| ᠤᠯᠠᠨ ᠲᠦᠮᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠵᠦ᠂ ᠠᠷᠡᠳ ᠤᠨ ᠳᠠᠭᠤᠤ ᠶᠢᠨ ᠨᠡᠩ | ᠰᠠᠶᠢᠨ ᠬᠦᠭᠵᠢᠯᠲᠠ ᠶᠢ ᠠᠬᠢᠭᠤᠯᠬᠤ ᠡᠭᠦᠳᠡᠨ ᠠᠴᠠ ᠤᠶᠢᠷ᠎ᠠ ᠶᠢᠨ ᠡᠳᠦᠷ᠂ ᠤᠯᠠᠭᠠᠨᠬᠤᠲᠠ ᠶᠢᠨ ᠭᠡᠭᠡᠨᠰᠦ᠋ᠮ᠎ᠠ | ᠪᠠᠯᠭᠠᠰᠦ ᠠᠷᠡᠳ ᠤᠨ ᠳᠠᠭᠤᠤ ᠶᠢᠨ ᠰᠤᠯᠢᠯᠴᠠᠭᠠᠨ ᠤ ᠠᠵᠢᠯᠯᠠᠭᠠᠨ ᠶᠠᠪᠤᠬᠳᠠᠭᠤᠯᠪᠠ᠃ | ᠲᠤᠰ ᠤᠳᠠᠭᠠᠨ ᠤ ᠠᠵᠢᠯᠯᠠᠭᠠᠨ ᠨᠢ ︽ᠰᠢᠶᠤᠤ ᠯᠥᠩ ᠭᠧ ᠭᠧ︾᠂ ︽ᠸᠠᠩ ᠴᠢ ᠱᠸᠡᠭ︾ ᠭᠡᠬᠦ | ᠳᠠᠭᠤᠤ ᠬᠦᠭᠵᠢᠮ ᠤᠨ ᠳᠤᠮᠳᠠ ᠬᠦᠰᠢᠭᠡ ᠪᠠᠨ ᠢᠷᠡᠵᠦ᠂ ᠦᠵᠡᠭᠴᠢ ᠤᠯᠠᠨ ᠤ ᠪᠠᠨ ᠬᠠᠯᠠᠭᠤᠨ ᠠᠯᠠᠭ᠎ᠠ | ᠲᠠᠰᠢᠯᠲᠠ ᠶᠢ ᠬᠦᠷᠳᠡᠵᠦ᠂ ᠭᠡᠭᠡᠨᠰᠦ᠋ᠮ᠎ᠠ ᠪᠠᠯᠭᠠᠰᠦ ᠶᠢᠨ ᠠᠷᠡᠳ ᠤᠨ ᠳᠠᠭᠤᠤ ᠶᠢᠨ ᠷᠢᠳᠢ ᠰᠢᠳᠢ ᠶᠢ ᠤᠯᠠᠨ ᠳᠤ | ᠭᠠᠶᠢᠬᠠᠭᠤᠯᠵᠠᠢ᠃ | ᠤᠷᠤᠯᠳᠤᠭᠠᠨ ᠳᠤ ᠤᠷᠤᠯᠴᠠᠬᠰᠠᠨ ᠴᠢ ᠱᠤᠸᠠᠩ ᠰᠢ ᠤᠷᠤᠯᠳᠤᠭᠠᠨ ᠤ ᠳᠠᠷᠠᠭᠠᠬᠢ ᠲᠦᠷᠦᠭᠳᠡᠯ ᠢᠶᠠᠨ | ᠶᠠᠷᠢᠬᠤ ᠳᠤ ᠪᠠᠨ᠄ ︽ᠲᠤᠰ ᠤᠳᠠᠭᠠᠨ ᠤ ᠠᠷᠡᠳ ᠤᠨ ᠳᠠᠭᠤᠤ ᠶᠢᠨ ᠤᠷᠤᠯᠳᠤᠭᠠᠨ ᠳᠤ ᠤᠷᠤᠯᠴᠠᠭᠠᠳ ᠰᠡᠳᠬᠢᠯ | ᠮᠠᠰᠢ ᠦᠨᠳᠦᠷ ᠪᠠᠶᠢᠨ᠎ᠠ᠂ ᠡᠭᠦᠨ ᠠᠴᠠ ᠬᠤᠶᠢᠰᠢᠲᠠ ᠡᠶᠢᠮᠤᠷᠬᠦᠦ ᠤᠷᠤᠯᠳᠤᠭᠠᠨ ᠳᠤ ᠨᠡᠩ ᠢᠯᠡᠭᠦᠦ ᠤᠷᠤᠯᠴᠠᠵᠦ᠂ | ᠠᠷᠡᠳ ᠤᠨ ᠳᠠᠭᠤᠤ ᠪᠠᠨ ᠤᠯᠠᠮᠵᠢᠯᠠᠨ ᠬᠦᠭᠵᠢᠬᠦᠯᠬᠦ ᠳᠤ ᠦᠴᠦᠭᠡᠨ ᠬᠤᠪᠢ ᠨᠠᠮᠠᠷᠢ ᠪᠠᠨ ᠦᠵᠡᠭᠦᠯᠦ᠋ᠨᠠ︾ ᠭᠡᠵᠦ | ᠶᠠᠷᠢᠵᠦ ᠪᠠᠶᠢᠯ᠎ᠠ᠃ | ᠲᠤᠰ ᠤᠳᠠᠭᠠᠨ ᠤ ᠠᠵᠢᠯᠯᠠᠭᠠᠨ ᠨᠢ ᠡᠯ᠎ᠠ ᠦᠨᠳᠦᠰᠦᠲᠡᠨ ᠤ ᠠᠷᠡᠳ ᠲᠦᠮᠡᠨ ᠤ ᠪᠤᠳᠠᠰ ᠤᠨ ᠪᠤᠰᠤ | ᠰᠤᠶᠤᠯ ᠤᠨ ᠦᠪ ᠢ ᠬᠠᠶᠢᠷᠠᠯᠠᠵᠦ ᠬᠠᠮᠠᠭᠠᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠳᠤᠮᠳᠠᠲᠦ ᠶᠢᠨ | ᠦᠨᠳᠦᠰᠦᠲᠡᠨ ᠤ ᠰᠢᠯᠢᠳᠡᠭ ᠤᠯᠠᠮᠵᠢᠯᠠᠯᠲᠦ ᠰᠤᠶᠤᠯ ᠢ ᠤᠯᠠᠮ ᠢᠯᠡᠭᠦᠦ ᠤᠯᠠᠮᠵᠢᠯᠡᠨ ᠳᠡᠯᠭᠡᠷᠡᠭᠦᠯᠵᠦ᠂ ᠪᠤᠳᠠᠰ ᠤᠨ | ᠪᠤᠰᠤ ᠰᠤᠶᠤᠯ ᠤᠨ ᠦᠪ ᠢ ᠤᠯᠠᠮᠵᠢᠯᠠᠨ ᠬᠠᠮᠠᠭᠠᠯᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠠᠢ᠃ |