| ᠠᠳᠤᠭᠤᠨ ᠤ ᠬᠠᠯᠳᠠᠪᠤᠷᠢᠲᠤ ᠬᠢᠮᠤᠷᠠᠭ᠎ᠠ ᠪᠣᠯ ᠸᠢᠷᠦ᠋ᠰ ᠠᠴᠠ ᠪᠣᠯᠤᠭᠰᠠᠨ ᠲᠦᠷᠭᠡᠨ ᠴᠢᠨᠠᠷ ᠲᠠᠢ | ᠪᠦᠭᠡᠳ ᠬᠠᠯᠠᠭᠤᠨ ᠴᠢᠨᠠᠷ ᠲᠠᠢ ᠠᠮᠢᠰᠬᠤᠯ ᠤᠨ ᠰᠦᠪᠡ ᠶᠢᠨ ᠬᠠᠯᠳᠠᠪᠤᠷᠢᠲᠤ ᠡᠪᠡᠳᠴᠢᠨ ᠶᠣᠮ᠃ ᠡᠮᠴᠢᠯᠡᠭᠡᠨ ᠳᠠᠬᠢ | ᠭᠤᠣᠯ ᠪᠣᠯᠬᠤ ᠣᠨᠴᠠᠯᠢᠭ ᠪᠣᠯ ᠬᠠᠯᠠᠭᠤᠷᠠᠬᠤ᠂ ᠬᠠᠨᠢᠶᠠᠬᠤ ᠪᠠ ᠨᠢᠳᠦ᠂ ᠬᠠᠮᠠᠷ ᠲᠤ ᠰᠠᠯᠢᠰᠤᠯᠢᠭ ᠴᠢᠨᠠᠷ ᠲᠠᠢ | ᠦᠷᠪᠢᠰᠦᠯ ᠡᠭᠦᠰᠳᠡᠭ᠃ ᠵᠠᠷᠢᠮ ᠤᠨ ᠬᠢᠨᠢ ᠰᠠᠮᠰᠢᠭᠤ ᠶᠢᠨ ᠰᠦᠪᠡ ᠳᠤ ᠪᠠᠰᠠ ᠬᠦᠨᠳᠦ ᠰᠦᠷᠡᠬᠡᠢ ᠦᠷᠪᠢᠰᠦᠯ | ᠡᠭᠦᠰᠳᠡᠭ ᠪᠠᠶᠢᠨ᠎ᠠ᠃ ᠡᠪᠡᠳᠴᠢᠨ ᠤ ᠡᠭᠦᠰᠪᠦᠷᠢ ᠨᠢ ᠬᠠᠯᠳᠠᠪᠤᠷᠢᠲᠤ ᠬᠢᠮᠤᠷᠠᠭ᠎ᠠ ᠶᠢᠨ ᠸᠢᠷᠦ᠋ᠰ ᠪᠣᠯᠤᠨ᠎ᠠ᠃ | ᠠᠳᠤᠭᠤᠨ ᠤ ᠬᠠᠯᠳᠠᠪᠤᠷᠢᠲᠤ ᠬᠢᠮᠤᠷᠠᠭ᠎ᠠ ᠶᠢᠨ ᠸᠢᠷᠦ᠋ᠰ ᠢᠯᠴᠢ ᠪᠠ ᠠᠷᠢᠭᠤᠳᠬᠠᠬᠤ ᠡᠮ ᠳᠤ ᠲᠡᠰᠪᠦᠷᠢᠯᠡᠬᠦ | ᠴᠢᠳᠠᠯ ᠢᠶᠠᠷ ᠠᠨᠠᠢ᠂ ᠳᠤᠯᠠᠭᠠᠨ ᠤ ᠬᠡᠮᠵᠢᠶ᠎ᠡ ᠶᠢ 56 ᠭᠷᠠᠳᠦ᠋ᠰ ᠬᠦᠷᠭᠡᠪᠡᠯ ᠬᠡᠳᠦᠨ ᠮᠢᠨᠦ᠋ᠲ ᠤᠨ ᠳᠣᠲᠤᠷ᠎ᠠ | ᠬᠠᠯᠳᠠᠪᠤᠷᠢᠯᠠᠬᠤ ᠬᠦᠴᠦᠨ ᠢᠶᠠᠨ ᠠᠯᠳᠠᠳᠠᠭ᠂ ᠡᠭᠦᠨ ᠢ ᠪᠠᠶᠢᠩᠭᠤ ᠬᠡᠷᠡᠭᠯᠡᠳᠡᠭ ᠠᠶᠢᠭᠤᠳᠬᠠᠬᠤ ᠡᠮ ᠢᠶᠠᠷ ᠮᠠᠰᠢ | ᠲᠦᠷᠭᠡᠨ ᠠᠯᠠᠵᠤ ᠪᠣᠯᠬᠤ ᠶᠤᠮ᠃ ᠸᠢᠷᠦ᠋ᠰ ᠪᠣᠯ ᠬᠡᠮᠨᠡᠭᠰᠡᠨ ᠮᠣᠷᠢᠨ ᠤ ᠴᠢᠰᠤ ᠰᠢᠭᠦᠷᠡᠳᠡᠰᠦ᠂ ᠢᠯᠭᠠᠳᠠᠰᠤ ᠬᠢᠭᠡᠳ | ᠠᠵᠢᠷᠭᠠᠨ ᠤ ᠦᠷ᠎ᠡ ᠳᠤ ᠣᠷᠤᠰᠢᠳᠠᠭ ᠶᠤᠮ᠃ ᠴᠢᠰᠤ ᠪᠣᠶᠤ ᠨᠡᠬᠡᠳᠡᠰᠦ ᠶᠢᠨ ᠰᠢᠩᠭᠡᠨ ᠤ ᠰᠢᠭᠦᠷᠡᠳᠡᠰᠦ ᠶᠢ | ᠮᠣᠷᠢᠨ ᠤ ᠠᠷᠠᠰᠤᠨ ᠳᠣᠲᠤᠷ᠎ᠠ ᠲᠠᠷᠢᠪᠠᠯ ᠡᠪᠡᠳᠴᠢᠯᠡᠳᠡᠭ᠃ | |