| | ᠣᠶᠢᠷ᠎ᠠ ᠶᠢᠨ ᠵᠢᠯ ᠳᠤ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ︽ᠠᠮᠢ ᠠᠬᠤᠶ ᠶᠢ ᠲᠡᠷᠢᠭᠦᠨ ᠳᠤ | ᠲᠠᠯᠪᠢᠵᠤ᠂ ᠪᠣᠬᠢᠷᠲᠤᠯ ᠥᠬᠡᠶ ᠬᠦᠭᠵᠢᠯᠳᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠥᠬᠦ ᠪᠠᠯᠭᠠᠰᠤᠨ ᠤ | ᠬᠡᠪᠴᠢᠶᠡᠨ ᠳᠤ ᠡᠰᠢ ᠰᠦᠷᠡᠯ ᠢ ᠬᠤᠷᠢᠶᠠᠨ ᠠᠪᠴᠤ ᠪᠣᠯᠪᠠᠰᠤᠷᠠᠭᠤᠯᠬᠤ ᠶᠢ ᠶᠡᠭᠡ ᠪᠠᠷ ᠳᠡᠯᠭᠡᠷᠡᠭᠦᠯᠵᠦ᠂ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠰᠢ ᠰᠦᠷᠡᠯ ᠢ | ᠡᠷᠳᠡᠨᠢ ᠪᠣᠯᠭᠠᠵᠤ᠂ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠪᠠ᠃ | ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠪᠠᠶᠠᠨᠲᠠᠯ᠎ᠠ ᠭᠠᠴᠠᠭ᠎ᠠ ᠳᠤ ᠬᠦᠷᠬᠦ ᠳᠤ᠂ ᠰᠤᠷᠪᠤᠯᠵᠢᠯᠠᠭᠴᠢ | ᠭᠠᠴᠠᠭ᠎ᠠ ᠶᠢᠨ ᠱᠠᠲᠤᠨ ᠤ ᠬᠠᠮᠲᠤ ᠶᠢᠨ ᠠᠵᠤ ᠠᠬᠤᠢ ᠳᠤ ᠬᠠᠷᠢᠶᠠᠯᠠᠭᠳᠠᠬᠤ ᠡᠰᠢ ᠰᠦᠷᠡᠯ ᠢ ᠪᠣᠭᠤᠵᠢᠯᠠᠬᠤ ᠮᠠᠰᠢᠨ | ᠨᠢᠵᠢᠭᠢᠨᠡᠲᠡᠯ᠎ᠡ ᠠᠵᠢᠯᠯᠠᠵᠤ ᠪᠠᠶᠢᠬᠤ ᠶᠢ ᠣᠯᠵᠤ ᠬᠠᠷᠠᠵᠤ᠂ ᠲᠠᠷᠢᠶᠠᠨ ᠭᠠᠵᠠᠷ ᠲᠠᠬᠢ ᠬᠠᠶᠠᠭᠳᠠᠮᠠᠯ ᠡᠷᠳᠡᠨᠢ ᠰᠢᠰᠢ ᠶᠢᠨ | ᠡᠰᠢ ᠰᠦᠷᠡᠯ ᠢ ᠪᠣᠭᠤᠳᠠᠯᠯᠠᠨ ᠳᠠᠷᠤᠰᠢᠭᠤᠯᠤᠭᠰᠠᠨ ᠤ ᠳᠠᠷᠠᠭ᠎ᠠ ᠲᠠᠷᠢᠶᠠᠨ ᠭᠠᠵᠠᠷ ᠲᠤ ᠮᠥᠷ ᠮᠥᠷ ᠢᠶᠠᠷ ᠵᠢᠭᠳᠡ ᠪᠠᠷ | ᠲᠠᠯᠪᠢᠭᠳᠠᠭᠰᠠᠨ ᠡᠰᠢ ᠰᠦᠷᠡᠯ ᠨᠢ ᠣᠨᠴᠠᠭᠠᠢ ᠰᠠᠶᠢᠬᠠᠨ ᠦᠵᠡᠮᠵᠢ ᠪᠣᠯᠤᠭᠰᠠᠨ ᠪᠠᠶᠢᠨ᠎ᠠ᠃ | | | | | ︽ᠡᠨᠡ ᠵᠢᠯ ᠤᠨ ᠲᠠᠷᠢᠶᠠᠨ ᠤ ᠡᠷᠳᠡᠨᠢ ᠰᠢᠰᠢ ᠶᠢᠨ ᠡᠰᠢ ᠶᠢ ᠥᠪᠡᠷ ᠢᠶᠠᠨ ᠲᠢᠭᠯᠡᠬᠦ ᠬᠡᠷᠡᠭ ᠦᠭᠡᠶ ᠪᠣᠯᠵᠠᠶ᠂ | ᠭᠠᠴᠠᠭᠠᠨ ᠠᠴᠠ ᠰᠦᠢᠳᠬᠡᠯ ᠬᠤᠷᠢᠶᠠᠬᠤ ᠦᠭᠡᠶ ᠪᠠᠷ ᠪᠣᠭᠤᠳᠠᠯᠯᠠᠨ ᠥᠭᠴᠦ᠂ ᠬᠠᠪᠤᠷ ᠤᠨ ᠡᠬᠢ ᠪᠠᠷ ᠰᠢᠭᠤᠳ | ᠲᠠᠷᠢᠶ᠎ᠠ ᠲᠠᠷᠢᠵᠤ ᠪᠣᠯᠬᠤ ᠪᠣᠯᠬᠤᠷ ᠬᠥᠮᠦᠨ ᠤ ᠬᠦᠴᠦ ᠪᠠ ᠪᠣᠳᠠᠰ ᠤᠨ ᠬᠦᠴᠦ ᠶᠢ ᠪᠠᠭ᠎ᠠ ᠪᠤᠰᠤ ᠠᠷᠪᠢᠯᠠᠵᠠᠶ︾ | ᠭᠡᠵᠦ ᠭᠡᠭᠡᠨᠰᠦ᠋ᠮ᠎ᠡ ᠪᠠᠯᠭᠠᠰᠤᠨ ᠤ ᠪᠠᠶᠠᠨᠲᠠᠯ᠎ᠠ ᠭᠠᠴᠠᠭᠠᠨ ᠤ ᠠᠷᠠᠳ ᠱᠢ ᠶᠦᠩ ᠱᠧᠩ ᠬᠡᠯᠡᠪᠡ᠃ | ︽ᠭᠡᠭᠡᠨᠰᠦ᠋ᠮ᠎ᠡ ᠪᠠᠯᠭᠠᠰᠤᠨ ᠤ ᠮᠠᠯ ᠠᠵᠤ ᠠᠬᠤᠢ ᠲᠠᠷᠢᠶᠠᠯᠠᠩ ᠤᠨ ᠪᠦᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠪᠣᠬᠢᠷᠲᠤᠯ ᠦᠭᠡᠢ ᠡᠷᠬᠢᠯᠳᠡᠳᠦ ᠮᠠᠯ ᠠᠵᠤ ᠠᠬᠤᠢ ᠲᠠᠷᠢᠶᠠᠯᠠᠩ ᠤᠨ | ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢᠨ ᠲᠥᠯᠥᠭᠡ᠂ ᠭᠡᠭᠡᠨᠰᠦ᠋ᠮ᠎ᠡ ᠪᠠᠯᠭᠠᠰᠤᠨ ᠤ ᠨᠠᠮ ᠤᠨ ᠬᠤᠷᠢᠶ᠎ᠠ᠂ | ᠪᠠᠯᠭᠠᠰᠤᠨ ᠤ ᠵᠠᠰᠠᠭ ᠤᠨ ᠣᠷᠳᠣᠨ ᠠᠴᠠ ᠨᠠᠷᠢᠨ ᠨᠢᠮᠪᠠᠢ ᠲᠥᠯᠥᠪᠵᠢᠭᠦᠯᠵᠦ᠂ ᠡᠰᠢ ᠰᠦᠷᠡᠯ ᠤᠨ ᠪᠣᠷᠳᠤᠭ᠎ᠠ ᠶᠢ | ᠬᠤᠷᠢᠶᠠᠨ ᠠᠪᠬᠤ᠂ ᠮᠢᠬᠠᠨ ᠦᠬᠡᠷ ᠮᠢᠬᠠᠨ ᠬᠤᠨᠢ ᠲᠡᠵᠢᠭᠡᠨ ᠦᠷᠡᠵᠢᠭᠦᠯᠬᠦ᠂ ᠡᠰᠢ ᠰᠦᠷᠡᠯ ᠢ ᠲᠠᠷᠢᠶᠠᠨ ᠳᠤ | ᠪᠤᠴᠠᠭᠠᠬᠤ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠬᠥᠭᠵᠢᠯᠲᠡ ᠶᠢᠨ ᠰᠢᠨ᠎ᠡ ᠵᠠᠭᠪᠤᠷ ᠢ ᠴᠢᠷᠮᠠᠶᠢᠨ ᠪᠠᠶᠢᠭᠤᠯᠵᠠᠢ | ᠃ ᠡᠨᠡ ᠨᠢ ᠲᠠᠷᠢᠶᠠᠴᠢᠳ ᠪᠣᠯᠤᠨ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ | ᠦᠭᠡᠶ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠴᠤ ᠪᠦᠲᠦᠮᠵᠢᠲᠡᠶ ᠪᠠᠷ ᠠᠬᠢᠭᠤᠯᠵᠠᠢ︾ ᠭᠡᠵᠦ | ᠭᠡᠭᠡᠨᠰᠦ᠋ᠮ᠎ᠡ ᠪᠠᠯᠭᠠᠰᠤᠨ ᠤ ᠳᠡᠳ᠋ ᠳᠠᠷᠤᠭ᠎ᠠ ᠤᠷᠭᠤᠭ᠎ᠠ ᠬᠡᠯᠡᠵᠡᠶ᠃ | | | | | ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠡᠰᠢ ᠰᠦᠷᠡᠯ ᠢ ︽ᠪᠣᠭᠤᠳᠠᠯᠯᠠᠵᠤ ᠲᠠᠷᠢᠶᠠᠨ ᠠᠴᠠ | ᠰᠠᠯᠭᠠᠬᠤ︾ ᠨᠢ ᠡᠰᠢ ᠰᠦᠷᠡᠯ ᠢ ᠰᠢᠲᠠᠭᠠᠬᠤ ᠠᠴᠠ ᠪᠣᠯᠤᠭᠰᠠᠨ ᠠᠭᠠᠷ ᠮᠠᠨᠳᠠᠯ ᠤᠨ ᠪᠣᠬᠢᠷᠲᠤᠯ ᠢ ᠪᠦᠲᠦᠮᠵᠢᠲᠡᠶ | ᠬᠤᠷᠢᠭᠯᠠᠵᠤ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ | ᠬᠠᠮᠲᠤ ᠭᠠᠯ ᠢ ᠰᠡᠷᠭᠡᠶᠢᠯᠡᠬᠦ ᠳᠠᠷᠤᠯᠲᠠ ᠶᠢ ᠴᠤ ᠪᠠᠭᠠᠰᠬᠠᠪᠠ᠃ ᠣᠳᠣ ᠪᠣᠯᠲᠠᠯ᠎ᠠ ᠭᠡᠭᠡᠨᠰᠦ᠋ᠮ᠎ᠡ ᠪᠠᠯᠭᠠᠰᠤᠨ ᠤ ᠭᠤᠣᠯ | ᠪᠣᠯᠬᠤ ᠲᠠᠷᠢᠮᠠᠯ ᠤᠨ ᠡᠰᠢ ᠰᠦᠷᠡᠯ ᠢ ᠨᠢᠭᠡᠨᠲᠡ 9 ᠲᠦᠮᠡ ᠭᠠᠷᠤᠶ ᠮᠥ ᠬᠤᠷᠢᠶᠠᠨ ᠠᠪᠴᠤ᠂ ᠵᠢᠯ ᠤᠨ ᠤᠨᠠᠯᠲᠠ ᠨᠢ | ᠪᠠᠷᠤᠭ 4 ᠲᠦᠮᠡᠨ ᠲᠣᠨ ᠳᠤ ᠬᠦᠷᠬᠦ ᠪᠣᠯᠤᠨ᠎ᠠ᠃ | ︽ᠲᠠᠷᠠᠭᠠᠴᠢ ᠶᠢᠨ ᠠᠯᠬᠤᠮ ᠳᠤ᠂ ᠪᠢᠳᠡ ᠤᠬᠠᠭᠤᠯᠬᠤ ᠪᠠ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠪᠣᠷᠳᠤᠭ᠎ᠠ᠂ ᠪᠣᠷᠲᠣᠭᠤᠷ᠂ ᠲᠦᠭᠦᠬᠡᠶ ᠮᠠᠲ᠋ᠧᠷᠢᠶᠠᠯ᠂ ᠲᠦᠯᠡᠰᠢ ᠵᠡᠷᠭᠡ ᠲᠠᠯ᠎ᠠ ᠶᠢᠨ ᠡᠰᠢ | ᠰᠦᠷᠡᠯ ᠤᠨ ᠶᠡᠷᠦᠩᠬᠡᠶᠢᠯᠡᠭᠰᠡᠨ ᠠᠰᠢᠭᠯᠠᠯᠲᠠ ᠶᠢᠨ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠠᠷᠢᠶᠠᠯᠠᠩ | ᠮᠠᠯ ᠠᠵᠤ ᠠᠬᠤᠶ ᠶᠢᠨ ᠠᠵᠤ ᠦᠢᠯᠡᠰ ᠤᠨ ᠦᠷᠭᠦᠯᠵᠢᠯᠡᠨ ᠪᠣᠬᠢᠷᠲᠤᠯ ᠥᠬᠡᠶ ᠬᠥᠭᠵᠢᠬᠦ ᠶᠢ ᠪᠡᠶᠡᠯᠡᠭᠦᠯᠦᠨ᠎ᠡ︾ ᠭᠡᠵᠦ | ᠭᠡᠭᠡᠨᠰᠦ᠋ᠮ᠎ᠡ ᠪᠠᠯᠭᠠᠰᠤᠨ ᠤ ᠳᠡᠳ᠋ ᠳᠠᠷᠤᠭ᠎ᠠ ᠤᠷᠭᠤᠭ᠎ᠠ ᠬᠡᠯᠡᠪᠡ᠃ |