᠴᠠᠭᠠᠭᠠᠳ | ᠣᠯᠵᠤ ᠮᠡᠳᠡᠭᠰᠡᠨ ᠥᠬᠡᠶ ᠠᠰᠠᠭᠤᠳᠠᠯ ᠲᠠᠢ ᠲᠥᠷᠥᠯ ᠵᠦᠢᠯ ᠳᠤ᠂ ᠣᠳᠣᠬᠢ ᠪᠠᠶᠢᠳᠠᠯ ᠢ ᠵᠢᠭᠰᠠᠭᠠᠨ ᠪᠠᠶᠢᠴᠠᠭᠠᠬᠤ ᠶᠢ | ᠤᠯᠠᠮ ᠨᠢᠭᠡ ᠠᠯᠬᠤᠮ ᠥᠷᠨᠢᠭᠦᠯᠵᠦ᠂ ᠲᠤᠬᠠᠶ ᠶᠢᠨ ᠭᠠᠵᠠᠷ ᠲᠤᠨᠢ ᠣᠴᠢᠵᠤ ᠪᠠᠶᠢᠴᠠᠭᠠᠬᠤ᠂ ᠭᠤᠷᠪᠠᠳᠠᠬᠢ | ᠡᠲᠡᠭᠡᠳ ᠠᠴᠠ ᠦᠨᠡᠯᠡᠨ ᠵᠢᠱᠢᠬᠦ᠂ ᠲᠠᠷᠢᠶᠠᠴᠢᠨ ᠡᠷᠦᠬᠡ ᠶᠢ ᠰᠤᠷᠪᠤᠯᠵᠢᠯᠠᠬᠤ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠳᠠᠮᠵᠢᠨ᠂ ᠨᠢᠭᠡᠨᠲᠡ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠵᠢᠯᠯᠠᠭᠠᠨ ᠤ | ᠣᠳᠣᠬᠢ ᠪᠠᠶᠢᠳᠠᠯ ᠪᠠ ᠬᠠᠮᠢᠶᠠᠷᠤᠨ ᠬᠠᠮᠠᠭᠠᠯᠠᠵᠤ ᠪᠠᠶᠢᠭ᠎ᠠ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ | ᠬᠤᠶᠠᠷ ᠲᠤ᠂ ᠤᠤᠯ ᠳᠠᠭᠠᠨ ᠣᠷᠣᠰᠢᠵᠤ ᠪᠠᠶᠢᠭᠰᠠᠨ ᠠᠰᠠᠭᠤᠳᠠᠯ ᠢ ᠵᠢᠭᠰᠠᠭᠠᠨ ᠪᠠᠶᠢᠴᠠᠭᠠᠭᠰᠠᠨ ᠪᠥᠭᠡᠳ ᠨᠢᠭᠡᠨᠲᠡ | ᠴᠡᠭᠴᠡᠯᠡᠨ ᠰᠠᠶᠢᠵᠢᠷᠠᠭᠤᠯᠤᠭᠰᠠᠨ ᠲᠥᠷᠥᠯ ᠵᠦᠢᠯ ᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ | ᠬᠠᠷᠭᠤᠭᠤᠯᠤᠨ ᠪᠠᠶᠢᠴᠠᠭᠠᠵᠤ᠂ ᠪᠣᠳᠠᠲᠠᠶ ᠭᠠᠵᠠᠷ ᠲᠤᠨᠢ ᠴᠡᠭᠴᠡᠯᠡᠨ ᠰᠠᠶᠢᠵᠢᠷᠠᠭᠤᠯᠤᠭᠰᠠᠨ ᠡᠰᠡᠬᠦ ᠶᠢ ᠪᠠᠶᠢᠴᠠᠭᠠᠨ | ᠦᠵᠡᠵᠦ᠂ ᠥᠨᠳᠥᠷ ᠪᠦᠲᠦᠮᠵᠢᠲᠡᠶ ᠪᠠᠷ ᠠᠵᠢᠯᠯᠠᠭᠤᠯᠤᠭᠰᠠᠨ ᠡᠰᠡᠬᠦ ᠶᠢ ᠪᠠᠶᠢᠴᠠᠭᠠᠨ ᠦᠵᠡᠬᠦ ᠬᠡᠷᠡᠭᠲᠡᠶ᠃ | ᠭᠤᠷᠪᠠ ᠳᠤ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠡᠬᠡ ᠲᠠᠩᠰᠠᠨ ᠳᠤ ᠵᠢᠭᠰᠠᠭᠠᠨ ᠣᠷᠣᠭᠤᠯᠤᠭᠰᠠᠨ | ᠲᠥᠷᠥᠯ ᠵᠦᠢᠯ ᠳᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠤᠨ ᠰᠢᠨ᠎ᠡ | ᠲᠣᠳᠣᠷᠬᠠᠶ ᠬᠠᠭᠤᠳᠠᠰᠤ ᠶᠣᠰᠣᠭᠠᠷ᠂ ᠠᠰᠠᠭᠤᠳᠠᠯ ᠤᠨ ᠨᠠᠷᠢᠯᠢᠭ ᠣᠨᠣᠴᠠᠲᠠᠶ ᠪᠠᠶᠢᠬᠤ ᠡᠰᠡᠬᠦ᠂ ᠢᠯᠠᠩᠭᠤᠶ᠎ᠠ ᠤᠰᠤᠨ | ᠠᠰᠢᠭᠯᠠᠯᠲᠠ ᠶᠢᠨ ᠲᠥᠬᠦᠭᠡᠷᠦᠮᠵᠢ ᠪᠠ ᠴᠠᠬᠢᠯᠭᠠᠨ ᠬᠦᠴᠦᠨ ᠤ ᠢᠵᠢ ᠪᠥᠷᠢᠳᠦᠭᠰᠡᠨ ᠪᠠᠶᠢᠳᠠᠯ ᠢ ᠤᠯᠠᠮ ᠨᠢᠭᠡ | ᠠᠯᠬᠤᠮ ᠬᠠᠷᠭᠤᠭᠤᠯᠤᠨ ᠪᠠᠶᠢᠴᠠᠭᠠᠵᠤ᠂ ᠠᠰᠠᠭᠤᠳᠠᠯ ᠤᠨ ᠲᠣᠳᠣᠷᠬᠠᠶ ᠬᠠᠭᠤᠳᠠᠰᠤ ᠪᠠᠶᠢᠭᠤᠯᠤᠨ᠂ ᠲᠠᠷᠠᠭᠠᠴᠢ ᠶᠢᠨ | ᠠᠯᠬᠤᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠶᠢ ᠬᠡᠷᠡᠭᠵᠢᠭᠦᠯᠬᠦ ᠳᠤ ᠰᠠᠭᠤᠷᠢ ᠲᠠᠯᠪᠢᠵᠤ ᠥᠭᠭᠦᠨ᠎ᠡ᠃ | ᠵᠢᠭᠰᠠᠭᠠᠨ ᠪᠠᠶᠢᠴᠠᠭᠠᠬᠤ ᠶᠠᠪᠤᠴᠠ ᠳᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠯ᠎ᠡ ᠲᠠᠯ᠎ᠠ ᠶᠢᠨ | ᠬᠦᠴᠦᠨ ᠢ ᠥᠷᠭᠡᠨ ᠢᠶᠠᠷ ᠳᠠᠶᠢᠴᠢᠯᠠᠨ᠂ ᠭᠠᠴᠠᠭ᠎ᠠ ᠲᠣᠰᠬᠤᠨ ᠤ ᠳᠤᠭᠤᠶᠢᠯᠠᠩ ᠤᠨ ᠺᠠᠳ᠋ᠷ᠂ ᠦᠨᠳᠦᠰᠦᠨ | ᠱᠠᠲᠤᠨ ᠤ ᠨᠠᠮ ᠤᠨ ᠭᠡᠰᠢᠭᠦᠨ᠂ ᠲᠠᠷᠢᠶᠠᠴᠢᠨ ᠣᠯᠠᠨ ᠲᠦᠮᠡᠨ ᠪᠠ ᠬᠠᠮᠢᠶᠠᠷᠤᠨ ᠬᠠᠮᠠᠭᠠᠯᠠᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠲᠦᠬᠦᠭᠡᠷᠦᠮᠵᠢ ᠶᠢᠨ ᠣᠷᠣᠨ ᠪᠠᠶᠢᠷᠢ ᠶᠢ ᠣᠶᠢᠯᠠᠭᠠᠬᠤ᠂ ᠠᠵᠢᠯᠯᠠᠭᠠᠨ ᠤ ᠣᠳᠣᠬᠢ | ᠪᠠᠶᠢᠳᠠᠯ ᠢ ᠣᠶᠢᠯᠠᠭᠠᠵᠤ᠂ ᠵᠢᠭᠰᠠᠭᠠᠨ ᠪᠠᠶᠢᠴᠠᠭᠠᠬᠤ ᠠᠭᠤᠯᠭ᠎ᠠ ᠪᠠ ᠵᠢᠭᠰᠠᠭᠠᠨ ᠪᠠᠶᠢᠴᠠᠭᠠᠬᠤ ᠬᠦᠰᠦᠨᠦᠭᠲᠦ ︵ | ᠳᠠᠭᠠᠯᠳᠤᠭᠤᠯᠤᠯ 2︶ ᠶᠣᠰᠣᠭᠠᠷ᠂ ᠠᠰᠠᠭᠤᠳᠠᠯ ᠲᠠᠢ ᠵᠦᠢᠯᠡᠰ ᠢ ᠲᠡᠮᠳᠡᠭᠯᠡᠬᠦ ᠶᠢᠨ ᠬᠠᠮᠲᠤ ᠰᠢᠯᠲᠠᠭᠠᠨ ᠢ ᠨᠢ ᠦᠨᠡᠨ | ᠮᠥᠨ ᠢᠶᠠᠷ ᠨᠢ ᠵᠠᠳᠠᠯᠬᠤ ᠬᠡᠷᠡᠭᠲᠡᠶ᠃ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ | ᠵᠢᠷᠤᠮᠵᠢᠭᠰᠠᠨ ᠡᠬᠡ ᠲᠠᠩᠰᠠ ᠶᠢᠨ ᠮᠠᠲ᠋ᠧᠷᠢᠶᠠᠯ ᠢ ᠡᠮᠬᠢᠳᠬᠡᠵᠦ᠂ ᠡᠯ᠎ᠡ ᠨᠢᠭᠡᠴᠢ ᠶᠢᠨ ᠬᠠᠷᠢᠭᠤᠴᠠᠯᠭᠠᠲᠠᠨ ᠢᠶᠠᠷ | ᠭᠠᠷ ᠤᠨ ᠥᠰᠥᠭ ᠵᠢᠷᠤᠭᠤᠯᠵᠤ ᠨᠤᠲᠠᠯᠠᠭᠤᠯᠤᠭᠰᠠᠨ ᠤ ᠳᠠᠷᠠᠭ᠎ᠠ᠂ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠳᠤᠭᠤᠶᠢᠯᠠᠩ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠵᠢᠴᠢ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠳᠡᠭᠡᠭᠰᠢ ᠮᠡᠳᠡᠭᠦᠯᠵᠦ᠂ ᠬᠤᠲᠠ ᠶᠢᠨ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠢᠨᠠᠨ | ᠬᠡᠮᠵᠢᠵᠦ ᠬᠢᠨᠠᠨ ᠬᠠᠮᠢᠶᠠᠷᠬᠤ ᠲᠠᠪᠴᠠᠩ ᠳᠤ ᠨᠢᠭᠡᠳᠦᠯᠲᠡᠶ ᠲᠡᠮᠳᠡᠭᠯᠡᠨ ᠣᠷᠣᠭᠤᠯᠵᠤ ᠳ᠋ᠤᠭᠠᠷ ᠬᠠᠰᠤᠬᠤ ᠶᠢ | ᠬᠠᠷᠢᠭᠤᠴᠠᠨ᠎ᠠ᠃ | ︵ᠬᠤᠶᠠᠷ︶ ᠲᠥᠷᠥᠯ ᠬᠤᠪᠢᠶᠠᠨ ᠴᠡᠭᠴᠡᠯᠡᠨ ᠰᠠᠶᠢᠵᠢᠷᠠᠭᠤᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠬᠢᠨᠠᠮᠠᠭᠠᠶ ᠰᠤᠳᠤᠯᠵᠤ᠂ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠷᠥᠯ ᠵᠦᠢᠯ ᠳᠠᠷᠠᠭᠠᠯᠠᠨ ᠴᠢᠭᠯᠡᠭᠦᠯᠬᠦ ᠴᠢᠨᠠᠷᠲᠠᠶ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ | ᠵᠢᠷᠤᠮ ᠲᠠᠢ ᠠᠬᠢᠭᠤᠯᠬᠤ ᠬᠡᠷᠡᠭᠲᠡᠶ᠃ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠪᠣᠯᠬᠤ ᠠᠰᠠᠭᠤᠳᠠᠯ ᠳᠤ᠂ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠬᠠᠯᠠᠨ | ᠰᠠᠶᠢᠵᠢᠷᠠᠭᠤᠯᠵᠤ᠂ ᠳᠠᠷᠦ᠋ᠢᠬᠠᠨ ᠦᠷ᠎ᠡ ᠪᠦᠲᠦᠮᠵᠢ ᠤᠯᠬᠤ ᠬᠡᠷᠡᠭᠲᠡᠶ᠃ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ | ᠪᠣᠯᠬᠤ ᠠᠰᠠᠭᠤᠳᠠᠯ ᠳᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠷᠦ᠋ᠢᠬᠠᠨ ᠬᠡᠷᠡᠭᠵᠢᠭᠦᠯᠵᠦ | ᠳᠠᠷᠦ᠋ᠢᠬᠠᠨ ᠬᠠᠯᠠᠨ ᠰᠠᠶᠢᠵᠢᠷᠠᠭᠤᠯᠵᠤ᠂ ᠳᠠᠷᠦ᠋ᠢᠬᠠᠨ ᠦᠷ᠎ᠡ ᠪᠦᠲᠦᠮᠵᠢ ᠤᠯᠬᠤ ᠬᠡᠷᠡᠭᠲᠡᠶ᠃ ᠣᠷᠣᠭᠤᠯᠤᠯᠲᠠ ᠶᠢᠨ | ᠪᠠᠷᠢᠮᠵᠢᠶ᠎ᠠ ᠳᠣᠤᠷ᠎ᠠ᠂ ᠵᠣᠷᠢᠭᠤᠳᠠ ᠪᠤᠰᠤ ᠰᠢᠯᠲᠠᠭᠠᠨ ᠠᠴᠠ ᠪᠣᠯᠵᠣ ᠡᠪᠳᠡᠭᠳᠡᠭᠰᠡᠨ ᠵᠡᠷᠭᠡ ᠠᠴᠠ ᠪᠣᠯᠵᠣ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠣᠷᠳᠣ ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠪᠣᠯᠤᠭᠰᠠᠨ | ᠠᠰᠠᠭᠤᠳᠠᠯ ᠳᠤ᠂ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ | ᠥᠭᠡᠷᠡᠴᠢᠯᠡᠯᠲᠡ ᠶᠢᠨ ᠲᠥᠯᠥᠪᠯᠡᠭᠡ ᠳᠤ ᠵᠢᠭᠰᠠᠭᠠᠨ ᠣᠷᠣᠭᠤᠯᠬᠤ ᠪᠠᠷ ᠴᠢᠷᠮᠠᠶᠢᠵᠤ᠂ ᠴᠡᠭᠴᠡᠯᠡᠨ ᠰᠠᠶᠢᠵᠢᠷᠠᠭᠤᠯᠬᠤ | ᠴᠠᠭ ᠤᠨ ᠬᠦᠰᠦᠨᠦᠭᠲᠦ ᠶᠢ ᠲᠣᠭᠲᠠᠭᠠᠨ᠂ ᠲᠥᠯᠥᠪᠯᠡᠭᠡ ᠶᠣᠰᠣᠭᠠᠷ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ | ᠲᠡᠦᠬᠡᠨ ᠠᠴᠠ ᠦᠯᠡᠳᠡᠭᠳᠡᠵᠦ ᠢᠷᠡᠭᠰᠡᠨ ᠲᠦᠷ ᠴᠠᠭ ᠰᠢᠢᠳᠪᠦᠷᠢᠯᠡᠬᠦ ᠶᠢᠨ ᠠᠷᠭ᠎ᠠ ᠦᠭᠡᠢ ᠵᠢᠴᠢ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠬᠤ᠂ ᠬᠤᠳᠠᠯ ᠬᠠᠭᠤᠷᠮᠠᠭ ᠶᠠᠭᠤᠮ᠎ᠠ ᠪᠠᠷ ᠬᠠᠰᠢ ᠶᠠᠰᠢ ᠦᠢᠯᠡᠳᠬᠦ᠂ ᠪᠡᠯᠡ ᠮᠥᠩᠭᠦ ᠶᠢ | ᠱᠠᠮᠰᠢᠨ ᠵᠠᠯᠭᠢᠬᠤ ᠵᠡᠷᠭᠡ ᠲᠠᠯ᠎ᠠ ᠪᠠᠷ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠳᠠᠯ ᠣᠷᠣᠰᠢᠵᠤ᠂ | ᠠᠰᠠᠭᠤᠳᠠᠯ ᠤᠨ ᠰᠢᠨᠵᠢ ᠴᠢᠨᠠᠷ ᠨᠢ ᠬᠦᠨᠳᠦ ᠨᠣᠴᠢᠲᠠᠶ ᠪᠠᠶᠢᠪᠠᠯ᠂ ᠴᠠᠭ ᠲᠤᠬᠠᠶ ᠳᠤᠨᠢ ᠬᠤᠳᠠ ᠶᠢᠨ ᠵᠠᠰᠠᠭ ᠤᠨ | ᠣᠷᠳᠣᠨ ᠳᠤ ᠮᠡᠳᠡᠭᠦᠯᠵᠦ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ ᠲᠣᠬᠢᠲᠠᠶ ᠰᠢᠢᠳᠪᠦᠷᠢᠯᠡᠬᠦ | ᠬᠡᠷᠡᠭᠲᠡᠶ᠃ | ᠲᠠᠪᠤ᠂ ᠴᠠᠭ ᠤᠨ ᠲᠣᠬᠢᠷᠠᠭᠤᠯᠤᠯᠲᠠ | ᠲᠤᠰ ᠤᠳᠠᠭᠠᠨ ᠤ ᠪᠦᠬᠦ ᠲᠠᠯ᠎ᠠ ᠶᠢᠨ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ | 8 ᠰᠠᠷ᠎ᠠ ᠶᠢᠨ ᠳᠤᠮᠳᠠᠴᠢ ᠠᠴᠠ ᠡᠬᠢᠯᠡᠵᠦ ᠡᠨᠡ ᠵᠢᠯ ᠤᠨ ᠡᠴᠦᠰ ᠲᠤ ᠳᠠᠭᠤᠰᠤᠨ᠎ᠠ᠂ ᠮᠡᠳᠡᠭᠡ ᠵᠠᠩᠭᠢᠵᠢᠯᠲᠠ ᠶᠢᠨ | ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠢᠨᠠᠨ | ᠬᠡᠮᠵᠢᠵᠦ ᠬᠢᠨᠠᠨ ᠬᠠᠮᠢᠶᠠᠷᠬᠤ ᠲᠠᠪᠴᠠᠩ ᠢᠶᠠᠷ ᠠᠴᠢᠶᠠᠯᠠᠪᠤᠷᠢ ᠪᠣᠯᠭᠠᠵᠤ᠂ ᠤᠯᠤᠰ ᠤᠨ ᠬᠠᠷᠭᠤᠭᠤᠯᠤᠨ ᠬᠢᠨᠠᠵᠤ ᠬᠢᠨᠠᠨ | ᠲᠣᠭᠲᠠᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠥᠮᠥᠷᠭᠡ ᠳᠤ ᠣᠷᠣᠭᠤᠯᠬᠤ ᠨᠠᠷᠢᠨ ᠲᠠᠩᠰᠠ ᠲᠠᠢ ᠬᠠᠷᠢᠴᠠᠭᠤᠯᠤᠨ᠂ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠬᠡᠰᠡᠭ ᠢᠶᠠᠷ ᠳᠡᠮᠵᠢᠨ᠂ ᠲᠥᠷᠥᠯ ᠵᠦᠢᠯ ᠨᠢᠭᠡᠪᠦᠷᠢ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠭᠰᠠᠨ | ᠪᠠᠶᠢᠳᠠᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠭᠯᠠᠨ | ᠮᠡᠳᠡᠭᠦᠯᠬᠦ ᠬᠡᠷᠡᠭᠲᠡᠶ᠃ | ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ︵2022 ᠣᠨ ᠤ 8 ᠰᠠᠷ᠎ᠠ︶᠃ ᠬᠤᠲᠠ ᠶᠢᠨ | ᠱᠠᠲᠤᠨ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠲᠣᠰ ᠱᠠᠲᠤᠨ ᠤ ᠠᠵᠢᠯ ᠤᠨ ᠲᠥᠰᠦᠯ ᠢ ᠲᠣᠭᠲᠠᠭᠠᠬᠤ ᠪᠠ ᠮᠡᠳᠡᠭᠦᠯᠦᠨ ᠬᠦᠷᠭᠡᠵᠦ᠂ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠱᠠᠯᠠᠪᠳᠠᠭᠤᠯᠤᠨ | ᠪᠠᠶᠢᠴᠠᠭᠠᠵᠤ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ︽ᠬᠡᠨ ᠬᠡᠷᠡᠭᠵᠢᠭᠦᠯᠪᠡᠯ ᠬᠡᠨ ᠵᠢᠭᠰᠠᠭᠠᠨ ᠪᠠᠶᠢᠴᠠᠭᠠᠵᠤ᠂ | ᠬᠡᠨ ᠴᠡᠭᠴᠡᠯᠡᠨ ᠰᠠᠶᠢᠵᠢᠷᠠᠭᠤᠯᠬᠤ︾ ᠵᠠᠷᠴᠢᠮ ᠶᠣᠰᠣᠭᠠᠷ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ 8 ᠰᠠᠷ᠎ᠠ ᠶᠢᠨ 25 ᠤ ᠡᠳᠦᠷ ᠠᠴᠠ | ᠡᠮᠦᠨ᠎ᠡ᠂ ᠡᠯ᠎ᠡ ᠪᠠᠯᠭᠠᠰᠤ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠢ ᠬᠤᠯᠪᠣᠭᠠᠴᠢᠨ ᠤ ᠨᠡᠷᠡᠰ ᠢ | ᠬᠤᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠳᠤ | ᠮᠡᠳᠡᠭᠦᠯᠦᠨ ᠬᠦᠷᠭᠡᠬᠦ ᠬᠡᠷᠡᠭᠲᠡᠶ᠃ | ︵ᠬᠤᠶᠠᠷ︶ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠱᠠᠲᠤ ︵2022 ᠣᠨ ᠤ 8 — 10 ᠰᠠᠷ᠎ᠠ | ︶᠃ ᠡᠯ᠎ᠡ ᠪᠠᠯᠭᠠᠰᠤ᠂ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠢ ᠬᠥᠳᠡᠭᠡ ᠠᠵᠤ ᠠᠬᠤᠢ ᠬᠥᠳᠡᠭᠡ | ᠲᠣᠰᠬᠤᠨ ᠤ ᠶᠠᠮᠤᠨ ᠤ ᠬᠢᠨᠠᠨ ᠬᠡᠮᠵᠢᠵᠦ ᠬᠢᠨᠠᠨ ᠬᠠᠮᠢᠶᠠᠷᠬᠤ ᠲᠠᠪᠴᠠᠩ ᠤᠨ ᠲᠥᠷᠥᠯ ᠵᠦᠢᠯ ᠤᠨ ᠨᠠᠷᠢᠨ | ᠬᠠᠭᠤᠳᠠᠰᠤ ᠲᠠᠢ ᠬᠠᠷᠢᠴᠠᠭᠤᠯᠤᠨ᠂ ᠲᠥᠷᠥᠯ ᠵᠦᠢᠯ ᠤᠨ ᠨᠠᠷᠢᠨ ᠬᠠᠭᠤᠳᠠᠰᠤ ᠶᠢ ᠴᠠᠭ ᠲᠤᠬᠠᠶ ᠳᠤᠨᠢ ᠬᠠᠮᠢᠶ᠎ᠠ | ᠪᠥᠬᠦᠶ ᠨᠢᠭᠡᠴᠢ ᠳᠤ ᠰᠢᠯᠵᠢᠭᠦᠯᠦᠨ ᠲᠤᠰᠢᠶᠠᠬᠤ ᠶᠢᠨ ᠬᠠᠮᠲᠤ ᠲᠡᠮᠳᠡᠭᠯᠡᠯ ᠢ ᠰᠠᠶᠢᠲᠤᠷ ᠬᠢᠵᠦ᠂ ᠡᠯ᠎ᠡ ᠬᠠᠮᠢᠶ᠎ᠠ ᠪᠥᠬᠦᠶ | ᠨᠢᠭᠡᠴᠢ ᠲᠥᠷᠥᠯ ᠵᠦᠢᠯ ᠨᠢᠭᠡᠪᠦᠷᠢ ᠶᠢᠨ ᠬᠠᠮᠢᠶ᠎ᠠ ᠪᠥᠬᠦᠶ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ | ᠲᠦᠬᠦᠭᠡᠷᠦᠮᠵᠢ ᠨᠢᠭᠡᠪᠦᠷᠢ ᠪᠠᠷ ᠲᠤᠬᠠᠶ ᠶᠢᠨ ᠭᠠᠵᠠᠷ ᠲᠤᠨᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ | ᠃ ᠲᠥᠷᠥᠯ ᠵᠦᠢᠯ ᠢᠶᠠᠷ ᠨᠢᠭᠡᠴᠡ ᠪᠣᠯᠭᠠᠨ ᠲᠤᠬᠠᠶ ᠶᠢᠨ ᠭᠠᠵᠠᠷ ᠲᠤᠨᠢ ᠵᠢᠭᠰᠠᠭᠠᠨ ᠪᠠᠶᠢᠴᠠᠭᠠᠵᠤ ᠳᠡᠩᠰᠡᠯᠡᠨ | ᠲᠡᠮᠳᠡᠭᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠭᠰᠠᠭᠠᠨ ᠪᠠᠶᠢᠴᠠᠭᠠᠬᠤ ᠠᠰᠠᠭᠤᠳᠠᠯ ᠤᠨ ᠲᠥᠷᠥᠯ ᠵᠦᠢᠯ ᠢ | ᠴᠠᠭ ᠲᠤᠨᠢ ᠳᠣᠭᠢᠷᠠᠭᠤᠯᠤᠨ ᠬᠤᠷᠢᠶᠠᠩᠭᠤᠶᠢᠯᠠᠵᠤ᠂ ᠵᠠᠳᠠᠯᠤᠨ ᠰᠢᠨᠵᠢᠯᠡᠵᠦ᠂ ᠰᠤᠳᠤᠯᠤᠨ ᠮᠠᠭᠠᠳᠯᠠᠵᠤ᠂ | ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠵᠢᠭᠰᠠᠭᠠᠨ ᠪᠠᠶᠢᠴᠠᠭᠠᠬᠤ ᠱᠠᠲᠤ ᠦᠶ᠎ᠡ ᠳᠤ | ᠳᠠᠷᠦ᠋ᠢᠬᠠᠨ ᠪᠠᠶᠢᠴᠠᠭᠠᠵᠤ᠂ ᠳᠠᠷᠦ᠋ᠢᠬᠠᠨ ᠬᠠᠯᠠᠨ ᠰᠠᠶᠢᠵᠢᠷᠠᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠳ᠋ᠤᠭᠠᠷ ᠬᠠᠰᠤᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠮᠢᠶ᠎ᠠ ᠪᠥᠬᠦᠶ ᠡᠯ᠎ᠡ ᠪᠠᠯᠭᠠᠰᠤ᠂ ᠡᠯ᠎ᠡ ᠬᠠᠮᠢᠶ᠎ᠠ | ᠪᠥᠬᠦᠶ ᠨᠢᠭᠡᠴᠢ ᠲᠠᠢ ᠬᠠᠮᠲᠤᠷᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠦᠨᠡᠨ ᠬᠦ ᠲᠣᠳᠣᠷᠬᠠᠶ ᠤᠶᠢᠯᠠᠭᠠᠨ᠂ ᠡᠬᠡ ᠲᠠᠩᠰᠠ ᠪᠠᠶᠢᠭᠤᠯᠵᠤ᠂ | ᠲᠥᠷᠥᠯ ᠬᠤᠪᠢᠶᠠᠨ ᠰᠢᠢᠳᠪᠦᠷᠢᠯᠡᠬᠦ ᠬᠡᠷᠡᠭᠲᠡᠶ᠃ | ︵ᠭᠤᠷᠪᠠ︶ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠢ ᠳᠡᠭᠡᠭᠰᠢ ᠮᠡᠳᠡᠭᠦᠯᠦᠨ᠎ᠡ ︵2022 ᠣᠨ ᠤ 9 | ᠰᠠᠷ᠎ᠠ ᠶᠢᠨ 30 ᠤ ᠡᠳᠦᠷ ᠠᠴᠠ ᠡᠮᠦᠨ᠎ᠡ︶᠃ ᠡᠯ᠎ᠡ ᠪᠠᠯᠭᠠᠰᠤ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ | ᠨᠢᠭᠡᠴᠢ ᠠᠵᠢᠯ ᠤᠨ ᠠᠬᠢᠴᠠ ᠪᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠦᠨ᠂ ᠬᠠᠮᠢᠶ᠎ᠠ ᠪᠦᠬᠦᠢ ᠮᠡᠳᠡᠭᠦᠯᠬᠦ | ᠬᠦᠰᠦᠨᠦᠭᠲᠦ ᠪᠣᠯᠤᠨ ᠭᠡᠷᠡᠴᠢᠯᠡᠬᠦ ᠮᠠᠲ᠋ᠧᠷᠢᠶᠠᠯ ᠢ ᠨᠠᠷᠢᠨ ᠲᠣᠳᠣᠷᠬᠠᠶ ᠲᠠᠭᠯᠠᠵᠤ᠂ ᠬᠠᠮᠢᠶ᠎ᠠ ᠪᠦᠬᠦᠢ ᠡᠬᠡ ᠳᠠᠩᠰᠠ ᠶᠢ | ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ ᠨᠤᠲᠠᠯᠠᠭᠰᠠᠨ ᠤ ᠳᠠᠷᠠᠭ᠎ᠠ᠂ 9 | ᠰᠠᠷ᠎ᠠ ᠶᠢᠨ 25 ᠤ ᠡᠳᠦᠷ ᠠᠴᠠ ᠡᠮᠦᠨ᠎ᠡ ᠬᠤᠲᠠ ᠶᠢᠨ ᠥᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠭᠤᠶᠢᠯᠠᠩ ᠳᠤ | ᠮᠡᠳᠡᠭᠦᠯᠦᠨ᠂ ᠬᠤᠲᠠ ᠶᠢᠨ ᠥᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠭᠤᠶᠢᠯᠠᠩ ᠨᠢ 9 ᠰᠠᠷ᠎ᠠ ᠶᠢᠨ 30 ᠤ | ᠡᠳᠦᠷ ᠠᠴᠠ ᠡᠮᠦᠨ᠎ᠡ ᠬᠢᠨᠠᠨ ᠬᠡᠮᠵᠢᠵᠦ ᠬᠢᠨᠠᠨ ᠬᠠᠮᠢᠶᠠᠷᠬᠤ ᠲᠠᠪᠴᠠᠩ ᠳᠡᠭᠡᠷ᠎ᠡ ᠲᠥᠷᠥᠯ ᠵᠦᠢᠯ ᠤᠨ ᠠᠰᠠᠭᠤᠳᠠᠯ ᠢ | ᠵᠢᠭᠰᠠᠭᠠᠨ ᠪᠠᠶᠢᠴᠠᠭᠠᠬᠰᠠᠨ ᠮᠡᠳᠡᠭᠡ ᠵᠠᠩᠭᠢ ᠶᠢ ᠪᠢᠴᠢᠵᠦ ᠣᠷᠣᠭᠤᠯᠬᠤ᠂ ᠨᠤᠲᠠᠯᠠᠬᠤ᠂ ᠬᠢᠨᠠᠨ ᠬᠠᠷᠭᠤᠭᠤᠯᠬᠤ ᠶᠢ | ᠪᠡᠶᠡᠯᠡᠭᠦᠯᠬᠦ ᠶᠢᠨ ᠬᠠᠮᠲᠤ ᠬᠢᠨᠠᠨ ᠬᠡᠮᠵᠢᠵᠦ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠨ ᠠᠶᠢᠮᠠᠭ ᠤᠨ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃ | ︵ᠳᠥᠷᠪᠡ︶ ᠴᠡᠭᠴᠡᠯᠡᠨ ᠰᠠᠶᠢᠵᠢᠷᠠᠭᠤᠯᠬᠤ ᠱᠠᠲᠤ ︵2022 ᠣᠨ ᠤ 8 — 12 ᠰᠠᠷ᠎ᠠ︶᠃ | ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠳᠤ ᠠᠰᠠᠭᠤᠳᠠᠯ ᠤᠨ ᠡᠬᠡ ᠲᠠᠩᠰᠠ ᠶᠢ ᠵᠢᠭᠰᠠᠭᠠᠵᠤ᠂ | ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ | ᠠᠵᠢᠯ ᠢ ᠡᠮᠬᠢ ᠵᠢᠷᠤᠮ ᠲᠠᠢ ᠠᠬᠢᠭᠤᠯᠤᠨ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠦ᠋ᠢᠬᠠᠨ | ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠳᠠᠷᠦ᠋ᠢᠬᠠᠨ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠣᠷᠳᠣ | ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠴᠠᠭ ᠤᠨ | ᠬᠦᠰᠦᠨᠦᠭᠲᠦ ᠲᠣᠭᠲᠠᠭᠠᠵᠤ᠂ ᠲᠥᠯᠥᠪᠯᠡᠭᠡ ᠶᠣᠰᠣᠭᠠᠷ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠶ᠃ ᠲᠡᠦᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠢ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠵᠦ᠂ ᠴᠠᠭ ᠲᠤᠬᠠᠶ ᠳᠤᠨᠢ | ᠵᠣᠬᠢᠰᠲᠠᠶ ᠰᠢᠢᠳᠪᠦᠷᠢᠯᠡᠬᠦ ᠬᠡᠷᠡᠭᠲᠡᠶ᠃ ᠠᠰᠠᠭᠤᠳᠠᠯ ᠲᠠᠢ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠬᠤ | ᠲᠠᠪᠴᠠᠩ ᠳᠤ ᠣᠷᠣᠭᠤᠯᠬᠤ ᠶᠢ ᠴᠠᠭ ᠲᠤᠬᠠᠶ ᠳᠤᠨᠢ ᠪᠡᠶᠡᠯᠡᠭᠦᠯᠵᠦ᠂ ᠲᠣᠰ ᠱᠠᠲᠤᠨ ᠤ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠲᠤᠰᠢᠶᠠᠬᠤ ᠬᠡᠷᠡᠭᠲᠡᠶ᠃ | ᠬᠤᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠡᠯ᠎ᠡ ᠭᠠᠵᠠᠷ ᠤᠨ ᠵᠢᠭᠰᠠᠭᠠᠨ ᠪᠠᠶᠢᠴᠠᠭᠠᠭᠰᠠᠨ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠤᠨ | ᠬᠤᠷᠢᠶᠠᠩᠭᠤᠶᠢᠯᠠᠵᠤ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠬᠢᠨᠠᠨ ᠬᠠᠷᠭᠤᠭᠤᠯᠵᠤ᠂ ᠡᠯ᠎ᠡ ᠨᠢᠭᠡᠴᠢ ᠶᠢᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ ᠱᠠᠯᠠᠪᠳᠠᠭᠤᠯᠤᠨ | ᠪᠠᠶᠢᠴᠠᠭᠠᠵᠤ᠂ ᠠᠰᠠᠭᠤᠳᠠᠯ ᠲᠠᠢ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠬᠤ ᠲᠠᠪᠴᠠᠩ ᠳᠤ ᠣᠷᠣᠭᠤᠯᠬᠤ ᠪᠠ | ᠬᠢᠨᠠᠨ ᠬᠠᠷᠭᠤᠭᠤᠯᠬᠤ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠵᠢᠭᠠᠨ ᠵᠢᠯᠣᠭᠤᠳᠬᠤ ᠬᠡᠷᠡᠭᠲᠡᠢ᠃ | 11 ᠰᠠᠷ᠎ᠠ ᠶᠢᠨ 10 ᠤ ᠡᠳᠦᠷ ᠠᠴᠠ ᠡᠮᠦᠨ᠎ᠡ᠂ ᠡᠯ᠎ᠡ ᠨᠢᠭᠡᠴᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ︵ᠵᠢᠩᠬᠢᠨᠢ ᠪᠢᠴᠢᠭ ᠮᠠᠲ᠋ᠧᠷᠢᠶᠠᠯ ᠤᠨ ᠰᠢᠷᠪᠢᠯᠲᠡ ᠶᠢᠨ | ᠮᠠᠲ᠋ᠧᠷᠢᠶᠠᠯ︶ ᠵᠢᠴᠢ ᠲᠥᠷᠥᠯ ᠵᠦᠢᠯ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠦᠰᠦᠨᠦᠭᠲᠦ ︵ | ᠳᠠᠭᠠᠯᠳᠤᠭᠤᠯᠤᠯ 2︶ ᠶᠢ ᠬᠤᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠳᠤ ᠳᠡᠪᠰᠢᠭᠦᠯᠦᠨ ᠲᠤᠰᠢᠶᠠᠬᠤ ᠬᠡᠷᠡᠭᠲᠡᠶ᠃ 11 ᠰᠠᠷ᠎ᠠ ᠶᠢᠨ 20 ᠤ ᠡᠳᠦᠷ ᠠᠴᠠ | ᠡᠮᠦᠨ᠎ᠡ᠂ ᠬᠤᠲᠠ ᠶᠢᠨ ᠱᠠᠲᠤᠨ ᠳᠤ ᠲᠤᠰᠢᠶᠠᠵᠤ᠂ ᠠᠶᠢᠮᠠᠭ ᠤᠨ ᠱᠠᠲᠤᠨ ᠳᠤ ᠮᠡᠳᠡᠭᠦᠯᠦᠨ ᠬᠢᠨᠠᠨ ᠬᠠᠷᠭᠤᠭᠤᠯᠵᠤ | ᠬᠤᠷᠢᠶᠠᠩᠭᠤᠶᠢᠯᠠᠬᠤ ᠶᠢ ᠪᠡᠶᠡᠯᠡᠭᠦᠯᠦᠨ᠎ᠡ᠃ | ︵ᠲᠠᠪᠤ︶ ᠳ᠋ᠥᠩᠨᠡᠨ ᠳᠦᠷᠢᠮ ᠲᠤᠭᠲᠠᠭᠠᠬᠤ ᠱᠠᠲᠤ ︵2022 ᠣᠨ ᠤ 12 ᠰᠠᠷ᠎ᠠ︶᠃ ᠬᠤᠲᠠ ᠶᠢᠨ | ᠱᠠᠲᠤᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤᠭᠤᠶᠢᠯᠠᠩ ᠠᠴᠠ ᠠᠰᠠᠭᠤᠳᠠᠯ ᠢ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠳ᠋ᠦᠩᠨᠡᠯᠲᠡ ᠶᠢᠨ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠥᠬᠦ ᠲᠠᠯ᠎ᠠ ᠪᠠᠷ | ᠡᠮᠬᠢᠯᠡᠨ ᠬᠤᠷᠢᠶᠠᠩᠭᠤᠶᠢᠯᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠳᠤ ᠵᠠᠳᠠᠯᠤᠯᠲᠠ | ᠬᠢᠵᠦ ᠰᠤᠳᠤᠯᠤᠨ ᠮᠠᠭᠠᠳᠯᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠰᠦᠯ ᠢ ᠲᠥᠷᠥᠯ ᠬᠤᠪᠢᠶᠠᠨ | ᠲᠣᠭᠲᠠᠭᠠᠨ᠎ᠠ᠃ ᠲᠤᠷᠰᠢᠯᠭ᠎ᠠ ᠪᠠᠨ ᠪᠥᠬᠦ ᠲᠠᠯ᠎ᠠ ᠪᠠᠷ ᠳ᠋ᠦᠩᠨᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠬᠢ ᠡᠭᠦᠰᠦᠯ ᠠᠴᠠ ᠨᠢ ᠬᠠᠮᠢᠶᠠᠷᠬᠤ᠂ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠎ᠡ᠃ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ | ᠪᠣᠯᠤᠨ ᠰᠢᠷᠢᠰ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠬᠦ ᠴᠢᠬᠤᠯᠠ ᠭᠠᠷᠳᠠᠴᠠ ᠪᠣᠯᠭᠠᠵᠤ᠂ ᠬᠥᠳᠡᠭᠡ ᠠᠵᠤ ᠠᠬᠤᠢ ᠶᠢᠨ | ᠬᠥᠭᠵᠢᠯᠲᠡ ᠶᠢᠨ ᠰᠠᠭᠤᠷᠢ ᠶᠢ ᠪᠠᠲᠤᠳᠬᠠᠬᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ᠃ ᠡᠯ᠎ᠡ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠵᠡᠯ ᠤᠬᠠᠮᠰᠠᠷ ᠢᠶᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠬᠠᠷᠢᠭᠤᠴᠠᠯᠭ᠎ᠠ ᠡᠭᠦᠷᠭᠡᠯᠡᠬᠦ ᠪᠠᠨ | ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠬᠠᠷᠢᠭᠤᠴᠠᠯᠭᠠᠲᠤ ᠰᠡᠳᠬᠢᠯᠭᠡ ᠪᠠ | ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠃ ᠡᠷᠡᠰ ᠰᠢᠭᠤᠷᠬᠠᠶ ᠠᠵᠢᠯᠯᠠᠭ᠎ᠠ᠂ ᠬᠦᠴᠦᠲᠡᠶ ᠠᠷᠭ᠎ᠠ | ᠬᠡᠮᠵᠢᠶ᠎ᠡ᠂ ᠴᠢᠩᠭ᠎ᠠ ᠪᠣᠳᠠᠲᠠᠶ ᠰᠤᠷᠲᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠵᠡᠷᠭᠡᠪᠡᠷ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠤᠯᠠᠨ ᠲᠦᠮᠡᠨ᠂ ᠵᠠᠭᠤᠴᠢᠯᠠᠭᠤᠷ | ᠵᠡᠷᠭᠡ ᠶᠢᠨ ᠲᠤᠰᠬᠠᠭᠰᠠᠨ ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠶ ᠳᠤᠨᠢ ᠬᠢᠨᠠᠨ ᠬᠠᠷᠭᠤᠭᠤᠯᠬᠤ ᠶᠢᠨ ᠬᠠᠮᠲᠤ | ᠲᠣᠳᠣᠷᠬᠠᠶᠢᠯᠠᠵᠤ᠂ ᠪᠣᠳᠠᠲᠠᠢ ᠣᠷᠣᠰᠢᠵᠤ ᠪᠠᠶᠢᠭ᠎ᠠ ᠠᠰᠠᠭᠤᠳᠠᠯ ᠢ ᠡᠷᠡᠰ ᠢᠶᠠᠷ ᠴᠡᠭᠴᠡᠯᠡᠨ ᠰᠠᠶᠢᠵᠢᠷᠠᠭᠤᠯᠵᠤ᠂ | ᠨᠡᠶᠢᠭᠡᠮ ᠳᠤ ᠮᠠᠭᠤ ᠨᠥᠯᠥᠭᠡ ᠭᠠᠷᠭᠠᠬᠤ ᠠᠴᠠ ᠵᠠᠶᠢᠯᠠᠰᠬᠢᠬᠦ ᠬᠡᠷᠡᠭᠲᠡᠶ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠪᠠᠯᠭᠠᠰᠤ᠂ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠣᠰ ᠤᠳᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠲᠣᠰ ᠱᠠᠲᠤᠨ ᠤ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠬᠠᠷᠢᠭᠤᠴᠠᠵᠤ᠂ ᠬᠤᠲᠠ ᠶᠢᠨ ᠱᠠᠲᠤᠨ ᠤ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠤᠨ᠎ᠠ᠃ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ | ᠰᠠᠯᠠᠭ᠎ᠠ ᠮᠥᠴᠢᠷ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠨᠡᠪᠲᠡᠷᠡᠯᠴᠡᠵᠦ᠂ | ᠲᠤᠰᠬᠠᠶ ᠬᠥᠮᠦᠨ ᠲᠣᠮᠢᠯᠠᠨ ᠲᠣᠰ ᠤᠳᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠬᠠᠷᠢᠭᠤᠴᠠᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ | ᠴᠠᠭ ᠲᠤᠬᠠᠶ ᠳᠤᠨᠢ ᠡᠵᠡᠮᠰᠢᠨ ᠣᠶᠢᠯᠠᠭᠠᠵᠤ᠂ ᠠᠰᠠᠭᠤᠳᠠᠯ ᠢ ᠲᠣᠳᠣᠷᠬᠠᠶ ᠣᠶᠢᠯᠠᠭᠠᠵᠤ᠂ ᠡᠬᠡ ᠲᠠᠩᠰᠠ ᠲᠣᠳᠣᠷᠬᠠᠶ᠂ | ᠲᠦᠭᠰᠢᠭᠦᠷᠢ ᠶᠢ ᠡᠵᠡᠮᠳᠡᠵᠦ ᠪᠣᠯᠬᠤ ᠶᠢ ᠪᠡᠶᠡᠯᠡᠭᠦᠯᠵᠦ᠂ ᠣᠯᠠᠨ ᠲᠦᠮᠡᠨ ᠤ ᠬᠡᠷᠡᠭ ᠶᠠᠪᠤᠳᠠᠯ ᠡᠭᠦᠰᠬᠦ ᠥᠬᠡᠶ | ᠪᠠᠶᠢᠬᠤ ᠬᠡᠷᠡᠭᠲᠡᠶ᠃ | ︵ᠭᠤᠷᠪᠠ︶ ᠱᠠᠯᠠᠪᠳᠠᠭᠤᠯᠤᠨ ᠪᠠᠶᠢᠴᠠᠭᠠᠵᠤ ᠳᠣᠭᠢᠷᠠᠭᠤᠯᠬᠤ ᠶᠢ ᠴᠢᠩᠭᠠᠳᠬᠠᠨ᠎ᠠ᠃ ᠬᠤᠲᠠ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠳᠡᠭᠡᠳᠦ ᠱᠠᠲᠤᠨ ᠤ ᠱᠠᠭᠠᠷᠳᠠᠯᠭ᠎ᠠ ᠲᠠᠢ | ᠤᠶᠠᠯᠳᠤᠭᠤᠯᠤᠨ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠳᠠᠯ ᠢ ᠵᠡᠷᠭᠡ ᠳᠤᠨᠢ | ᠢᠯᠡ ᠪᠠᠷ ᠪᠠᠶᠢᠴᠠᠭᠠᠨ ᠳᠠᠯᠳᠠᠭᠤᠷ ᠰᠤᠷᠪᠤᠯᠵᠢᠯᠠᠵᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠬᠡᠯᠪᠡᠷᠢᠴᠢ | ᠦᠵᠡᠯ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠲᠥᠪ ᠴᠢᠩᠭ᠎ᠠ ᠪᠠᠷ ᠬᠠᠷᠢᠭᠤᠴᠠᠯᠭ᠎ᠠ | ᠨᠡᠬᠡᠮᠵᠢᠯᠡᠵᠦ ᠰᠢᠢᠳᠪᠦᠷᠢᠯᠡᠬᠦ ᠬᠡᠷᠡᠭᠲᠡᠶ᠃ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ | ᠢᠯᠡᠴᠢᠯᠡᠨ ᠮᠡᠳᠡᠭᠦᠯᠬᠦ ᠤᠳᠠᠰᠤ ᠳᠣᠭᠢᠷᠠᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠶᠠᠰᠤ ᠴᠢᠨᠠᠷ ᠤᠨ | ᠢᠯᠡᠴᠢᠯᠡᠨ ᠮᠡᠳᠡᠭᠦᠯᠬᠦ ᠪᠠ ᠵᠠᠭᠠᠯᠳᠤᠬᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠵᠠᠭᠠᠯᠳᠤᠬᠤ ᠰᠠᠨᠠᠭᠤᠯᠭ᠎ᠠ | ᠪᠠ ᠨᠡᠶᠢᠭᠡᠮ ᠤᠨ ᠬᠢᠨᠠᠯᠲᠠ ᠶᠢ ᠭᠥᠯᠢᠶᠡᠨ ᠠᠪᠴᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠤᠳᠤᠯᠤᠨ | ᠰᠢᠢᠳᠪᠦᠷᠢᠯᠡᠬᠦ ᠶᠢᠨ ᠬᠠᠮᠲᠤ ᠲᠣᠳᠣᠷᠬᠠᠶᠢᠯᠠᠵᠤ᠂ ᠣᠯᠠᠨ ᠲᠦᠮᠡᠨ ᠤ ᠡ᠊ᠡᠳᠡᠭᠦᠤ ᠣᠶᠢᠯᠠᠭᠠᠯᠲᠠ ᠪᠠ ᠨᠡᠶᠢᠭᠡᠮ ᠤᠨ | ᠮᠠᠭᠤ ᠨᠥᠯᠥᠭᠡ ᠭᠠᠷᠭᠠᠬᠤ ᠠᠴᠠ ᠵᠠᠶᠢᠯᠠᠰᠬᠢᠬᠦ ᠬᠡᠷᠡᠭᠲᠡᠶ᠃ ᠬᠤᠲᠠ ᠶᠢᠨ ᠳᠡᠰ ᠤᠨ ᠢᠯᠡᠴᠢᠯᠡᠨ ᠮᠡᠳᠡᠭᠦᠯᠬᠦ ᠤᠲᠠᠰᠤ᠄ | 0482-8519977 ᠪᠤᠯᠤᠨ᠎ᠠ᠃ | ︵ᠳᠥᠷᠪᠡ︶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ | ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ | ᠠᠵᠢᠯ ᠤᠨ ᠲᠣᠭᠲᠠᠴᠠ ᠶᠢ ᠲᠦᠷᠭᠡᠨ ᠪᠠᠶᠢᠭᠤᠯᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠵᠤ᠂ ᠶᠠᠰᠤ ᠴᠢᠨᠠᠷ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠵᠦᠢᠯ ᠳᠠᠷᠠᠭᠠᠯᠠᠨ ᠳ᠋ᠤᠭᠠᠷ | ᠬᠠᠰᠤᠬᠤ ᠲᠦᠷᠢᠮ ᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠳᠤ ᠢᠯᠡᠷᠡᠭᠦᠯᠦᠭᠰᠡᠨ ᠣᠷᠳᠣ ᠬᠤᠭᠤᠴᠠᠭ᠎ᠠ ᠪᠠᠷ | ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠠᠰᠠᠭᠤᠳᠠᠯ ᠢ ᠮᠥᠷᠳᠡᠨ ᠪᠠᠶᠢᠴᠠᠭᠠᠵᠤ ᠨᠠᠶᠢᠳᠠᠪᠤᠷᠢᠵᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠥᠯᠥᠪᠯᠡᠭᠡ ᠶᠣᠰᠣᠭᠠᠷ ᠪᠡᠶᠡᠯᠡᠭᠦᠯᠬᠦ ᠶᠢ ᠱᠠᠭᠠᠷᠳᠠᠬᠤ | ᠬᠡᠷᠡᠭᠲᠡᠶ᠃ ᠠᠰᠠᠭᠤᠳᠠᠯ ᠢ ᠣᠶᠢᠯᠠᠭᠠᠬᠤ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠠᠢ | ᠤᠶᠠᠯᠳᠤᠭᠤᠯᠤᠨ᠂ ᠰᠢᠯᠲᠠᠭᠠᠨ ᠢ ᠭᠦᠨᠵᠡᠭᠡᠶ ᠵᠠᠳᠠᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠦᠷᠢᠮ ᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠨ᠂ ᠡᠳᠦᠷ | ᠲᠤᠲᠤᠮ ᠤᠨ ᠬᠢᠨᠠᠨ ᠬᠡᠮᠵᠢᠵᠦ ᠬᠢᠨᠠᠨ ᠬᠠᠮᠢᠶᠠᠷᠬᠤ ᠶᠢᠨ ᠦᠨᠡᠯᠡᠨ ᠤᠷᠮᠠᠰᠢᠭᠤᠯᠬᠤ ᠳᠤᠮᠳᠠᠬᠢ ᠬᠡᠷᠡᠭᠯᠡᠯᠲᠡ ᠶᠢᠨ | ᠡᠷᠴᠢᠮ ᠢ ᠴᠢᠩᠭᠠᠷᠠᠭᠤᠯᠵᠤ᠂ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ ᠲᠣᠭᠲᠠᠴᠠ ᠵᠡᠷᠭᠡ ᠶᠢ ᠲᠡᠭᠦᠯᠳᠡᠷᠵᠢᠭᠦᠯᠦᠨ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠷ᠎ᠡ ᠠᠰᠢᠭ ᠢ | ᠣᠷᠳᠣ ᠬᠤᠭᠤᠴᠠᠭ᠎ᠠ ᠪᠠᠷ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠠᠷᠢᠯᠴᠠᠬᠤ ᠬᠥᠮᠦᠨ᠄ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠹᠧᠩ ᠴᠢᠤᠸᠠᠨ ᠵᠢᠶ᠂ 0482 — 8519977 | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠩ ᠴᠠᠩ ᠹᠦ᠋᠂ 0482-8319009 | ᠪᠤᠯᠤᠨ᠎ᠠ᠃ | ᠳᠠᠭᠠᠯᠳᠤᠭᠤᠯᠤᠯ᠄ 1. ᠤᠯᠠᠭᠠᠨᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ ᠤ ᠨᠡᠷᠡᠰ | 2. ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠠᠰᠠᠭᠤᠳᠠᠯ ᠢ ᠵᠢᠭᠰᠠᠭᠠᠨ ᠪᠠᠶᠢᠴᠠᠭᠠᠭᠰᠠᠨ ᠪᠠᠶᠢᠳᠠᠯ ᠤᠨ ᠬᠦᠰᠦᠨᠦᠭᠲᠦ | 3. ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠦᠰᠦᠨᠦᠭᠲᠦ | 4. ᠤᠯᠠᠭᠠᠨᠬᠤᠲᠠ ᠶᠢᠨ ᠥᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ | 5. ᠤᠯᠠᠭᠠᠨᠬᠤᠲᠠ ᠶᠢᠨ ︽ᠠᠷᠪᠠᠨ ᠬᠤᠶᠠᠳᠤᠭᠠᠷ ᠲᠠᠪᠤᠨ ᠵᠢᠯ ᠤᠨ ᠲᠦᠯᠥᠪᠵᠢᠭᠦᠯᠭᠡ︾ ᠠᠴᠠ | ᠨᠠᠭᠠᠰᠢᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠣᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠬᠥᠮᠦᠷᠭᠡ ᠳᠤ ᠣᠷᠣᠭᠤᠯᠤᠭᠰᠠᠨ ᠲᠤᠭ᠎ᠠ ᠪᠠᠷᠢᠮᠲᠠ ᠶᠢᠨ ᠲᠣᠳᠣᠷᠬᠠᠶ ᠬᠠᠭᠤᠳᠠᠰᠤ | 6. ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠠᠰᠠᠭᠤᠳᠠᠯ ᠢ ᠵᠢᠭᠰᠠᠭᠠᠨ ᠪᠠᠶᠢᠴᠠᠭᠠᠬᠤ ᠨᠠᠷᠢᠨ ᠬᠦᠰᠦᠨᠦᠭᠲᠦ | 2022 ᠣᠨ ᠤ 8 ᠰᠠᠷ᠎ᠠ ᠶᠢᠨ 24 ᠤ ᠡᠳᠦᠷ | | ᠳᠠᠭᠠᠯᠳᠤᠭᠤᠯᠤᠯ 1 | ᠤᠯᠠᠭᠠᠨᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠤ | ᠨᠡᠷᠡᠰ | ᠳᠤᠭᠤᠶᠢᠯᠠᠩ ᠤᠨ ᠳᠠᠷᠤᠭ᠎ᠠ᠄ ᠯᠢᠦ ᠢᠦᠶ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠸᠠᠩ ᠭᠦᠸᠧ ᠠᠨ ᠬᠤᠲᠠ ᠶᠢᠨ ᠳᠡᠳ᠋ ᠳᠠᠷᠤᠭ᠎ᠠ | ᠭᠡᠰᠢᠭᠦᠨ᠄ ᠪᠠᠶ ᠢᠦᠶ ᠮᠢᠩ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ | ᠾᠧ ᠵᠧᠨ ᠢᠦᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠯᠢᠦ ᠵᠧᠩ ᠫᠠᠢ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠮᠠ ᠴᠢᠩ ᠢ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠸᠠᠩ ᠶᠦᠨ ᠯᠢᠩ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠡᠦ ᠵᠢᠶᠠᠨ ᠷᠦᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠵᠢᠤᠢ ᠶᠠᠨ ᠬᠤᠢ ᠲᠠᠪᠢᠨ ᠦᠷᠲᠡᠭᠡ ᠥᠷᠲᠡᠭᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠢᠦᠢ ᠶᠠᠨ ᠬᠤᠸᠠ ᠤᠯᠠᠭᠠᠨᠬᠠᠳᠠ ᠪᠠᠯᠭᠠᠰᠤᠨ ᠤ ᠳᠠᠷᠤᠭ᠎ᠠ | ᠡᠦ ᠳ᠋ᠧ ᠴᠢᠤᠸᠠᠨ ᠢᠯᠠᠯᠲᠠ ᠪᠠᠯᠭᠠᠰᠤᠨ ᠤ ᠳᠠᠷᠤᠭ᠎ᠠ | ᠰᠢᠤᠢ ᠢ ᠭᠡᠭᠡᠨᠰᠦ᠋ᠮ᠎ᠡ ᠪᠠᠯᠭᠠᠰᠤᠨ ᠤ ᠳᠠᠷᠤᠭ᠎ᠠ | ᠸᠠᠩ ᠵᠢᠶᠦ᠋ᠨ ᠸᠧᠨ ᠬᠤᠲᠠ ᠶᠢᠨ ᠲᠡᠭᠦᠷᠭᠡ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠦᠨ ᡁᠢ ᠴᠢᠶᠠᠩ ᠰᠢᠨ᠎ᠡ ᠬᠤᠲᠠ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠵᠠᠩ ᠢ ᠪᠥᠸᠧ ᠬᠦᠬᠡ ᠠᠳᠤᠭᠤᠨ ᠲᠠᠯᠠᠪᠠᠢ ᠶᠢᠨ ᠳᠠᠷᠤᠭ᠎ᠠ | ᠡᠦ ᠵᠢᠷᠤᠮᠲᠤ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ | ᠳᠡᠳ᠋ ᠳᠠᠷᠤᠭ᠎ᠠ | ᠦ᠋ ᠯᠢ ᠵᠢᠶᠦ᠋ᠨ ᠤᠯᠤᠰ ᠤᠨ ᠴᠠᠬᠢᠯᠭᠠᠨ ᠲᠣᠤᠷ ᠤᠨ ᠤᠯᠠᠭᠠᠨᠬᠤᠲᠠ ᠶᠢᠨ ᠴᠠᠬᠢᠯᠭᠠᠨ ᠬᠠᠩᠭᠠᠬᠤ | ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ | ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠲᠠ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠳᠣᠭᠢᠷᠠᠭᠤᠯᠤᠨ᠂ ᠠᠯᠪᠠᠨ ᠬᠡᠷ ᠤᠨ | ᠡᠷᠬᠢᠯᠡᠭᠴᠢ ᠶᠢᠨ ᠲᠤᠰᠢᠶᠠᠯ ᠢ ᠯᠢᠦ ᠵᠧᠩ ᠫᠠᠢ ᠬᠠᠪᠰᠤᠷᠭᠠᠨ ᠬᠠᠷᠢᠭᠤᠴᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠡᠳᠦᠷ ᠲᠤᠲᠤᠮ ᠤᠨ ᠲᠣᠬᠢᠷᠠᠭᠤᠯᠤᠯᠲᠠ ᠬᠢᠬᠦ᠂ ᠱᠠᠯᠠᠪᠳᠠᠭᠤᠯᠤᠨ ᠪᠠᠶᠢᠴᠠᠭᠠᠬᠤ᠂ | ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ | | ᠳᠠᠭᠠᠯᠳᠤᠭᠤᠯᠤᠯ 2 | | | | | | | | | | ᠳᠠᠭᠠᠯᠳᠤᠭᠤᠯᠤᠯ 3 | | | | | | | | ᠳᠠᠭᠠᠯᠳᠤᠭᠤᠯᠤᠯ 4 | | | | | ᠳᠠᠭᠠᠯᠳᠤᠭᠤᠯᠤᠯ 5 | | | | | | | | | | | | | | | | ᠳᠠᠭᠠᠯᠳᠤᠭᠤᠯᠤᠯ 6 | | | | | | | | |