ᠹᠢᠽᠢᠺ ᠤᠨ ᠠᠷᠭ᠎ᠠ ᠪᠠᠷ ᠰᠡᠷᠭᠡᠶᠢᠯᠡᠨ ᠵᠠᠰᠠᠬᠤ ᠳᠤ ᠶᠠᠭᠤ ᠶᠢ ᠪᠠᠭᠲᠠᠭᠠᠬᠤ ᠪᠤᠢ
ᠨᠡᠶᠢᠲᠡᠯᠡᠭᠰᠡᠨ ᠴᠠᠭ᠄
2022/11/24
         ᠹᠢᠽᠢᠺ ᠤᠨ ᠠᠷᠭ᠎ᠠ ᠪᠠᠷ ᠰᠡᠷᠭᠡᠶᠢᠯᠡᠨ ᠵᠠᠰᠠᠬᠤ ᠳᠤ ᠰᠢᠪᠡᠵᠢ ᠠᠯᠠᠬᠤ ᠳ᠋ᠧᠩ ︵杀虫灯︶᠂ ᠰᠢᠷ᠎ᠠ ᠬᠠᠪᠳᠠᠰᠤ ︵黄板︶᠂ ᠪᠡᠯᠭᠡ ᠦᠳᠦᠭᠡᠬᠦ ᠡᠳ᠋ ︵性诱剂︶ ᠪᠣᠯᠤᠨ ᠰᠢᠬᠢᠷ ᠼᠤᠤ ᠶᠢᠨ ᠠᠭᠤᠰᠤᠮᠠᠯ ︵糖 醋液︶ ᠵᠡᠷᠭᠡ ᠶᠢ ᠠᠰᠢᠭᠯᠠᠨ ᠬᠦᠨᠦᠭᠡᠯᠲᠦ ᠰᠢᠪᠡᠵᠢ ᠶᠢ ᠦᠳᠦᠭᠡᠨ ᠠᠯᠠᠬᠤ᠃ ᠬᠦᠨᠦᠭᠡᠯᠲᠦ ᠰᠢᠪᠡᠵᠢ ᠶᠢᠨ ᠪᠡᠯᠭᠡ ᠶᠢᠨ ᠵᠠᠩᠬᠢ ᠡᠳ᠋ ᠢ ᠠᠰᠢᠭᠯᠠᠨ ᠬᠦᠨᠦᠭᠡᠯᠲᠦ ᠰᠢᠪᠡᠵᠢ ᠶᠢ ᠲᠦᠭᠡᠷᠢᠭᠦᠯᠵᠦ᠂ ᠬᠦᠨᠦᠭᠡᠯᠲᠦ ᠰᠢᠪᠡᠵᠢ ᠶᠢᠨ ᠪᠡᠯᠭᠡ ᠬᠠᠷᠢᠯᠴᠠᠬᠤ ᠶᠢ ᠬᠠᠷᠰᠢᠯᠠᠬᠤ᠃ ᠪᠦᠯᠢᠶᠡᠨ ᠰᠦᠮᠦᠰᠦ ᠪᠠᠷ ᠦᠷ᠎ᠡ ᠳᠡᠪᠲᠦᠭᠡᠵᠦ ᠡᠪᠡᠳᠴᠢᠨ ᠬᠤᠷᠤᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ᠃ ᠮᠤᠳᠤᠨ ᠡᠰᠢᠨ ᠳᠡᠭᠡᠷ᠎ᠡ ᠴᠠᠪᠠᠤ ᠲᠦᠷᠬᠢᠬᠦ ᠪᠤᠶᠤ ᠴᠠᠭᠠᠨ ᠴᠤᠬᠤᠢ ᠲᠦᠷᠬᠢᠵᠦ ᠨᠢᠭᠡ ᠪᠦᠯᠦᠭ ᠬᠦᠨᠦᠭᠡᠯᠲᠦ ᠰᠢᠪᠡᠵᠢ ᠶᠢᠨ ᠮᠣᠳᠣᠨ ᠬᠠᠯᠢᠰᠤᠨ ᠳᠡᠭᠡᠷ᠎ᠡ ᠦᠨᠳᠡᠭᠡᠯᠡᠬᠦ ᠪᠠ ᠬᠦᠨᠦᠭᠡᠬᠦ ᠶᠢ ᠡᠰᠡᠷᠭᠦᠴᠡᠬᠦ᠃ ᠤᠭᠤᠳᠡ ᠤᠭᠯᠠᠬᠤ ᠪᠤᠶᠤ ᠰᠢᠪᠡᠵᠢ ᠰᠡᠷᠭᠡᠶᠢᠯᠡᠬᠦ ᠲᠤᠤᠷ ᠢ ᠠᠰᠢᠭᠯᠠᠨ ᠬᠦᠨᠦᠭᠡᠯᠲᠦ ᠰᠢᠪᠡᠵᠢ ᠶᠢ ᠲᠤᠰᠠᠭᠠᠷᠯᠠᠨ ᠲᠡᠭᠦᠨ ᠤ ᠬᠦᠨᠦᠭᠡᠯ ᠠᠴᠠ ᠵᠠᠶᠢᠯᠠᠰᠬᠢᠬᠦ᠃ ᠠᠲ᠋ᠤᠮ ᠤᠨ ᠰᠠᠴᠣᠷᠠᠭ ᠵᠡᠷᠭᠡ ᠴᠠᠬᠢᠯᠭᠠᠨ ᠰᠤᠷᠢᠨᠵᠢᠨ ᠤ ᠰᠠᠴᠤᠷᠠᠭ ᠢᠶᠠᠷ ᠬᠦᠨᠦᠭᠡᠯᠲᠦ ᠠᠮᠢᠲᠦ ᠪᠣᠳᠠᠰ ᠢ ᠲᠤᠭᠤᠯᠤᠭᠤᠯᠬᠤ᠂ ᠡᠪᠡᠳᠴᠢᠨ ᠬᠤᠷᠤᠬᠠᠢ ᠶᠢ ᠰᠢᠭᠤᠳ ᠠᠯᠠᠬᠤ ᠪᠠ ᠦᠷᠡᠵᠢᠬᠦᠯᠬᠦ ᠦᠭᠡᠢ ᠵᠡᠷᠭᠡ ᠠᠷᠭ᠎ᠠ ᠪᠠᠭᠲᠠᠲᠠᠭ ᠪᠠᠶᠢᠨ᠎ᠠ᠃ ︵ᠢᠷᠡᠯᠲᠡ᠄ ᠰᠢ ᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠡᠷᠬᠦᠨ᠎ᠠ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号