| ● ᠵᠠᠩ ᠮᠠᠨ ᠴᠢᠤᠸᠠᠨ ᠡᠦ ᠰᠢᠤᠸᠠᠢ ᠮᠧᠢ ︵ᠦᠪᠦᠷ ᠮᠤᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ | ᠳᠤᠷᠠᠰᠬᠠᠯ ᠤᠨ ᠤᠷᠳᠤᠨ︶ | ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶᠠᠨ ᠤ ᠠᠵᠢᠯᠯᠠᠵᠦ ᠦᠩᠭᠡᠷᠡᠭᠰᠡᠨ ᠠᠯᠪᠠᠨ ᠭᠡᠷ — | ᠬᠢᠩᠭᠠᠨ ᠠᠶᠢᠮᠠᠭ ᠤᠨ ᠤᠯᠠᠭᠠᠨᠬᠤᠲᠠ ᠶᠢᠨ ᠬᠢᠩᠭᠠᠨ ᠬᠤᠶᠢᠲᠤ ᠵᠠᠮ ᠤᠨ 14 ᠳ᠋ᠦ᠋ᠭᠡᠷ ᠨᠣᠮᠧᠷ ᠲᠤ ᠪᠠᠶᠢᠷᠢᠯᠠᠵᠤ᠂ ᠲᠣᠰ | ᠪᠠᠷᠢᠯᠭ᠎ᠠ ᠶᠢ 1934 ᠣᠨ ᠳᠤ ᠡᠬᠢᠯᠡᠨ ᠪᠠᠶᠢᠭᠤᠯᠵᠤ᠂ ᠤᠤᠯ ᠨᠢ ᠬᠠᠭᠤᠷᠮᠠᠭ ᠮᠠᠨᠵᠤ ᠤᠯᠤᠰ ᠤᠨ ᠬᠢᠩᠭᠠᠨ ᠮᠤᠵᠢ ᠪᠣᠯᠤᠨ | ᠬᠢᠩᠭᠠᠨ ᠶᠡᠷᠦᠩᠬᠡᠶ ᠮᠤᠵᠢ ᠶᠢᠨ ᠠᠯᠪᠠᠨ ᠠᠰᠠᠷ ᠪᠠᠶᠢᠪᠠ᠃ 1947 ᠣᠨ ᠤ 7 ᠰᠠᠷ᠎ᠠ ᠶᠢᠨ 1 ᠤ ᠡᠳᠦᠷ ᠠᠴᠠ 1949 | ᠣᠨ ᠤ 12 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠡ᠊ᠨᠳᠡ ᠠᠵᠢᠯᠯᠠᠵᠤ | ᠪᠠᠶᠢᠭᠰᠠᠨ ᠠᠴᠠ ᠲᠤᠰ ᠨᠡᠷ᠎ᠡ ᠪᠠᠷ ᠨᠡᠷᠡᠯᠡᠪᠡ᠃ ᠡᠨᠡ ᠬᠦ ᠬᠥᠬᠡ ᠸᠠᠭᠠᠷ ᠤᠨ ᠪᠠᠷᠢᠯᠭ᠎ᠠ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠠᠴᠠ ᠥᠪᠥᠷ ᠮᠣᠩᠭᠤᠯ ᠤᠨ ᠡᠯ᠎ᠡ ᠦᠨᠳᠦᠰᠦᠲᠡᠨ ᠤ ᠠᠷᠠᠳ ᠲᠦᠮᠡᠨ ᠢ ᠤᠳᠤᠷᠢᠳᠤᠨ ᠭᠠᠵᠠᠷ ᠲᠠᠷᠢᠶᠠᠨ ᠤ | ᠥᠭᠡᠷᠡᠴᠢᠯᠡᠯᠲᠡ ᠪᠠ ᠮᠠᠯᠵᠢᠬᠤ ᠣᠷᠣᠨ ᠳᠤ ᠠᠷᠠᠳᠴᠢᠯᠠᠭᠰᠠᠨ ᠥᠭᠡᠷᠡᠴᠢᠯᠡᠯᠲᠡ ᠬᠢᠵᠤ᠂ ᠳᠡᠭᠡᠷᠡᠮᠴᠢᠳ ᠢ ᠱᠦᠭᠦᠷᠳᠡᠨ | ᠠᠷᠢᠯᠭᠠᠵᠤ᠂ ᠵᠡᠭᠦᠨ ᠬᠤᠶᠢᠲᠤ ᠣᠷᠣᠨ ᠤ ᠴᠢᠯᠥᠭᠡᠯᠡᠬᠦ ᠳᠠᠶᠢᠨ ᠢ ᠲᠡᠮᠵᠢᠵᠤ᠂ ᠦᠢᠯᠡᠳᠪᠦᠷᠢᠯᠡᠯ ᠢ ᠰᠡᠷᠭᠦᠭᠡᠨ | ᠬᠦᠭᠵᠢᠭᠦᠯᠤᠭ᠍ᠰᠡᠨ ᠤ ᠴᠢᠬᠤᠯᠠ ᠲᠡᠦᠬᠡᠨ ᠭᠡᠷᠡᠴᠢ ᠮᠥᠨ᠃ ᠣᠳᠣ ᠨᠢᠭᠡᠨᠲᠡ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠢ ᠪᠠ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ | ᠪᠤᠯᠵᠠᠢ᠃ ᠲᠡᠭᠡᠪᠡᠯ ︽ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ︾ ᠭᠡᠬᠦ ᠡᠨᠡ ᠬᠦ ᠪᠤᠰᠤᠳ | ᠣᠷᠣᠨ ᠨᠤᠲᠤᠭ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠤᠨᠴᠠᠯᠢᠭᠳᠠᠬᠤ ᠨᠡᠷ᠎ᠡ ᠨᠢ ᠶᠠᠭᠠᠬᠢᠵᠤ ᠢᠷᠡᠭᠰᠡᠨ ᠪᠣᠶ︖ | ᠴᠢᠯᠥᠭᠡᠯᠡᠬᠦ ᠲᠠᠶᠢᠨ ᠤ ᠡᠬᠢᠨ ᠤ ᠦᠶ᠎ᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠥᠪᠥᠷ ᠮᠣᠩᠭᠤᠯ ᠣᠷᠣᠨ ᠤ ᠬᠤᠪᠢᠰᠬᠠᠯᠲᠤ ᠲᠡᠮᠡᠴᠡᠯ ᠨᠢ ᠲᠤᠰ ᠲᠤᠰ ᠤᠨ | ᠣᠷᠤᠨ ᠪᠦᠰᠡ ᠳᠤ ᠬᠠᠷᠢᠶᠠᠯᠠᠭᠳᠠᠵᠤ᠂ ᠡᠯ᠎ᠡ ᠵᠡᠷᠭᠡᠯᠡᠳᠡᠭᠡ ᠴᠢᠯᠥᠭᠡᠯᠡᠭᠳᠡᠭᠰᠡᠨ ᠣᠷᠣᠨ ᠠᠴᠠ ᠰᠢᠭᠤᠳ ᠤᠳᠤᠷᠢᠳᠬᠤ | ᠠᠷᠭ᠎ᠠ ᠶᠢ ᠠᠪᠴᠤ᠂ ᠥᠪᠥᠷ ᠮᠣᠩᠭᠤᠯ ᠤᠨ ᠴᠢᠯᠥᠭᠡᠯᠡᠭᠳᠡᠭᠰᠡᠨ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠲᠠᠢ | ᠬᠠᠮᠲᠤ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠥᠭᠵᠢᠯᠲᠡ ᠶᠢ ᠠᠬᠢᠭᠤᠯᠵᠠᠢ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠬᠤ ᠠᠴᠠ ᠡᠮᠦᠨ᠎ᠡ᠂ ᠥᠪᠥᠷ ᠮᠣᠩᠭᠤᠯ ᠤᠨ | ᠳᠤᠮᠳᠠ᠂ ᠵᠡᠭᠦᠨ ᠬᠡᠰᠡᠭ ᠤᠨ ᠭᠠᠵᠠᠷ ᠣᠷᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠶᠢ | ᠤᠷᠢᠳ ᠬᠤᠵᠢᠳ ᠪᠠᠶᠢᠭᠤᠯᠵᠤ᠂ ᠨᠠᠮ ᠤᠨ ᠡᠩᠨᠡᠭᠡ ᠴᠦ ᠦᠳᠲᠡᠷ ᠲᠦᠷᠭᠡᠨ ᠥᠷᠭᠡᠵᠢᠪᠡ᠃ ᠡᠭᠦᠨ ᠳᠤ ᠮᠣᠩᠭᠤᠯ | ᠦᠨᠳᠦᠰᠦᠲᠡᠨ ᠤ ᠨᠠᠮ ᠤᠨ ᠭᠡᠰᠢᠭᠦᠨ 1946 ᠣᠨ ᠤ ᠡᠬᠢ ᠪᠠᠷ 100 ᠭᠠᠷᠤᠶ ᠪᠠᠶᠢᠭᠰᠠᠨ ᠠᠴᠠ ᠪᠠᠨ 1100 ᠭᠠᠷᠤᠶ | ᠪᠣᠯᠵᠤ᠂ ᠣᠯᠠᠩᠬᠢ ᠨᠢ ᠶᠠᠫᠣᠨ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ ᠤ ᠳᠠᠷᠠᠭ᠎ᠠ ᠨᠠᠮ ᠳᠤ ᠤᠷᠤᠭᠰᠠᠨ ᠪᠠᠶᠢᠨ᠎ᠠ᠃ | 1946 ᠣᠨ ᠤ 5 ᠰᠠᠷ᠎ᠠ ᠶᠢᠨ 26 ᠤ ᠡᠳᠦᠷ᠂ ᠵᠡᠭᠦᠨ ᠮᠣᠩᠭᠤᠯ ᠤᠨ ᠤᠳᠤᠷᠢᠳᠬᠤ ᠬᠥᠮᠦᠰ ᠦᠪᠦᠷ ᠮᠣᠩᠭᠤᠯ ᠤᠨ | ᠠᠷᠠᠳ ᠤᠨ ᠬᠤᠪᠢᠰᠬᠠᠯᠲᠤ ᠨᠠᠮ ᠢ ᠲᠠᠷᠬᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ | ᠬᠤᠯᠪᠣᠭᠠᠲᠤ ᠬᠤᠷᠠᠯ ᠤᠨ ᠵᠡᠭᠦᠨ ᠮᠣᠩᠭᠤᠯ ᠤᠨ ᠶᠡᠷᠦᠩᠬᠡᠶ ᠬᠤᠪᠢᠶᠠᠷᠢ ᠬᠤᠷᠠᠯ ᠢ ᠪᠠᠶᠢᠭᠤᠯᠪᠠ᠃ ᠭᠡᠪᠡᠴᠦ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠪᠠᠷ ᠪᠡᠯᠡᠳᠬᠡᠬᠦ ᠶᠠᠪᠤᠴᠠ ᠳᠤ᠂ ᠵᠡᠭᠦᠨ | ᠮᠣᠩᠭᠤᠯ ᠤᠨ ᠤᠳᠤᠷᠢᠳᠬᠤ ᠬᠥᠮᠦᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠤ ᠠᠳᠠᠯᠢ ᠪᠤᠰᠤ | ᠦᠵᠡᠯᠲᠡ ᠲᠠᠢ ᠪᠠᠶᠢᠵᠠᠢ᠃ ᠥᠪᠥᠷ ᠮᠣᠩᠭᠤᠯ ᠤᠨ ᠨᠡᠶᠢᠭᠡᠮ ᠤᠨ ᠪᠦᠷᠢᠯᠳᠦᠬᠦᠨ ᠨᠢ ᠳᠣᠲᠣᠷ᠎ᠠ ᠭᠠᠵᠠᠷ ᠲᠠᠢ ᠠᠳᠠᠯᠢ ᠦᠭᠡᠢ᠂ | ᠡᠪ ᠬᠠᠮᠲᠤ ᠨᠠᠮ ᠪᠣᠯ ᠦᠭᠡᠶᠢᠭᠦᠦ ᠠᠩᠭᠢ ᠶᠢᠨ ᠲᠦᠷᠦ ᠶᠢᠨ ᠨᠠᠮ᠂ ᠮᠠᠯᠴᠢᠨ ᠲᠠᠷᠢᠶᠠᠴᠢᠨ ᠢᠶᠠᠷ ᠠᠩᠭᠢ ᠶᠢᠨ ᠰᠠᠭᠤᠷᠢ | ᠪᠣᠯᠭᠠᠭᠰᠠᠨ ᠦᠪᠦᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠢ ᠪᠠᠶᠢᠭᠤᠯᠵᠤ᠂ ᠡᠯ᠎ᠡ ᠱᠠᠲᠤᠨ ᠤ ᠥᠪᠡᠷᠲᠡᠭᠡᠨ | ᠵᠠᠰᠠᠬᠤ ᠵᠠᠰᠠᠭ ᠤᠨ ᠣᠷᠳᠣᠨ ᠢ ᠤᠳᠤᠷᠢᠳᠬᠤ ᠴᠢᠬᠤᠯᠠᠲᠠᠢ ᠭᠡᠵᠦ ᠦᠵᠡᠵᠤ ᠪᠠᠶᠢᠪᠠ᠃ ᠲᠡᠳᠡᠨ ᠤ ᠦᠵᠡᠬᠦ ᠪᠠᠷ ᠥᠪᠥᠷ | ᠮᠣᠩᠭᠤᠯ ᠨᠢ ᠮᠣᠩᠭᠤᠯ ᠤᠯᠤᠰ ᠤᠨ ᠨᠡᠶᠢᠭᠡᠮ ᠤᠨ ᠪᠠᠶᠢᠳᠠᠯ ᠲᠠᠢ ᠠᠳᠠᠯᠢᠪᠲᠤᠷ ᠪᠠᠶᠢᠵᠤ᠂ ᠮᠣᠩᠭᠤᠯ ᠤᠯᠤᠰ ᠲᠤ ᠮᠣᠩᠭᠤᠯ | ᠠᠷᠠᠳ ᠤᠨ ᠬᠤᠪᠢᠰᠬᠠᠯᠲᠤ ᠨᠠᠮ ᠪᠠᠶᠢᠨ᠎ᠠ᠂ ᠥᠪᠥᠷ ᠮᠣᠩᠭᠤᠯ ᠴᠤ ᠦᠪᠦᠷ ᠮᠣᠩᠭᠤᠯ ᠤᠨ ᠠᠷᠠᠳ ᠤᠨ ᠬᠤᠪᠢᠰᠬᠠᠯᠲᠤ | ᠨᠠᠮ ᠢ ᠦᠯᠡᠳᠡᠭᠡᠪᠡᠯ ᠵᠣᠬᠢᠨ᠎ᠠ᠃ ᠲᠡᠳᠡ ᠳᠤᠮᠳᠠᠳᠤ ᠤᠯᠤᠰ ᠤᠨ ᠡᠪ ᠬᠠᠮᠲᠤ ᠨᠠᠮ ᠢ ᠬᠢᠲᠠᠳ ᠬᠥᠮᠦᠨ ᠤ ᠨᠠᠮ ᠭᠡᠵᠦ | ᠡ᠊ᠨᠳᠡᠭᠦᠷᠡᠪᠡ᠃ ᠡᠳᠡᠭᠡᠷ ᠦᠵᠡᠯᠲᠡ ᠨᠢ ᠲᠡᠳᠡᠨ ᠤ ᠵᠥᠪᠬᠡᠨ ᠦᠨᠳᠦᠰᠦᠲᠡᠨ ᠤ ᠥᠪᠡᠷᠲᠡᠭᠡᠨ ᠵᠠᠰᠠᠬᠤ ᠬᠦᠰᠡᠯ ᠡᠷᠡᠮᠡᠯᠵᠡᠯ | ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨᠵᠢ ᠴᠢᠨᠠᠷ᠂ ᠥᠪᠥᠷ ᠮᠣᠩᠭᠤᠯ ᠳᠠᠬᠢ ᠲᠡᠦᠬᠡᠨ ᠪᠠᠶᠢᠷᠢ | ᠰᠠᠭᠤᠷᠢ ᠵᠢᠴᠢ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠵᠠᠮ ᠳᠤ ᠮᠥᠨ ᠯᠡ ᠥᠷᠥᠭᠡᠰᠦᠯ | ᠦᠵᠡᠯᠲᠡ ᠲᠠᠢ ᠪᠠᠶᠢᠭᠰᠠᠨ ᠢ ᠬᠠᠷᠠᠭᠤᠯᠵᠤ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠡᠭᠦᠨ ᠳᠤ ᠲᠦᠢᠯ ᠤᠨ ᠪᠣᠯᠭᠤᠮᠵᠢᠲᠠᠶ ᠣᠪᠣᠷ ᠠᠪᠴᠤ᠂ ᠪᠦᠯᠬᠦᠮᠳᠡᠬᠦ ᠡᠭᠦᠳᠡᠨ ᠠᠴᠠ ᠡᠭᠦᠰᠴᠦ᠂ ᠤᠯᠠᠨ ᠤᠳᠠᠭ᠎ᠠ | ᠵᠢᠭᠠᠪᠤᠷᠢ ᠪᠠᠭᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠣᠷᠣᠨ ᠤ | ᠲᠣᠪᠴᠢᠶ᠎ᠠ᠂ ᠪᠠᠷᠠᠭᠤᠨ ᠮᠠᠨᠵᠤ ᠶᠢᠨ ᠬᠤᠪᠢᠶᠠᠷᠢ ᠲᠣᠪᠴᠢᠶ᠎ᠠ ᠪᠠ ᠥᠪᠥᠷ ᠮᠣᠩᠭᠤᠯ ᠣᠷᠣᠨ ᠤ ᠨᠠᠮ ᠤᠨ ᠵᠣᠬᠢᠶᠠᠨ | ᠪᠠᠶᠢᠭᠤᠯᠤᠯᠲᠠ ᠲᠠᠢ ᠲᠠᠬᠢᠨ ᠳᠠᠪᠲᠠᠨ ᠶᠠᠷᠢᠯᠴᠠᠵᠤ᠂ ᠡᠨᠡ ᠬᠦ ᠠᠰᠠᠭᠤᠳᠠᠯ ᠢ ᠲᠣᠬᠢᠲᠠᠶ ᠰᠢᠶ᠋ᠳᠪᠦᠷᠢᠯᠡᠬᠦ ᠪᠠᠷ ᠲᠣᠭᠲᠠᠪᠠ᠃ | 1947 ᠣᠨ ᠤ 3 ᠰᠠᠷ᠎ᠠ ᠶᠢᠨ 14 ᠤ ᠡᠳᠦᠷ᠂ ᠤᠯᠠᠭᠠᠨᠬᠦᠤ ᠠᠴᠠ ᠲᠥᠪ ᠬᠤᠷᠢᠶᠠᠨ ᠳᠤ ᠥᠭᠭᠦᠭᠰᠡᠨ ᠵᠢᠭᠠᠪᠤᠷᠢ ᠠᠪᠬᠤ | ᠴᠠᠬᠢᠯᠭᠠᠨ ᠮᠡᠳᠡᠭᠡ ᠳᠡᠭᠡᠨ᠄ ︽ᠨᠠᠮ ᠤᠨ ᠤᠳᠤᠷᠢᠳᠤᠯᠭ᠎ᠠ ᠶᠢᠨ ᠠᠰᠠᠭᠤᠳᠠᠯ ᠤᠨ ᠲᠤᠬᠠᠢ ᠪᠢᠳᠡ ᠥᠪᠥᠷ ᠮᠣᠩᠭᠤᠯ ᠤᠨ | ᠬᠤᠪᠢᠶᠠᠷᠢ ᠲᠣᠪᠴᠢᠶ᠎ᠠ ᠪᠤᠶᠤ ᠥᠪᠥᠷ ᠮᠣᠩᠭᠤᠯ ᠤᠨ ᠨᠠᠮ ᠤᠨ ᠬᠤᠷᠢᠶ᠎ᠠ ᠪᠠᠶᠢᠭᠤᠯᠬᠤ ᠳᠤᠷᠠᠳᠤᠯᠭ᠎ᠠ ᠭᠠᠷᠭᠠᠵᠤ᠂ ᠵᠡᠭᠦᠨ | ᠬᠤᠶᠢᠲᠤ ᠶᠢᠨ ᠲᠣᠪᠴᠢᠶᠠᠨ ᠤ ᠤᠳᠤᠷᠢᠳᠤᠯᠭ᠎ᠠ ᠶᠢ ᠬᠦᠯᠢᠶᠡᠨ᠎ᠡ︾ ᠭᠡᠵᠡᠢ᠃ 3 ᠰᠠᠷ᠎ᠠ ᠶᠢᠨ 23 ᠤ ᠡᠳᠦᠷ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ᠄ ︽ᠥᠪᠥᠷ ᠮᠣᠩᠭᠤᠯ ᠤᠨ ᠠᠷᠠᠳ ᠲᠦᠮᠡᠨ ᠤ ᠳᠤᠮᠳᠠᠬᠢ | ᠳᠠᠪᠰᠢᠩᠭᠤᠢ ᠬᠥᠮᠦᠰ ᠢ ᠳᠤᠮᠳᠠᠳᠤ ᠤᠯᠤᠰ ᠤᠨ ᠡᠪ ᠬᠠᠮᠲᠤ ᠨᠠᠮ ᠳᠤ ᠢᠯᠡᠭᠦᠬᠡᠨ ᠣᠷᠣᠭᠤᠯᠬᠤ ᠶᠢᠨ ᠬᠠᠮᠲᠤ ᠨᠠᠮ ᠤᠨ | ᠬᠥᠮᠦᠵᠢᠯ ᠬᠦᠷᠲᠡᠭᠡᠵᠦ᠂ ᠵᠣᠬᠢᠬᠤ ᠬᠥᠮᠦᠨ ᠤ ᠲᠤᠭ᠎ᠠ ᠳᠤ ᠬᠦᠷᠦᠭᠰᠡᠨ ᠤ ᠳᠠᠷᠠᠭ᠎ᠠ᠂ ᠥᠪᠥᠷ ᠮᠣᠩᠭᠤᠯ ᠤᠨ ᠡᠪ ᠬᠠᠮᠲᠤ | ᠨᠠᠮ ᠢ ᠪᠠᠶᠢᠭᠤᠯᠬᠤ ᠪᠠᠷ ᠵᠠᠷᠯᠠᠬᠤ ᠬᠡᠷᠡᠭᠲᠡᠢ᠃ ᠣᠳᠣᠬᠠᠨ ᠳᠤ ᠥᠪᠥᠷ ᠮᠣᠩᠭᠤᠯ ᠤᠨ ᠨᠠᠮ ᠤᠨ ᠤᠳᠤᠷᠢᠳᠬᠤ | ᠪᠠᠶᠢᠭᠤᠯᠭ᠎ᠠ ᠳᠤ ᠥᠪᠥᠷ ᠮᠣᠩᠭᠤᠯ ᠤᠨ ᠠᠵᠢᠯ ᠤᠨ ᠵᠥᠪᠯᠡᠯ ᠪᠠᠶᠢᠭᠤᠯᠵᠤ ᠪᠣᠯᠤᠨ᠎ᠠ᠂ ᠲᠤᠬᠠᠶᠢᠯᠠᠪᠠᠯ ᠶᠦᠨ ᠽᠧ | ᠨᠥᠬᠦᠷ ᠢᠶᠠᠷ ᠱᠦᠵᠢ ᠪᠣᠯᠭᠠᠵᠤ᠂ ᠵᠡᠭᠦᠨ ᠬᠤᠶᠢᠲᠤ ᠶᠢᠨ ᠲᠣᠪᠴᠢᠶ᠎ᠠ ᠪᠤᠶᠤ ᠪᠠᠷᠠᠭᠤᠨ ᠮᠠᠨᠵᠤ ᠶᠢᠨ ᠬᠤᠪᠢᠶᠠᠷᠢ | ᠲᠣᠪᠴᠢᠶᠠᠨ ᠤ ᠤᠳᠤᠷᠢᠳᠤᠯᠭ᠎ᠠ ᠶᠢ ᠬᠦᠯᠢᠶᠡᠨ᠎ᠡ︾ ᠭᠡᠵᠤ ᠵᠢᠭᠠᠪᠤᠷᠢᠯᠠᠵᠠᠢ᠃ 4 ᠰᠠᠷ᠎ᠠ ᠶᠢᠨ 1 ᠤ ᠡᠳᠦᠷ᠂ ᠵᠡᠭᠦᠨ | ᠬᠤᠶᠢᠲᠤ ᠶᠢᠨ ᠲᠣᠪᠴᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠳᠤ ᠴᠠᠬᠢᠯᠭᠠᠨ ᠮᠡᠳᠡᠭᠡ | ᠶᠠᠪᠤᠭᠤᠯᠵᠤ᠄ ︽ᠦᠪᠦᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠤᠨ ᠠᠰᠠᠭᠤᠳᠠᠯ ᠢ ᠨᠠᠷᠢᠨ ᠬᠢᠨᠠᠮᠠᠭᠠᠶ | ᠪᠣᠳᠣᠯᠬᠢᠯᠠᠵᠤ᠂ ᠥᠪᠥᠷ ᠮᠣᠩᠭᠤᠯ ᠤᠨ ᠡᠪ ᠬᠠᠮᠲᠤ ᠨᠠᠮ ᠨᠢ ᠨᠡᠯᠢᠶᠡᠳ ᠤᠯᠠᠨ ᠲᠦᠮᠡᠨᠴᠢ ᠰᠠᠭᠤᠷᠢ ᠲᠠᠢ ᠪᠣᠯᠬᠤᠷ ᠵᠡᠭᠦᠨ | ᠮᠣᠩᠭᠤᠯ ᠤᠨ ᠤᠳᠤᠷᠢᠳᠬᠤ ᠬᠥᠮᠦᠰ ᠰᠢᠯᠭᠠᠯᠲᠠ ᠪᠠᠷ ᠳᠠᠮᠵᠢᠨ ᠮᠠᠨ ᠤ ᠨᠠᠮ ᠳᠤ ᠤᠯᠠᠮ ᠨᠢᠭᠡ ᠠᠯᠬᠤᠮ ᠣᠶᠢᠷᠠᠲᠤᠬᠤ | ᠦᠶ᠎ᠡ ᠳᠤ᠂ ᠪᠠᠶᠢᠳᠠᠯ ᠢ ᠳᠠᠬᠢᠨ ᠲᠣᠭᠲᠠᠭᠠᠬᠤ ᠴᠢᠬᠤᠯᠠᠲᠠᠶ ᠡᠰᠡᠬᠦ ᠶᠢ ᠦᠵᠡᠬᠦ ᠬᠡᠷᠡᠭᠲᠡᠶ︾ ᠭᠡᠵᠡᠢ᠃ | 1947 ᠣᠨ ᠤ 4 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ | ᠬᠤᠷᠠᠯᠳᠤᠵᠤ᠂ ᠵᠡᠭᠦᠨ ᠮᠣᠩᠭᠤᠯ ᠤᠨ ᠤᠳᠤᠷᠢᠳᠬᠤ ᠬᠥᠮᠦᠰ ᠳᠠᠬᠢᠨ ᠳᠠᠪᠲᠠᠨ ᠶᠠᠷᠢᠵᠤ᠂ ᠥᠪᠥᠷ ᠮᠣᠩᠭᠤᠯ ᠤᠨ | ᠠᠷᠠᠳ ᠤᠨ ᠬᠤᠪᠢᠰᠬᠠᠯᠲᠤ ᠨᠠᠮ ᠠᠴᠠ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠤᠳᠤᠷᠢᠳᠤᠨ᠎ᠠ ᠭᠡᠵᠦ ᠳᠤᠷᠠᠳᠴᠤ᠂ | ᠲᠥᠯᠥᠭᠡᠯᠡᠭᠴᠢᠳ ᠬᠤᠷᠴᠠ ᠰᠢᠷᠦᠭᠦᠨ ᠮᠠᠷᠭᠤᠯᠳᠤᠭᠠᠨ ᠥᠷᠨᠢᠭᠦᠯᠪᠡ᠃ ᠶᠦᠨ ᠽᠧ᠂ ᠯᠢᠦ ᠴᠦᠨ ᠨᠡᠷ ᠲᠣᠳᠣᠷᠬᠠᠶ | ᠵᠢᠭᠠᠵᠤ ᠭᠠᠷᠭᠠᠬᠤ ᠳᠠᠭᠠᠨ᠄ ᠠᠳᠠᠯᠢ ᠨᠢᠭᠡ ᠤᠯᠤᠰ᠂ ᠠᠳᠠᠯᠢ ᠨᠢᠭᠡ ᠨᠡᠶᠢᠭᠡᠮ ᠳᠤ ᠡᠯ᠎ᠡ ᠦᠨᠳᠦᠰᠦᠲᠡᠨ ᠤ ᠳᠣᠲᠣᠷ᠎ᠠ ᠲᠤᠰ | ᠲᠤᠰ ᠤᠨ ᠦᠭᠡᠶᠢᠭᠦᠤ ᠠᠩᠭᠢ ᠶᠢ ᠪᠤᠢ ᠪᠣᠯᠭᠠᠵᠤ ᠴᠢᠳᠠᠬᠤ ᠦᠭᠡᠢ᠂ ᠳᠤᠮᠳᠠᠳᠤ ᠤᠯᠤᠰ ᠤᠨ ᠬᠢᠯᠢ ᠳᠣᠲᠣᠷᠠᠬᠢ ᠠᠯᠢ ᠴᠤ | ᠦᠨᠳᠦᠰᠦᠲᠡᠨ ᠭᠡᠳ ᠭᠠᠭᠴᠠᠭᠠᠷ ᠢᠶᠠᠨ ᠥᠪᠡᠷ ᠤᠨ ᠦᠨᠳᠦᠰᠦᠲᠡᠨ ᠤ ᠦᠭᠡᠶᠢᠭᠦᠤ ᠠᠩᠭᠢ ᠶᠢ ᠪᠤᠢ ᠪᠣᠯᠭᠠᠵᠤ ᠴᠢᠳᠠᠬᠤ | ᠦᠭᠡᠢ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠦᠭᠡᠶᠢᠭᠦᠤ ᠠᠩᠭᠢ ᠶᠢᠨ ᠲᠦᠷᠦ ᠶᠢᠨ | ᠨᠠᠮ ᠮᠥᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ ᠶᠢ ᠲᠥᠯᠥᠭᠡᠯᠡᠬᠦ ᠠᠴᠠ | ᠪᠢᠰᠢ᠂ ᠠᠯᠢ ᠨᠢᠭᠡᠨ ᠦᠨᠳᠦᠰᠦᠲᠡᠨ ᠤ ᠨᠠᠮ ᠪᠢᠰᠢ ᠶᠤᠮ᠃ ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠬᠥᠳᠡᠯᠭᠡᠭᠡᠨ ᠰᠠᠶ᠋ᠢ ᠢᠯᠠᠯᠲᠠ ᠲᠠᠢ | ᠤᠷᠤᠭᠰᠢᠯᠠᠵᠤ ᠴᠢᠳᠠᠨ᠎ᠠ ᠭᠡᠳᠡᠭ ᠢ ᠪᠣᠳᠠᠲᠤ ᠶᠠᠪᠤᠳᠠᠯ ᠭᠡᠷᠡᠴᠢᠯᠡᠪᠡ᠃ ᠵᠡᠭᠦᠨ ᠮᠣᠩᠭᠤᠯ ᠤᠨ ᠤᠳᠤᠷᠢᠳᠬᠤ ᠬᠥᠮᠦᠰ | ᠬᠡᠳᠦ᠋ᠢᠪᠡᠷ ᠡᠳᠡᠭᠡᠷ ᠵᠣᠷᠢᠯᠲᠠ ᠶᠢ ᠬᠦᠯᠢᠶᠡᠨ ᠠᠪᠤᠭᠰᠠᠨ ᠪᠣᠯᠪᠠᠴᠤ ᠥᠪᠥᠷ ᠮᠣᠩᠭᠤᠯ ᠳᠤ ᠡᠪ ᠬᠠᠮᠲᠤ ᠨᠠᠮ ᠤᠨ ᠠᠵᠢᠯ ᠤᠨ | ᠬᠤᠷᠢᠶ᠎ᠠ ᠪᠠᠶᠢᠭᠤᠯᠤᠭᠰᠠᠨ ᠴᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠᠶᠢᠭᠤᠯᠬᠤ ᠦᠭᠡᠢ᠂ ᠨᠠᠮ ᠤᠨ ᠭᠡᠰᠢᠭᠦᠨ | ᠡᠯᠰᠡᠬᠦ ᠦᠭᠡᠢ᠂ ᠦᠪᠦᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠠᠴᠠ ᠥᠪᠥᠷ ᠮᠣᠩᠭᠤᠯ ᠤᠨ ᠡᠯ᠎ᠡ ᠲᠦᠷᠦᠯ ᠤᠨ | ᠠᠵᠢᠯ ᠢ ᠰᠢᠭᠤᠳ ᠤᠳᠤᠷᠢᠳᠤᠨ᠎ᠠ ᠭᠡᠰᠡᠨ ᠳᠤᠷᠠᠳᠤᠯᠭ᠎ᠠ ᠭᠠᠷᠭᠠᠵᠠᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠤ ᠲᠠᠷᠠᠭ᠎ᠠ᠂ ᠤᠯᠠᠭᠠᠨᠬᠦᠤ | ᠤᠯᠠᠨ ᠤᠳᠠᠭ᠎ᠠ ᠨᠠᠮ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠹᠦᠩᠭ᠎ᠠ᠂ ᠯᠢᠦ ᠴᠦᠨ᠂ ᠵᠠᠩ ᠼᠧ᠂ ᠲᠡᠮᠦᠷᠪᠠᠭᠠᠨ᠎ᠠ | ᠂ ᠹᠠᠩ ᡁᠢ ᠳ᠋ᠡ᠂ ᠠᠰᠬᠠᠨ᠂ ᠬᠤ᠋ ᠵᠤᠤ ᠾᠧᠩ᠂ ᠫᠣᠩᠰᠤᠭ ᠨᠠᠷ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠥᠪᠥᠷ | ᠮᠣᠩᠭᠤᠯ ᠤᠨ ᠠᠵᠢᠯ ᠢ ᠠᠯᠢ ᠨᠢᠭᠡᠨ ᠨᠠᠮ ᠤᠨ ᠤᠳᠤᠷᠢᠳᠬᠤ ᠠᠰᠠᠭᠤᠳᠠᠯ ᠳᠤ ᠰᠠᠨᠠᠯ ᠢᠶᠠᠨ ᠰᠢᠭᠤᠳ ᠰᠣᠯᠢᠯᠴᠠᠵᠤ᠂ | ᠬᠦᠯᠢᠴᠡᠩᠭᠦᠶ ᠨᠠᠷᠢᠨ ᠨᠢᠮᠪᠠᠶ ᠢᠳᠬᠠᠬᠤ ᠠᠵᠢᠯ ᠢᠶᠠᠷ ᠳᠠᠮᠵᠢᠨ᠂ ᠬᠠᠹᠦᠩᠭ᠎ᠠ ᠵᠡᠷᠭᠡ ᠪᠠᠷ ᠲᠥᠯᠥᠭᠡᠯᠡᠭᠦᠯᠦᠭᠰᠡᠨ ᠵᠡᠭᠦᠨ | ᠮᠣᠩᠭᠤᠯ ᠤᠨ ᠤᠳᠤᠷᠢᠳᠬᠤ ᠬᠥᠮᠦᠰ ᠨᠠᠮ ᠤᠨ ᠳᠣᠲᠣᠭᠠᠳᠤ ᠶᠢᠨ ᠨᠥᠬᠦᠳ ᠤᠨ ᠬᠠᠪᠰᠤᠷᠤᠯᠭ᠎ᠠ ᠪᠠ ᠢᠳᠬᠠᠯ ᠢ ᠬᠦᠯᠢᠶᠡᠨ | ᠠᠪᠴᠤ᠂ ᠴᠢᠩ ᠦᠨᠡᠨᠴᠢ ᠪᠠᠷ ᠥᠪᠡᠷ ᠤᠨ ᠰᠢᠭᠦᠮᠵᠢᠯᠡᠯ ᠬᠢᠵᠦ᠂ ᠦᠪᠦᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠢ | ᠰᠡᠷᠭᠦᠭᠡᠬᠦ ᠵᠣᠷᠢᠯᠲᠠ ᠶᠢ ᠲᠠᠶᠠᠭᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠵᠠᠷᠴᠢᠮᠲᠤ | ᠵᠣᠭᠰᠣᠯᠲᠠ ᠶᠢ ᠬᠦᠯᠢᠶᠡᠨ᠂ ᠦᠨᠳᠦᠰᠦᠲᠡᠨ ᠤ ᠦᠵᠡᠯᠲᠡᠨ ᠠᠴᠠ ᠮᠠᠷᠺᠰ ᠤᠨ ᠦᠵᠡᠯᠳᠠᠨ ᠪᠤᠯᠪᠠ᠃ | 1947 ᠣᠨ ᠤ 5 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠵᠡᠭᠦᠨ ᠬᠤᠶᠢᠲᠤ ᠣᠷᠣᠨ ᠤ ᠳᠤᠪᠴᠢᠶ᠎ᠠ ᠠᠴᠠ᠄ ︽ᠥᠪᠥᠷ ᠮᠣᠩᠭᠤᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠥᠪᠥᠷ | ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠭᠡᠵᠦ ᠨᠡᠷᠡᠯᠡᠵᠦ ᠪᠣᠯᠤᠨ᠎ᠠ︾ ᠭᠡᠵᠤ ᠵᠢᠭᠠᠪᠤᠷᠢᠯᠠᠵᠠᠢ᠃ ᠡᠨᠡ ᠪᠣᠯ | ᠠᠷᠭ᠎ᠠ ᠪᠤᠳᠤᠯᠭ᠎ᠠ ᠶᠢᠨ ᠦᠵᠡᠯ ᠰᠠᠨᠠᠭ᠎ᠠ ᠲᠠᠢ ᠣᠨᠴᠠᠭᠠᠢ ᠨᠡᠷᠡᠶᠢᠳᠦᠯ ᠮᠥᠨ᠂ ᠲᠡᠷᠡ ᠨᠢ ᠪᠤᠰᠤᠳ ᠭᠠᠵᠠᠷ ᠣᠷᠣᠨ ᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠢᠯᠭᠠᠭᠳᠠᠬᠤ ᠳᠦᠷᠢᠮᠵᠢᠯ ᠲᠠᠢ ᠨᠡᠷᠡᠶᠢᠳᠦᠯ ᠮᠥᠨ᠂ | ᠲᠡᠷᠡ ᠨᠢ ᠥᠪᠥᠷ ᠮᠣᠩᠭᠤᠯ ᠤᠨ ᠦᠨᠳᠦᠰᠦᠲᠡᠨ ᠤ ᠣᠨᠴᠠᠯᠢᠭ ᠪᠠ ᠭᠠᠵᠠᠷ ᠣᠷᠣᠨ ᠤ ᠣᠨᠴᠠᠯᠢᠭ ᠠᠴᠠ ᠡᠭᠦᠰᠴᠦ | ᠳᠤᠷᠠᠳᠤᠨ ᠭᠠᠷᠭᠠᠭᠰᠠᠨ ᠶᠤᠮ᠂ ᠡᠨᠡ ᠬᠦ ᠨᠡᠷᠡᠶᠢᠳᠦᠯ ᠨᠢ ᠲᠤᠬᠠᠢ ᠶᠢᠨ ᠦᠶ᠎ᠡ ᠶᠢᠨ ᠮᠣᠩᠭᠤᠯ ᠦᠨᠳᠦᠰᠦᠲᠡᠨ ᠤ | ᠬᠤᠪᠢᠰᠬᠠᠯᠴᠢᠳ ᠪᠠ ᠬᠤᠪᠢᠰᠬᠠᠯᠲᠤ ᠵᠠᠯᠠᠭᠤᠴᠤᠳ ᠤᠨ ᠬᠦᠯᠢᠶᠡᠨ ᠠᠪᠬᠤ ᠳᠤ ᠳᠥᠭᠦᠮ ᠪᠠᠶᠢᠵᠤ᠂ ᠦᠪᠦᠷ ᠮᠣᠩᠭᠤᠯ ᠤᠨ | ᠠᠷᠠᠳ ᠤᠨ ᠬᠤᠪᠢᠰᠬᠠᠯᠲᠤ ᠨᠠᠮ ᠤᠨ ᠠᠰᠠᠭᠤᠳᠠᠯ ᠢ ᠵᠣᠬᠢᠰᠲᠠᠢ ᠰᠢᠢᠳᠪᠦᠷᠢᠯᠡᠬᠦ ᠮᠡᠷᠭᠡᠨ ᠪᠤᠳᠤᠯᠭ᠎ᠠ ᠮᠥᠨ᠃ 5 ᠰᠠᠷ᠎ᠠ ᠶᠢᠨ | 26 ᠤ ᠡᠳᠦᠷ᠂ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯᠯᠠᠬᠤ ᠬᠤᠷᠢᠶ᠎ᠠ ᠵᠢᠩᠬᠢᠨᠢ ᠪᠠᠷ ᠪᠠᠶᠢᠭᠤᠯᠤᠭᠳᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠶᠢᠨ ᠳᠤᠪᠴᠢᠶ᠎ᠠ ᠶᠦᠨ ᠽᠧ ᠶᠢ | ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠪᠠᠷ ᠲᠣᠮᠢᠯᠠᠵᠤ᠂ ᠯᠢᠦ ᠴᠦᠨ᠂ ᠺᠦᠢ ᠪᠢ | ᠂ ᠬᠥᠭᠦᠷᠭᠡ ︵ᠺᠧ ᠯᠢ ᠭᠧᠩ︶᠂ ᠸᠠᠩ ᠽᠠᠢ ᠲᠢᠶᠠᠨ᠂ ᠸᠠᠩ ᠢ ᠯᠦᠨ᠂ ᠬᠠᠹᠦᠩᠭ᠎ᠠ᠂ ᠲᠡᠮᠦᠷᠪᠠᠭᠠᠨ᠎ᠠ᠂ ᠸᠠᠩ | ᠳ᠋ᠦᠸᠧ ᠶᠢ ᠭᠡᠰᠢᠭᠦᠨ ᠢᠶᠠᠷ ᠲᠣᠮᠢᠯᠠᠵᠤ᠂ ᠵᠠᠶᠠᠭᠠᠲᠠᠢ᠂ ᠠᠰᠬᠠᠨ ᠢ ᠣᠷᠣᠯᠠᠭᠴᠢ ᠭᠡᠰᠢᠭᠦᠨ ᠢᠶᠠᠷ ᠲᠣᠮᠢᠯᠠᠵᠤ᠂ ᠹᠠᠩ ᡁᠢ | ᠳ᠋ᠡ ᠶᠢ ᠨᠠᠷᠢᠨ ᠪᠢᠴᠢᠭ ᠤᠨ ᠳᠠᠷᠤᠭ᠎ᠠ ᠪᠠᠷ ᠲᠣᠮᠢᠯᠠᠪᠠ᠃ 6 ᠰᠠᠷ᠎ᠠ ᠶᠢᠨ 2 ᠤᠨ ᠡᠳᠦᠷ᠂ ᠥᠪᠥᠷ ᠮᠣᠩᠭᠤᠯ ᠤᠨ ᠡᠪ | ᠬᠠᠮᠲᠤ ᠨᠠᠮ ᠤᠨ ᠠᠵᠢᠯ ᠤᠨ ᠬᠤᠷᠢᠶ᠎ᠠ ︽ᠨᠠᠮ ᠪᠠᠶᠢᠭᠤᠯᠬᠤ ᠠᠰᠠᠭᠤᠳᠠᠯ ᠵᠢᠴᠢ ᠨᠠᠮ ᠤᠨ ᠳᠣᠲᠣᠭᠠᠳᠤ ᠶᠢᠨ ᠪᠦᠯᠬᠦᠮᠳᠡᠯ ᠤᠨ | ᠲᠤᠬᠠᠶ ᠰᠢᠶ᠋ᠳᠪᠦᠷᠢ︾ ᠶᠢ ᠭᠠᠷᠭᠠᠵᠤ᠂ ︽ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠨᠢᠭᠡᠨᠲᠡ | ᠪᠠᠶᠢᠭᠤᠯᠤᠭᠳᠠᠪᠠ᠂ ᠡᠭᠦᠨ ᠠᠴᠠ ᠤᠨᠳᠤᠤ ᠭᠠᠳᠠᠭᠤᠷ ᠨᠠᠮ ᠪᠠᠶᠢᠭᠤᠯᠬᠤ ᠶᠢ ᠵᠦᠪᠰᠢᠶᠡᠷᠡᠬᠦ ᠦᠭᠡᠢ᠃ ᠪᠦᠬᠦ ᠨᠠᠮ ᠤᠨ | ᠭᠡᠰᠢᠭᠦᠨ ᠨᠠᠮ ᠤᠨ ᠰᠢᠶ᠋ᠳᠪᠦᠷᠢ ᠶᠢ ᠡᠷᠡᠰ ᠬᠡᠷᠡᠭᠵᠢᠭᠦᠯᠵᠦ᠂ ᠨᠠᠮ ᠤᠨ ᠳᠣᠲᠣᠭᠠᠳᠤ ᠶᠢᠨ ᠪᠦᠯᠬᠦᠮᠳᠡᠯ ᠢ ᠴᠢᠩᠭᠠᠳᠬᠠᠵᠤ᠂ | ᠴᠢᠩᠭ᠎ᠠ ᠵᠣᠬᠢᠶᠠᠨ ᠪᠠᠶᠢᠭᠤᠯᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠠᠯᠬᠤᠭ᠎ᠠ ᠪᠠᠨ ᠨᠢᠭᠡᠳᠬᠡᠵᠦ᠂ ᠠᠭᠤᠤ ᠶᠡᠭᠡ | ᠪᠥᠭᠡᠳ ᠬᠠᠲᠠᠭᠤ ᠪᠡᠷᠬᠡ ᠬᠤᠪᠢᠰᠬᠠᠯᠲᠤ ᠲᠡᠮᠡᠴᠡᠯ ᠢ ᠤᠭᠲᠤᠬᠤ ᠬᠡᠷᠡᠭᠲᠡᠶ︾ ᠭᠡᠵᠡᠢ᠃ | 7 ᠰᠠᠷ᠎ᠠ ᠶᠢᠨ 1 ᠤ ᠡᠳᠦᠷ᠂ ᠸᠠᠩ ᠤᠨ ᠰᠦᠮ᠎ᠡ ︵ᠣᠲᠣ ᠶᠢᠨ ᠤᠯᠠᠭᠠᠨᠬᠤᠲᠠ︶ ᠳᠤ ᠬᠤᠷᠠᠯᠳᠤᠭᠤᠯᠤᠭᠰᠠᠨ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 26 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠶᠦᠨ ᠽᠧ | ᠨᠦᠬᠦᠷ ᠶᠠᠷᠢᠶ᠎ᠠ ᠲᠠᠯᠪᠢᠵᠤ ︽ᠥᠨᠥᠳᠦᠷ ᠪᠣᠯ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠶᠢᠨ | ᠮᠡᠨᠳᠦᠯᠡᠭᠰᠡᠨ ᠡᠳᠦᠷ ᠮᠥᠨ︾ ᠭᠡᠵᠤ ᠲᠤᠩᠬᠠᠭᠯᠠᠵᠠᠢ᠃ 7 ᠰᠠᠷ᠎ᠠ ᠶᠢᠨ 9 ᠤ ᠡᠳᠦᠷ᠂ ᠤᠯᠠᠭᠠᠨᠬᠤᠲᠠ ᠳᠤ ᠶᠠᠪᠤᠭᠳᠠᠭᠰᠠᠨ | ᠣᠯᠠᠨ ᠲᠦᠮᠡᠨ ᠤ ᠶᠡᠭᠡ ᠬᠤᠷᠠᠯ ᠳᠡᠭᠡᠷ᠎ᠡ᠂ ᠶᠦᠨ ᠽᠧ ᠠᠴᠠ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ | ᠬᠤᠷᠢᠶ᠎ᠠ ᠪᠠᠶᠢᠭᠤᠯᠤᠭᠳᠠᠭᠰᠠᠨ ᠢ ᠢᠯᠡ ᠪᠠᠷ ᠵᠠᠷᠯᠠᠪᠠ᠃ ᠡᠨᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠳᠠᠬᠢ ᠤᠳᠤᠷᠢᠳᠬᠤ ᠪᠠᠶᠢᠷᠢ ᠰᠠᠭᠤᠷᠢ ᠲᠣᠭᠲᠠᠵᠤ᠂ ᠥᠪᠥᠷ ᠮᠣᠩᠭᠤᠯ ᠤᠨ ᠨᠠᠮ ᠤᠨ ᠵᠣᠬᠢᠶᠠᠨ ᠪᠠᠶᠢᠭᠤᠯᠤᠯᠲᠠ | ᠪᠠᠲᠤ ᠴᠢᠩᠭ᠎ᠠ᠂ ᠨᠢᠭᠡᠳᠦᠯᠲᠡᠢ ᠬᠠᠮᠲᠤ ᠨᠡᠶᠢᠲᠡ ᠪᠤᠯᠵᠤ ᠪᠦᠷᠢᠯᠳᠦᠵᠤ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠥᠪᠥᠷ | ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠪᠠᠶᠢᠭᠤᠯᠤᠭᠳᠠᠭᠰᠠᠨ ᠨᠢ ᠥᠪᠥᠷ ᠮᠣᠩᠭᠤᠯ ᠣᠷᠣᠨ ᠤ ᠮᠣᠩᠭᠤᠯ | ᠬᠢᠲᠠᠳ ᠦᠨᠳᠦᠰᠦᠲᠡᠨ ᠨᠦᠭᠦᠳ ᠤᠨ ᠠᠷᠠᠳ ᠲᠦᠮᠡᠨ᠂ ᠢᠯᠠᠩᠭᠤᠶ᠎ᠠ ᠥᠷᠭᠡᠨ ᠣᠯᠠᠨ ᠮᠣᠩᠭᠤᠯ ᠦᠨᠳᠦᠰᠦᠲᠡᠨ ᠤ | ᠵᠠᠯᠠᠭᠤᠴᠤᠳ ᠤᠨ ᠬᠠᠯᠠᠭᠤᠨ ᠬᠦᠷᠢᠶᠡᠯᠡᠯ ᠢ ᠣᠯᠵᠤ᠂ ᠥᠪᠥᠷ ᠮᠣᠩᠭᠤᠯ ᠤᠨ ᠬᠤᠪᠢᠰᠬᠠᠯ ᠤᠨ ᠦᠢᠯᠡᠰ ᠤᠨ | ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ |